1. ᠰᠥᠰᠥᠨ ᠤ ᠭᠤᠨᠠᠨ ᠠᠯᠺᠣᠣᠯ ᠤᠨ ᠠᠭᠤᠯᠤᠭᠳᠠᠴᠠ ᠥᠨᠳᠥᠷ ᠢᠳᠡᠭᠡᠨ | ᠰᠥᠰᠥᠨ ᠤ ᠭᠤᠨᠠᠨ ᠠᠯᠺᠣᠣᠯ ᠤᠨ ᠠᠭᠤᠯᠤᠭᠳᠠᠴᠠ ᠪᠠᠷ ᠨᠡᠯᠢᠶᠡᠳ ᠥᠨᠳᠥᠷ ᠢᠳᠡᠭᠡᠨ ᠳᠤ ᠠᠮᠢᠲᠠᠨ ᠤ ᠳᠣᠲᠣᠷ ᠡᠷᠬᠡᠲᠡᠨ᠂ ᠥᠭᠡᠬᠦ᠂ ᠥᠳᠬᠡᠨ ᠱᠥᠯᠥ᠂ | ᠨᠠᠶᠢᠮᠠᠯᠵᠢ ᠶᠢᠨ ᠰᠢᠷ᠎ᠠ ᠵᠡᠷᠭᠡ ᠪᠠᠭᠲᠠᠨ᠎ᠠ᠂ ᠡᠲᠡᠭᠡᠷ ᠢᠳᠡᠭᠡᠨ ᠨᠢ ᠬᠡᠳᠦᠶ ᠠᠮᠲᠠᠲᠠᠶ ᠪᠠᠶᠢᠭᠰᠠᠨ ᠴᠤ ᠠᠮᠠ ᠪᠠᠨ ᠪᠠᠷᠢᠬᠤ ᠬᠡᠷᠡᠭᠲᠡᠶ᠃ | 2. ᠫᠢᠸᠣ᠋ | ᠶᠡᠷᠦ ᠠᠴᠠ ᠠᠷᠢᠬᠢ ᠨᠢ ᠴᠢᠰᠤᠨ ᠰᠤᠳᠠᠯ ᠢ ᠭᠡᠮᠲᠦᠭᠡᠳᠡᠭ᠂ ᠫᠢᠸᠤ᠋ ᠳᠤ ᠪᠠᠰᠠ ᠨᠡᠯᠢᠶᠡᠳ ᠥᠨᠳᠥᠷ ᠢᠯᠴᠢ ᠶᠢᠨ ᠬᠡᠮᠵᠢᠶ᠎ᠡ ᠠᠭᠤᠯᠳᠠᠭ᠂ ᠡᠨᠡ ᠨᠢ ᠴᠢᠰᠤᠨ ᠤ | ᠥᠭᠡᠬᠦ ᠥᠨᠳᠥᠷ ᠬᠥᠮᠦᠨ ᠳᠤ ᠠᠪᠴᠤ ᠬᠡᠯᠡᠪᠡᠯ᠂ ᠴᠢᠰᠤᠨ ᠰᠤᠳᠠᠯ ᠢ ᠨᠡᠩ ᠠᠮᠠᠷᠬᠠᠨ ︽ᠪᠥᠭᠯᠡᠷᠡᠭᠦᠯᠵᠤ︾ ᠮᠡᠳᠡᠨ᠎ᠡ᠃ ᠪᠠᠰᠠ᠂ ᠫᠢᠸᠤ᠋ ᠤᠤᠭᠤᠬᠤ ᠳᠤ ᠠᠮᠠᠷᠬᠠᠨ | ᠰᠣᠭᠲᠣᠬᠤ ᠦᠭᠡᠢ ᠪᠣᠯᠬᠤᠷ ᠶᠡᠭᠡ ᠤᠤᠭᠤᠳᠠᠭ᠃ | 3. ᠳᠠᠪᠤᠰᠤᠯᠠᠭᠰᠠᠨ ᠨᠤᠭᠤᠰᠤᠨ ᠥᠨᠳᠡᠭᠡ | ᠳᠠᠪᠤᠰᠤᠯᠠᠭᠰᠠᠨ ᠨᠤᠭᠤᠰᠤᠨ ᠥᠨᠳᠡᠭᠡ ᠳᠤ ᠳᠠᠪᠤᠰᠤ ᠨᠡᠯᠢᠶᠡᠳ ᠠᠷᠪᠢᠨ ᠠᠭᠤᠯᠵᠤ ᠪᠠᠶᠢᠬᠤ ᠪᠠᠷ ᠪᠠᠷᠠᠬᠤ ᠥᠬᠡᠶ᠂ ᠥᠭᠡᠬᠦᠨ ᠤ ᠠᠭᠤᠯᠤᠭᠳᠠᠴᠠ ᠪᠠ | ᠰᠥᠰᠥᠨ ᠤ ᠭᠤᠨᠠᠨ ᠠᠯᠺᠣᠣᠯ ᠤᠨ ᠠᠭᠤᠯᠤᠭᠳᠠᠴᠠ ᠨᠢ ᠴᠥᠮ ᠮᠠᠰᠢ ᠥᠨᠳᠥᠷ ᠪᠠᠶᠢᠳᠠᠭ᠂ ᠬᠡᠲᠦ ᠠᠷᠪᠢᠨ ᠢᠳᠡᠪᠡᠯ ᠴᠢᠰᠤᠨ ᠤ ᠥᠭᠡᠬᠦ ᠶᠢ ᠨᠥᠯᠥᠭᠡᠯᠡᠳᠡᠭ᠃ | 4. ᠰᠢᠬᠢᠷᠯᠢᠭ ᠢᠳᠡᠭᠡᠨ | ᠴᠢᠰᠤᠨ ᠤ ᠥᠭᠡᠬᠦ ᠥᠨᠳᠥᠷᠵᠢᠭᠰᠡᠨ ᠬᠥᠮᠦᠰ ᠴᠦ ᠭᠡᠰᠡᠨ᠂ ᠡᠷᠡᠭᠦᠯ ᠴᠢᠭᠢᠷᠠᠭ ᠬᠥᠮᠦᠰ ᠴᠦ ᠭᠡᠰᠡᠨ ᠰᠢᠬᠢᠷᠯᠢᠭ ᠢᠳᠡᠭᠡᠨ ᠢ ᠬᠡᠳᠦ ᠠᠷᠪᠢᠨ ᠢᠳᠡᠬᠦ ᠦᠭᠡᠢ | ᠪᠠᠶᠢᠪᠠᠯ ᠵᠣᠬᠢᠨ᠎ᠠ᠃ ᠬᠥᠮᠦᠨ ᠤ ᠪᠡᠶ᠎ᠡ ᠠᠯᠢᠪᠠ ᠰᠢᠬᠢᠷ ᠢᠶᠠᠨ ᠴᠠᠭ ᠲᠤᠬᠠᠶ ᠳᠤᠨᠢ ᠭᠠᠳᠠᠭᠰᠢᠯᠠᠭᠤᠯᠵᠤ ᠳᠡᠶᠢᠯᠬᠦ ᠦᠭᠡᠢ ᠪᠣᠯ ᠠᠮᠠᠷᠬᠠᠨ ᠥᠭᠡᠬᠦ ᠪᠣᠯᠵᠤ᠂ ᠴᠢᠰᠤᠨ | ᠰᠤᠳᠠᠯ ᠢ ᠭᠡᠮᠲᠦᠭᠡᠵᠦ ᠮᠡᠳᠡᠨ᠎ᠡ᠃ |