2023 ᠣᠨ ᠤ 9 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠬᠥᠯᠥᠨ ᠪᠤᠶᠢᠷ ᠬᠤᠲᠠ ᠳᠤ ᠣᠷᠴᠢᠨ ᠲᠣᠭᠤᠷᠢᠨ ᠤ ᠬᠦᠷᠢᠶᠡᠨ ᠳᠠᠬᠢ ᠣᠯᠠᠨ ᠲᠦᠮᠡᠨ ᠳᠤ | ᠬᠤᠯᠪᠣᠭᠳᠠᠬᠤ 7 ᠪᠦᠯᠦᠭ ᠢᠯᠡᠴᠢᠯᠡᠨ ᠮᠡᠳᠡᠭᠦᠯᠦᠭᠰᠡᠨ 92 ᠬᠡᠷᠡᠭ ᠢ ᠲᠤᠰᠢᠶᠠᠨ ᠰᠢᠢᠳᠪᠦᠷᠢᠯᠡᠭᠦᠯᠵᠦ᠂ ᠡᠭᠦᠨ ᠳᠤ ᠭᠤᠣᠯᠳᠠᠯᠭ᠎ᠠ ᠲᠠᠢ ᠠᠩᠬᠠᠷᠴᠤ ᠪᠠᠶᠢᠭ᠎ᠠ ᠬᠡᠷᠡᠭ | 28 ᠪᠠᠶᠢᠵᠤ᠂ ᠵᠠᠯᠠᠨ ᠠᠶᠢᠯ ᠬᠤᠲᠠ᠂ ᠠᠷᠤᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠬᠠᠭᠤᠴᠢᠨ ᠪᠠᠷᠭᠤ ᠬᠤᠰᠢᠭᠤ᠂ ᠶᠠᠭᠰᠢ ᠬᠤᠲᠠ᠂ ᠡᠸᠡᠩᠬᠢ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠭᠡᠭᠡᠨ ᠭᠤᠣᠯ ᠬᠤᠲᠠ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠰᠢᠨ᠎ᠡ | ᠪᠠᠷᠭᠤ ᠵᠡᠭᠦᠨ ᠬᠤᠰᠢᠭᠤ᠂ ᠡᠷᠭᠦᠨ᠎ᠡ ᠬᠤᠲᠠ ᠲᠠᠢ ᠬᠤᠯᠪᠣᠭᠳᠠᠵᠤ ᠪᠤᠢ᠃ | ᠪᠣᠬᠢᠷᠳᠤᠯ ᠤᠨ ᠲᠥᠷᠥᠯ ᠵᠦᠢᠯ ᠢᠶᠠᠷ ᠨᠢ ᠬᠤᠪᠢᠶᠠᠪᠠᠯ︵ᠬᠡᠰᠡᠭ ᠬᠡᠷᠡᠭ ᠨᠢ ᠣᠯᠠᠨ ᠵᠦᠢᠯ ᠤᠨ ᠠᠰᠠᠭᠤᠳᠠᠯ ᠤᠨ ᠲᠥᠷᠥᠯ ᠳᠤ ᠬᠤᠯᠪᠣᠭᠳᠠᠵᠤ ᠪᠤᠢ︶᠂ ᠠᠮᠢ | ᠠᠬᠤᠢ ᠶᠢᠨ ᠲᠥᠷᠥᠯ 44 ᠬᠤᠪᠢ︵47.83% ᠶᠢᠨ ᠬᠠᠷᠢᠴᠠᠯ ᠢ ᠡᠵᠡᠯᠡᠨ᠎ᠡ︶᠂ ᠠᠭᠠᠷ ᠮᠠᠨᠳᠠᠯ ᠤᠨ ᠪᠣᠬᠢᠷᠳᠤᠯ ᠤᠨ ᠲᠥᠷᠥᠯ 26 ᠬᠤᠪᠢ ︵28.26% ᠶᠢᠨ | ᠬᠠᠷᠢᠴᠠᠯ ᠢ ᠡᠵᠡᠯᠡᠨ᠎ᠡ︶᠂ ᠤᠰᠤᠨ ᠤ ᠪᠣᠬᠢᠷᠳᠤᠯ ᠤᠨ ᠲᠥᠷᠥᠯ 11 ᠬᠤᠪᠢ︵11.96% ᠶᠢᠨ ᠬᠠᠷᠢᠴᠠᠯ ᠢ ᠡᠵᠡᠯᠡᠨ᠎ᠡ︶᠂ ᠳᠠᠭᠤ ᠱᠤᠤᠭᠢᠶᠠᠨ ᠤ ᠲᠥᠷᠥᠯ 5 ᠬᠤᠪᠢ | ( 5.43% ᠶᠢᠨ ᠬᠠᠷᠢᠴᠠᠯ ᠢ ᠡᠵᠡᠯᠡᠨ᠎ᠡ )᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠳᠤᠯ ᠤᠨ ᠲᠥᠷᠦᠯ 4 ᠬᠤᠪᠢ ( 4.35% ᠶᠢᠨ ᠬᠠᠷᠢᠴᠠᠯ ᠢ | ᠡᠵᠡᠯᠡᠨ᠎ᠡ )᠂ ᠬᠥᠷᠥᠰᠥ ᠰᠢᠷᠣᠢ ᠶᠢᠨ ᠪᠣᠬᠢᠷᠳᠤᠯ ᠤᠨ ᠲᠥᠷᠥᠯ 1 ᠬᠤᠪᠢ ︵1.09% ᠶᠢᠨ ᠬᠠᠷᠢᠴᠠᠯ ᠢ ᠡᠵᠡᠯᠡᠨ᠎ᠡ )᠂ ᠪᠤᠰᠤᠳ ᠲᠥᠷᠦᠯ ᠤᠨ ᠪᠣᠬᠢᠷᠳᠤᠯ 1 | ᠬᠤᠪᠢ︵1.09% ᠶᠢᠨ ᠬᠠᠷᠢᠴᠠᠯ ᠢ ᠡᠵᠡᠯᠡᠨ᠎ᠡ )᠃ | ᠲᠤᠭ᠎ᠠ ᠬᠡᠮᠵᠢᠶ᠎ᠡ ᠪᠠᠷ ᠨᠢ ᠵᠢᠭᠰᠠᠭᠠᠪᠠᠯ᠂ ᠵᠠᠯᠠᠨ ᠠᠶᠢᠯ ᠬᠤᠲᠠ 22᠂ ᠬᠠᠶᠢᠯᠠᠷ ᠲᠣᠭᠤᠷᠢᠭ19᠂ ᠠᠷᠤᠨ ᠬᠤᠰᠢᠭᠤ 16᠂ ᠶᠠᠭᠰᠢ ᠬᠤᠲᠠ 7᠂ ᠬᠠᠭᠤᠴᠢᠨ | ᠪᠠᠷᠭᠤ ᠬᠤᠰᠢᠭᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠲᠤᠰ ᠪᠦᠷᠢ 6᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤ 4᠂ ᠰᠢᠨ᠎ᠡ ᠪᠠᠷᠭᠤ ᠪᠠᠷᠠᠭᠤᠨ ᠬᠤᠰᠢᠭᠤ 3᠂ ᠭᠡᠭᠡᠨ ᠭᠤᠣᠯ ᠬᠤᠲᠠ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠵᠠᠯᠠᠶᠢᠨᠠᠭᠤᠷ ᠲᠣᠭᠤᠷᠢᠭ ᠲᠤᠰ | ᠪᠦᠷᠢ 2᠂ ᠰᠢᠨ᠎ᠡ ᠪᠠᠷᠭᠤ ᠵᠡᠭᠦᠨ ᠬᠤᠰᠢᠭᠤ᠂ ᠡᠷᠭᠦᠨ᠎ᠡ ᠬᠤᠲᠠ᠂ ᠮᠠᠨᠵᠤᠤᠷ ᠬᠤᠲᠠ ᠲᠤᠰ ᠪᠦᠷᠢ 1 ᠬᠤᠪᠢ ᠪᠠᠶᠢᠨ᠎ᠠ᠃ ᠳᠡᠭᠡᠷᠡᠬᠢ ᠬᠡᠷᠡᠭ ᠢ ᠴᠥᠮ ᠨᠢᠭᠡᠨᠲᠡ | ᠬᠤᠯᠪᠣᠭᠳᠠᠯ ᠪᠦᠬᠦᠢ ᠬᠤᠰᠢᠭᠤ ᠬᠤᠲᠠ ᠲᠣᠭᠤᠷᠢᠭ ᠲᠤ ᠰᠢᠯᠵᠢᠭᠦᠯᠦᠨ ᠰᠢᠢᠳᠪᠦᠷᠢᠯᠡᠵᠦ ᠪᠤᠢ᠃ | ᠣᠳᠣᠬᠠᠨ ᠳᠤ᠂ ᠪᠦᠭᠦ ᠬᠤᠲᠠ ᠶᠢᠨ ᠲᠦᠷᠦᠭᠦᠸ ᠪᠦᠯᠦᠭ ᠤᠨ 3 ᠬᠤᠪᠢ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠨᠢᠭᠡᠨᠲᠡ | ᠵᠠᠷᠯᠠᠨ ᠨᠡᠶᠢᠲᠡᠯᠡᠵᠦ᠂ ᠡᠭᠦᠨ ᠳᠤ 2 ᠬᠤᠪᠢ ᠶᠢ ᠨᠢ ᠨᠢᠭᠡᠨᠲᠡ ᠰᠢᠢᠳᠪᠦᠷᠢᠯᠡᠵᠦ ᠳᠠᠭᠤᠰᠬᠠᠨ᠂ 1 ᠬᠤᠪᠢ ᠶᠢ ᠨᠢ ᠰᠢᠢᠳᠪᠦᠷᠢᠯᠡᠵᠦ ᠳᠠᠭᠤᠰᠬᠠᠭᠠᠳᠤᠢ᠂ ᠰᠢᠢᠳᠪᠦᠷᠢᠯᠡᠵᠦ | ᠳᠠᠭᠤᠰᠬᠠᠭᠠᠳᠤᠢ ᠬᠡᠷᠡᠭ ᠢ ᠨᠢᠭᠡᠨᠲᠡ ᠴᠡᠭᠴᠡᠯᠡᠨ ᠥᠭᠡᠷᠡᠴᠢᠯᠡᠬᠦ ᠲᠥᠰᠥᠯ ᠲᠣᠭᠲᠠᠭᠠᠵᠤ᠂ ᠲᠥᠰᠥᠯ ᠳᠤ ᠲᠣᠭᠲᠠᠭᠠᠭᠰᠠᠨ ᠴᠠᠭ ᠤᠨ ᠬᠢᠵᠠᠭᠠᠷ ᠶᠣᠰᠣᠭᠠᠷ | ᠰᠢᠢᠳᠪᠦᠷᠢᠯᠡᠵᠦ ᠳᠠᠭᠤᠰᠬᠠᠨ᠎ᠠ᠃ ᠲᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠱᠠᠯᠠᠪᠳᠠᠭᠤᠯᠤᠨ | ᠪᠠᠶᠢᠴᠠᠭᠠᠬᠤ ᠶᠢᠨ ᠳᠠᠭᠠᠤ ᠬᠠᠯᠠᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ | ᠦᠷᠭᠦᠯᠵᠢᠯᠡᠨ ᠠᠬᠢᠭᠤᠯᠤᠨ᠎ᠠ᠃ | | 2023 ᠣᠨ ᠤ 9 ᠰᠠᠷ᠎ᠠ ᠶᠢᠨ 8 ᠤ ᠡᠳᠦᠷ | | |