ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠭᠦᠯᠦᠭᠰᠡᠨ ᠬᠡᠷᠡᠭ ᠢ ᠱᠠᠯᠠᠪᠳᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠥᠭᠡᠷᠡᠴᠢᠯᠡᠬᠦ ᠲᠤᠬᠠᠢ ᠢᠯᠡ ᠪᠤᠯᠭᠠᠬᠰᠠᠨ ᠪᠠᠶᠢᠳᠠᠯ ︵ᠲᠠᠪᠤ︶
ᠨᠡᠶᠢᠲᠡᠯᠡᠭᠰᠡᠨ ᠴᠠᠭ᠄
2023/9/21
       2023 ᠣᠨ ᠤ 9 ᠰᠠᠷ᠎ᠠ ᠶᠢᠨ 7 ᠤ ᠡᠳᠦᠷ᠂ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠬᠥᠯᠥᠨ ᠪᠤᠶᠢᠷ ᠬᠤᠲᠠ ᠳᠤ ᠣᠷᠴᠢᠨ ᠲᠣᠭᠤᠷᠢᠨ ᠤ ᠬᠦᠷᠢᠶᠡᠨ ᠳᠠᠬᠢ ᠣᠯᠠᠨ ᠲᠦᠮᠡᠨ ᠳᠤ ᠬᠤᠯᠪᠣᠭᠳᠠᠬᠤ 6 ᠪᠦᠯᠦᠭ ᠢᠯᠡᠴᠢᠯᠡᠨ ᠮᠡᠳᠡᠭᠦᠯᠦᠭᠰᠡᠨ 76 ᠬᠡᠷᠡᠭ ᠢ ᠲᠤᠰᠢᠶᠠᠨ ᠰᠢᠢᠳᠪᠦᠷᠢᠯᠡᠭᠦᠯᠵᠦ᠂ ᠡᠭᠦᠨ ᠳᠤ ᠭᠤᠣᠯᠳᠠᠯᠭ᠎ᠠ ᠲᠠᠢ ᠠᠩᠬᠠᠷᠴᠤ ᠪᠠᠶᠢᠭ᠎ᠠ ᠬᠡᠷᠡᠭ 26 ᠪᠠᠶᠢᠵᠤ᠂ ᠵᠠᠯᠠᠨ ᠠᠶᠢᠯ ᠬᠤᠲᠠ᠂ ᠠᠷᠤᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠬᠠᠭᠤᠴᠢᠨ ᠪᠠᠷᠭᠤ ᠬᠤᠰᠢᠭᠤ᠂ ᠶᠠᠭᠰᠢ ᠬᠤᠲᠠ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠭᠡᠭᠡᠨ ᠭᠤᠣᠯ ᠬᠤᠲᠠ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠡᠷᠭᠦᠨ᠎ᠡ ᠬᠤᠲᠠ ᠲᠠᠢ ᠬᠤᠯᠪᠣᠭᠳᠠᠵᠤ ᠪᠤᠢ᠃       ᠲᠥᠷᠥᠯ ᠵᠦᠢᠯ ᠢᠶᠠᠷ ᠨᠢ ᠬᠤᠪᠢᠶᠠᠪᠠᠯ᠂ ᠠᠮᠢ ᠠᠬᠤᠢ ᠶᠢᠨ ᠲᠥᠷᠥᠯ 38 ᠬᠤᠪᠢ︵50% ᠶᠢᠨ ᠬᠠᠷᠢᠴᠠᠯ ᠢ ᠡᠵᠡᠯᠡᠨ᠎ᠡ︶᠂ ᠠᠭᠠᠷ ᠮᠠᠨᠳᠠᠯ ᠤᠨ ᠪᠣᠬᠢᠷᠳᠤᠯ ᠤᠨ ᠲᠥᠷᠥᠯ 22 ᠬᠤᠪᠢ ︵28.95% ᠶᠢᠨ ᠬᠠᠷᠢᠴᠠᠯ ᠢ ᠡᠵᠡᠯᠡᠨ᠎ᠡ︶᠂ ᠤᠰᠤᠨ ᠤ ᠪᠣᠬᠢᠷᠳᠤᠯ ᠤᠨ ᠲᠥᠷᠥᠯ 8 ᠬᠤᠪᠢ ︵10.53% ᠶᠢᠨ ᠬᠠᠷᠢᠴᠠᠯ  ᠢ ᠡᠵᠡᠯᠡᠨ᠎ᠡ︶᠂ ᠳᠠᠭᠤ ᠱᠤᠤᠭᠢᠶᠠᠨ ᠤ ᠲᠥᠷᠥᠯ 3 ᠬᠤᠪᠢ (3.95% ᠶᠢᠨ ᠬᠠᠷᠢᠴᠠᠯ ᠢ ᠡᠵᠡᠯᠡᠨ᠎ᠡ )᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠳᠤᠯ ᠤᠨ ᠲᠥᠷᠦᠯ 3 ᠬᠤᠪᠢ (3.95%% ᠶᠢᠨ ᠬᠠᠷᠢᠴᠠᠯ ᠢ ᠡᠵᠡᠯᠡᠨ᠎ᠡ )᠂ ᠬᠥᠷᠥᠰᠥ ᠰᠢᠷᠣᠢ ᠶᠢᠨ ᠪᠣᠬᠢᠷᠳᠤᠯ ᠤᠨ ᠲᠥᠷᠥᠯ 1 ᠬᠤᠪᠢ ︵1.32% ᠤᠨ ᠬᠠᠷᠢᠴᠠᠯ ᠢ ᠡᠵᠡᠯᠡᠨ᠎ᠡ )᠂ ᠪᠤᠰᠤᠳ ᠲᠥᠷᠦᠯ ᠤᠨ ᠪᠣᠬᠢᠷᠳᠤᠯ 1 ᠬᠤᠪᠢ ︵1.32% ᠤᠨ ᠬᠠᠷᠢᠴᠠᠯ ᠢ ᠡᠵᠡᠯᠡᠨ᠎ᠡ )᠂ ᠬᠡᠰᠡᠭ ᠬᠡᠷᠡᠭ ᠨᠢ ᠣᠯᠠᠨ ᠵᠦᠢᠯ ᠤᠨ ᠠᠰᠠᠭᠤᠳᠠᠯ ᠤᠨ ᠲᠥᠷᠥᠯ ᠳᠤ ᠬᠤᠯᠪᠣᠭᠳᠠᠵᠤ ᠪᠤᠢ᠃       ᠲᠤᠭ᠎ᠠ ᠬᠡᠮᠵᠢᠶ᠎ᠡ ᠪᠠᠷ ᠨᠢ ᠵᠢᠭᠰᠠᠭᠠᠪᠠᠯ᠂ ᠵᠠᠯᠠᠨ ᠠᠶᠢᠯ ᠬᠤᠲᠠ 19᠂ ᠬᠠᠶᠢᠯᠠᠷ ᠲᠣᠭᠤᠷᠢᠭ14᠂ ᠠᠷᠤᠨ ᠬᠤᠰᠢᠭᠤ 13᠂ ᠬᠠᠭᠤᠴᠢᠨ ᠪᠠᠷᠭᠤ ᠬᠤᠰᠢᠭᠤ᠂ ᠶᠠᠭᠰᠢ ᠬᠤᠲᠠ ᠲᠤᠰ ᠪᠦᠷᠢ 6᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ 5᠂ ᠰᠢᠨ᠎ᠡ ᠪᠠᠷᠭᠤ ᠪᠠᠷᠠᠭᠤᠨ ᠬᠤᠰᠢᠭᠤ 3᠂ ᠭᠡᠭᠡᠨ ᠭᠤᠣᠯ ᠬᠤᠲᠠ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ ᠲᠤᠰ ᠪᠦᠷᠢ 2᠂ ᠰᠢᠨ᠎ᠡ ᠪᠠᠷᠭᠤ ᠵᠡᠭᠦᠨ ᠬᠤᠰᠢᠭᠤ᠂ ᠵᠠᠯᠠᠶᠢᠨᠠᠭᠤᠷ ᠲᠣᠭᠤᠷᠢᠭ᠂ ᠡᠷᠭᠦᠨ᠎ᠡ ᠬᠤᠲᠠ᠂ ᠮᠠᠨᠵᠤᠤᠷ ᠬᠤᠲᠠ ᠲᠤᠰ ᠪᠦᠷᠢ 1 ᠬᠤᠪᠢ ᠪᠠᠶᠢᠨ᠎ᠠ᠃       ᠳᠡᠭᠡᠷᠡᠬᠢ ᠬᠡᠷᠡᠭ ᠢ ᠴᠥᠮ ᠨᠢᠭᠡᠨᠲᠡ ᠬᠤᠯᠪᠣᠭᠳᠠᠯ ᠪᠦᠬᠦᠢ ᠬᠤᠰᠢᠭᠤ ᠬᠤᠲᠠ ᠲᠣᠭᠤᠷᠢᠭ ᠲᠤ ᠰᠢᠯᠵᠢᠭᠦᠯᠦᠨ ᠰᠢᠢᠳᠪᠦᠷᠢᠯᠡᠵᠦ ᠪᠤᠢ᠃ ᠬᠥᠯᠥᠨ ᠪᠤᠶᠢᠷ ᠬᠤᠲᠠ ᠣᠯᠠᠨ ᠲᠦᠮᠡᠨ ᠤ ᠣᠷᠴᠢᠨ ᠲᠣᠭᠤᠷᠢᠨ ᠤ ᠲᠤᠬᠠᠢ ᠵᠠᠬᠢᠳᠠᠯ ᠰᠤᠷᠪᠤᠯᠵᠢᠯᠠᠯ ᠤᠨ ᠬᠡᠷᠡᠭ ᠢ  ᠱᠠᠯᠠᠪᠳᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ  ᠥᠭᠡᠷᠡᠴᠢᠯᠡᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽ᠠᠰᠠᠭᠤᠳᠠᠯ ᠢ ᠪᠠᠶᠢᠴᠠᠭᠠᠨ ᠲᠣᠳᠣᠷᠬᠠᠶᠢᠯᠠᠬᠤ ᠦᠭᠡᠢ ᠪᠣᠯ ᠲᠠᠯᠪᠢᠵᠤ ᠶᠠᠪᠤᠭᠤᠯᠬᠤ ᠦᠭᠡᠢ᠂ ᠴᠡᠭᠴᠡᠯᠡᠨ ᠥᠭᠡᠷᠡᠴᠢᠯᠡᠬᠦ ᠦᠭᠡᠢ ᠪᠣᠯ ᠲᠠᠯᠪᠢᠵᠤ ᠶᠠᠪᠤᠭᠤᠯᠬᠤ ᠦᠭᠡᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ ᠪᠣᠯ ᠲᠠᠯᠪᠢᠵᠤ ᠶᠠᠪᠤᠭᠤᠯᠬᠤ ᠦᠭᠡᠢ᠂ ᠣᠯᠠᠨ ᠲᠦᠮᠡᠨ ᠬᠠᠨᠤᠮᠵᠢᠲᠠᠢ ᠪᠠᠶᠢᠬᠤ ᠦᠭᠡᠢ ᠪᠣᠯ ᠲᠠᠯᠪᠢᠵᠤ ᠶᠠᠪᠤᠭᠤᠯᠬᠤ ᠦᠭᠡᠢ︾ ᠪᠠᠶᠢᠬᠤ ᠶᠢ ᠦᠨᠡᠨ ᠬᠦ ᠪᠡᠶᠡᠯᠡᠭᠦᠯᠵᠦ᠂ ᠲᠡᠷᠡ ᠶᠣᠰᠣᠭᠠᠷ ᠨᠢ ᠴᠡᠭᠴᠡᠯᠡᠨ ᠥᠭᠡᠷᠡᠴᠢᠯᠡᠵᠦ᠂ ᠪᠣᠳᠠᠲᠠᠢ ᠨᠠᠶᠢᠳᠠᠪᠤᠷᠢᠵᠢᠭᠤᠯᠵᠤ᠂ ︽ᠬᠤᠳᠠᠯ ᠬᠠᠭᠤᠷᠮᠠᠭ ᠴᠡᠭᠴᠡᠯᠡᠨ ᠥᠭᠡᠷᠡᠴᠢᠯᠡᠬᠦ︾᠂︽ᠬᠠᠰᠢ ᠶᠠᠰᠢ ᠪᠠᠷ ᠴᠡᠭᠴᠡᠯᠡᠨ ᠥᠭᠡᠷᠡᠴᠢᠯᠡᠬᠦ︾᠂ ︽ᠦᠩᠭᠡᠨ ᠲᠠᠯ᠎ᠠ ᠶᠢ ᠴᠡᠭᠴᠡᠯᠡᠨ ᠥᠭᠡᠷᠡᠴᠢᠯᠡᠬᠦ︾ ᠶᠢ ᠡᠷᠡᠰ ᠬᠤᠷᠢᠭᠯᠠᠨ ᠵᠣᠭᠰᠣᠭᠠᠨ᠎ᠠ᠃ ᠬᠤᠲᠠ ᠶᠢᠨ ᠵᠠᠰᠠᠭ ᠤᠨ ᠣᠷᠳᠣᠨ ᠲᠤᠰᠬᠠᠢ ᠲᠥᠷᠥᠯ ᠤᠨ ᠬᠢᠨᠠᠨ ᠪᠠᠶᠢᠴᠠᠭᠠᠬᠤ ᠳᠤᠭᠤᠶᠢᠯᠠᠩ ᠭᠠᠷᠭᠠᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠬᠢᠨᠠᠨ ᠪᠠᠶᠢᠴᠠᠭᠠᠯᠲᠠ ᠬᠢᠵᠦ᠂ ᠲᠥᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠵᠦ᠂ ᠱᠠᠯᠠᠪᠳᠠᠭᠤᠯᠤᠨ  ᠪᠠᠶᠢᠴᠠᠭᠠᠬᠤ ᠪᠠᠷ ᠳᠠᠮᠵᠢᠨ ᠴᠡᠭᠴᠡᠯᠡᠨ ᠥᠭᠡᠷᠡᠴᠢᠯᠡᠬᠦ ᠠᠵᠢᠯ ᠢ  ᠨᠠᠶᠢᠳᠠᠪᠤᠷᠢᠵᠢᠭᠤᠯᠤᠨ᠎ᠠ᠃                                                          2023 ᠣᠨ ᠤ 9 ᠰᠠᠷ᠎ᠠ ᠶᠢᠨ 7 ᠤ ᠡᠳᠦᠷ 
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ