ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠭᠦᠯᠦᠭᠰᠡᠨ ᠬᠡᠷᠡᠭ ᠢ ᠱᠠᠯᠠᠪᠳᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠥᠭᠡᠷᠡᠴᠢᠯᠡᠬᠦ ᠲᠤᠬᠠᠢ ᠢᠯᠡ ᠪᠤᠯᠭᠠᠬᠰᠠᠨ ᠪᠠᠶᠢᠳᠠᠯ ︵ᠲᠤᠯᠤᠭ᠎ᠠ︶
ᠨᠡᠶᠢᠲᠡᠯᠡᠭᠰᠡᠨ ᠴᠠᠭ᠄
2023/9/21
       2023 ᠣᠨ ᠤ 9 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠬᠥᠯᠥᠨ ᠪᠤᠶᠢᠷ ᠬᠤᠲᠠ ᠳᠤ ᠣᠷᠴᠢᠨ ᠲᠣᠭᠤᠷᠢᠨ ᠤ ᠬᠦᠷᠢᠶᠡᠨ ᠳᠠᠬᠢ ᠣᠯᠠᠨ ᠲᠦᠮᠡᠨ ᠳᠤ ᠬᠤᠯᠪᠣᠭᠳᠠᠬᠤ 8 ᠪᠦᠯᠦᠭ ᠢᠯᠡᠴᠢᠯᠡᠨ ᠮᠡᠳᠡᠭᠦᠯᠦᠭᠰᠡᠨ 113 ᠬᠡᠷᠡᠭ ᠢ ᠲᠤᠰᠢᠶᠠᠨ ᠰᠢᠢᠳᠪᠦᠷᠢᠯᠡᠭᠦᠯᠵᠦ᠂ ᠡᠭᠦᠨ ᠳᠤ ᠭᠤᠣᠯᠳᠠᠯᠭ᠎ᠠ ᠲᠠᠢ ᠠᠩᠬᠠᠷᠴᠤ ᠪᠠᠶᠢᠭ᠎ᠠ ᠬᠡᠷᠡᠭ 30 ᠪᠠᠶᠢᠵᠤ᠂ ᠵᠠᠯᠠᠨ ᠠᠶᠢᠯ ᠬᠤᠲᠠ᠂ ᠠᠷᠤᠨ ᠬᠤᠰᠢᠭᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠬᠠᠭᠤᠴᠢᠨ ᠪᠠᠷᠭᠤ ᠬᠤᠰᠢᠭᠤ᠂ ᠶᠠᠭᠰᠢ ᠬᠤᠲᠠ᠂  ᠭᠡᠭᠡᠨ ᠭᠤᠣᠯ ᠬᠤᠲᠠ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠡᠷᠭᠦᠨ᠎ᠡ ᠬᠤᠲᠠ ᠲᠠᠢ ᠬᠤᠯᠪᠣᠭᠳᠠᠵᠤ ᠪᠤᠢ᠃       ᠪᠣᠬᠢᠷᠳᠤᠯ ᠤᠨ ᠲᠥᠷᠥᠯ ᠵᠦᠢᠯ ᠢᠶᠠᠷ ᠨᠢ ᠬᠤᠪᠢᠶᠠᠪᠠᠯ︵ᠬᠡᠰᠡᠭ ᠬᠡᠷᠡᠭ ᠨᠢ ᠣᠯᠠᠨ ᠵᠦᠢᠯ ᠤᠨ ᠠᠰᠠᠭᠤᠳᠠᠯ ᠤᠨ ᠲᠥᠷᠥᠯ ᠳᠤ ᠬᠤᠯᠪᠣᠭᠳᠠᠵᠤ ᠪᠤᠢ︶᠂ ᠠᠮᠢ ᠠᠬᠤᠢ ᠶᠢᠨ ᠲᠥᠷᠥᠯ 52 ᠬᠤᠪᠢ︵46.02% ᠤᠨ ᠬᠠᠷᠢᠴᠠᠯ ᠢ ᠡᠵᠡᠯᠡᠨ᠎ᠡ︶᠂ ᠠᠭᠠᠷ ᠮᠠᠨᠳᠠᠯ ᠤᠨ ᠪᠣᠬᠢᠷᠳᠤᠯ ᠤᠨ ᠲᠥᠷᠥᠯ 30 ᠬᠤᠪᠢ ︵26.55% ᠶᠢᠨ ᠬᠠᠷᠢᠴᠠᠯ ᠢ ᠡᠵᠡᠯᠡᠨ᠎ᠡ︶᠂ ᠤᠰᠤᠨ ᠤ ᠪᠣᠬᠢᠷᠳᠤᠯ ᠤᠨ ᠲᠥᠷᠥᠯ 17 ᠬᠤᠪᠢ︵15.04% ᠶᠢᠨ ᠬᠠᠷᠢᠴᠠᠯ ᠢ ᠡᠵᠡᠯᠡᠨ᠎ᠡ︶᠂  ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠳᠤᠯ ᠤᠨ ᠲᠥᠷᠦᠯ 6 ᠬᠤᠪᠢ ( 5.31% ᠶᠢᠨ ᠬᠠᠷᠢᠴᠠᠯ ᠢ ᠡᠵᠡᠯᠡᠨ᠎ᠡ )᠂ ᠳᠠᠭᠤ ᠱᠤᠤᠭᠢᠶᠠᠨ ᠤ ᠲᠥᠷᠥᠯ 5 ᠬᠤᠪᠢ ( 4.42% ᠤᠨ ᠬᠠᠷᠢᠴᠠᠯ ᠢ ᠡᠵᠡᠯᠡᠨ᠎ᠡ )᠂ ᠬᠥᠷᠥᠰᠥ ᠰᠢᠷᠣᠢ ᠶᠢᠨ ᠪᠣᠬᠢᠷᠳᠤᠯ ᠤᠨ ᠲᠥᠷᠥᠯ 2 ᠬᠤᠪᠢ ︵1.77% ᠶᠢᠨ ᠬᠠᠷᠢᠴᠠᠯ ᠢ ᠡᠵᠡᠯᠡᠨ᠎ᠡ )᠂ ᠪᠤᠰᠤᠳ ᠲᠥᠷᠦᠯ ᠤᠨ ᠪᠣᠬᠢᠷᠳᠤᠯ 1 ᠬᠤᠪᠢ︵0.88% ᠶᠢᠨ ᠬᠠᠷᠢᠴᠠᠯ ᠢ ᠡᠵᠡᠯᠡᠨ᠎ᠡ )᠃       ᠲᠤᠭ᠎ᠠ ᠬᠡᠮᠵᠢᠶ᠎ᠡ ᠪᠠᠷ ᠨᠢ ᠵᠢᠭᠰᠠᠭᠠᠪᠠᠯ᠂ ᠵᠠᠯᠠᠨ ᠠᠶᠢᠯ ᠬᠤᠲᠠ 28᠂ ᠬᠠᠶᠢᠯᠠᠷ ᠲᠣᠭᠤᠷᠢᠭ 23᠂ ᠠᠷᠤᠨ ᠬᠤᠰᠢᠭᠤ 18᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ 11᠂ ᠶᠠᠭᠰᠢ ᠬᠤᠲᠠ 8᠂ ᠬᠠᠭᠤᠴᠢᠨ ᠪᠠᠷᠭᠤ ᠬᠤᠰᠢᠭᠤ 6᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ ᠲᠤᠰ ᠪᠦᠷᠢ 4᠂ ᠰᠢᠨ᠎ᠡ ᠪᠠᠷᠭᠤ ᠪᠠᠷᠠᠭᠤᠨ ᠬᠤᠰᠢᠭᠤ 3᠂ ᠭᠡᠭᠡᠨ ᠭᠤᠣᠯ ᠬᠤᠲᠠ᠂  ᠵᠠᠯᠠᠶᠢᠨᠠᠭᠤᠷ ᠲᠣᠭᠤᠷᠢᠭ᠂ ᠡᠷᠭᠦᠨ᠎ᠡ ᠬᠤᠲᠠ ᠲᠤᠰ ᠪᠦᠷᠢ 2᠂ ᠰᠢᠨ᠎ᠡ ᠪᠠᠷᠭᠤ ᠵᠡᠭᠦᠨ ᠬᠤᠰᠢᠭᠤ᠂  ᠮᠠᠨᠵᠤᠤᠷ ᠬᠤᠲᠠ ᠲᠤᠰ ᠪᠦᠷᠢ 1 ᠬᠤᠪᠢ ᠪᠠᠶᠢᠨ᠎ᠠ᠃ ᠳᠡᠭᠡᠷᠡᠬᠢ ᠬᠡᠷᠡᠭ ᠢ ᠴᠥᠮ ᠨᠢᠭᠡᠨᠲᠡ ᠬᠤᠯᠪᠣᠭᠳᠠᠯ ᠪᠦᠬᠦᠢ ᠬᠤᠰᠢᠭᠤ ᠬᠤᠲᠠ ᠲᠣᠭᠤᠷᠢᠭ ᠲᠤ ᠰᠢᠯᠵᠢᠭᠦᠯᠦᠨ ᠰᠢᠢᠳᠪᠦᠷᠢᠯᠡᠵᠦ ᠪᠤᠢ᠃       ᠣᠳᠣᠬᠠᠨ ᠳᠤ᠂ ᠪᠦᠭᠦ ᠬᠤᠲᠠ ᠶᠢᠨ ᠬᠤᠶᠠᠷ ᠪᠦᠯᠦᠭ ᠤᠨ 15 ᠬᠤᠪᠢ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠨᠢᠭᠡᠨᠲᠡ ᠵᠠᠷᠯᠠᠨ ᠨᠡᠶᠢᠲᠡᠯᠡᠵᠦ᠂ ᠡᠭᠦᠨ ᠳᠤ 9 ᠬᠤᠪᠢ ᠶᠢ ᠨᠢ ᠨᠢᠭᠡᠨᠲᠡ ᠰᠢᠢᠳᠪᠦᠷᠢᠯᠡᠵᠦ ᠳᠠᠭᠤᠰᠬᠠᠨ᠂  2 ᠬᠡᠷᠡᠭ ᠢ ᠨᠢ ᠶᠠᠭ ᠰᠢᠢᠳᠪᠦᠷᠢᠯᠡᠵᠦ ᠪᠠᠶᠢᠭ᠎ᠠ ᠱᠠᠲᠤᠨ ᠳᠠᠭᠠᠨ ᠪᠠᠶᠢᠵᠤ᠂ 4 ᠬᠡᠷᠡᠭ ᠢ ᠨᠢ ᠰᠢᠢᠳᠪᠦᠷᠢᠯᠡᠵᠦ ᠳᠠᠭᠤᠰᠬᠠᠭᠠᠳᠤᠢ᠃ ᠰᠢᠢᠳᠪᠦᠷᠢᠯᠡᠵᠦ ᠪᠠᠶᠢᠭ᠎ᠠ ᠱᠠᠲᠤᠨ ᠳᠠᠭᠠᠨ ᠪᠠᠶᠢᠭ᠎ᠠ ᠪᠣᠯᠣᠨ ᠰᠢᠢᠳᠪᠦᠷᠢᠯᠡᠵᠦ ᠳᠠᠭᠤᠰᠬᠠᠭᠠᠳᠤᠢ ᠬᠡᠷᠡᠭ ᠢ ᠨᠢᠭᠡᠨᠲᠡ ᠴᠡᠭᠴᠡᠯᠡᠨ ᠥᠭᠡᠷᠡᠴᠢᠯᠡᠬᠦ ᠲᠥᠰᠥᠯ ᠲᠣᠭᠲᠠᠭᠠᠵᠤ᠂ ᠲᠥᠰᠥᠯ ᠳᠤ ᠲᠣᠭᠲᠠᠭᠠᠭᠰᠠᠨ ᠴᠠᠭ ᠤᠨ ᠬᠢᠵᠠᠭᠠᠷ ᠶᠣᠰᠣᠭᠠᠷ ᠰᠢᠢᠳᠪᠦᠷᠢᠯᠡᠵᠦ ᠳᠠᠭᠤᠰᠬᠠᠨ᠎ᠠ᠃ ᠲᠠᠷᠠᠭᠠᠴᠢ ᠶᠢᠨ ᠠᠯᠬᠤᠮ ᠳᠤ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ ᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠱᠠᠯᠠᠪᠳᠠᠭᠤᠯᠤᠨ ᠪᠠᠶᠢᠴᠠᠭᠠᠬᠤ ᠶᠢᠨ ᠳᠠᠭᠠᠤ ᠬᠠᠯᠠᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠠᠬᠢᠭᠤᠯᠤᠨ᠎ᠠ᠃                                                                                           2023 ᠣᠨ ᠤ 9 ᠰᠠᠷ᠎ᠠ ᠶᠢᠨ  9 ᠤ ᠡᠳᠦᠷ 
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ