ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠭᠦᠯᠦᠭᠰᠡᠨ ᠬᠡᠷᠡᠭ ᠢ ᠱᠠᠯᠠᠪᠳᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠥᠭᠡᠷᠡᠴᠢᠯᠡᠬᠦ ᠲᠤᠬᠠᠢ ᠢᠯᠡ ᠪᠤᠯᠭᠠᠬᠰᠠᠨ ᠪᠠᠶᠢᠳᠠᠯ ︵ᠨᠠᠢᠮᠠ︶
ᠨᠡᠶᠢᠲᠡᠯᠡᠭᠰᠡᠨ ᠴᠠᠭ᠄
2023/9/21
       2023 ᠣᠨ ᠤ 9 ᠰᠠᠷ᠎ᠠ ᠶᠢᠨ 10 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠬᠥᠯᠥᠨ ᠪᠤᠶᠢᠷ ᠬᠤᠲᠠ ᠳᠤ ᠣᠷᠴᠢᠨ ᠲᠣᠭᠤᠷᠢᠨ ᠤ ᠬᠦᠷᠢᠶᠡᠨ ᠳᠠᠬᠢ ᠣᠯᠠᠨ ᠲᠦᠮᠡᠨ ᠳᠤ ᠬᠤᠯᠪᠣᠭᠳᠠᠬᠤ 9 ᠪᠦᠯᠦᠭ ᠤᠳᠠᠭ᠎ᠠ ᠶᠢᠨ ᠢᠯᠡᠴᠢᠯᠡᠨ ᠮᠡᠳᠡᠭᠦᠯᠦᠭᠰᠡᠨ123 ᠬᠡᠷᠡᠭ ᠢ ᠲᠤᠰᠢᠶᠠᠨ ᠰᠢᠢᠳᠪᠦᠷᠢᠯᠡᠭᠦᠯᠵᠦ᠂ ᠡᠭᠦᠨ ᠳᠤ ᠭᠤᠣᠯᠳᠠᠯᠭ᠎ᠠ ᠲᠠᠢ ᠠᠩᠬᠠᠷᠴᠤ ᠪᠠᠶᠢᠭ᠎ᠠ ᠬᠡᠷᠡᠭ 33 ᠪᠠᠶᠢᠵᠤ᠂ ᠵᠠᠯᠠᠨ ᠠᠶᠢᠯ ᠬᠤᠲᠠ᠂ ᠠᠷᠤᠨ ᠬᠤᠰᠢᠭᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠶᠠᠭᠰᠢ ᠬᠤᠲᠠ᠂ ᠭᠡᠭᠡᠨ ᠭᠤᠣᠯ ᠬᠤᠲᠠ᠂ ᠰᠢᠨ᠎ᠡ ᠪᠠᠷᠭᠤ ᠵᠡᠭᠦᠨ ᠬᠤᠰᠢᠭᠤ᠂ ᠡᠷᠭᠦᠨ᠎ᠡ ᠬᠤᠲᠠ ᠲᠠᠢ ᠬᠤᠯᠪᠣᠭᠳᠠᠵᠤ ᠪᠤᠢ᠃       ᠪᠣᠬᠢᠷᠳᠤᠯ ᠤᠨ ᠲᠥᠷᠥᠯ ᠢᠶᠠᠷ ᠨᠢ ᠬᠤᠪᠢᠶᠠᠪᠠᠯ ︵ᠬᠡᠰᠡᠭ ᠬᠡᠷᠡᠭ ᠨᠢ ᠣᠯᠠᠨ ᠵᠦᠢᠯ ᠤᠨ ᠪᠣᠬᠢᠷᠳᠤᠯ ᠳᠤ ᠬᠤᠯᠪᠣᠭᠳᠠᠵᠤ ᠪᠤᠢ︶᠂ ᠠᠮᠢ ᠠᠬᠤᠢ ᠶᠢᠨ ᠲᠥᠷᠥᠯ 57 ᠬᠤᠪᠢ︵46.34% ᠶᠢᠨ ᠬᠠᠷᠢᠴᠠᠯ ᠢ ᠡᠵᠡᠯᠡᠨ᠎ᠡ︶᠂ ᠠᠭᠠᠷ ᠮᠠᠨᠳᠠᠯ ᠤᠨ ᠪᠣᠬᠢᠷᠳᠤᠯ ᠤᠨ ᠲᠥᠷᠥᠯ 32 ᠬᠤᠪᠢ ( 26.02% ᠤᠨ ᠬᠠᠷᠢᠴᠠᠯ ᠢ ᠡᠵᠡᠯᠡᠨ᠎ᠡ )᠂ ᠤᠰᠤᠨ ᠤ ᠪᠣᠬᠢᠷᠳᠤᠯ ᠤᠨ ᠲᠥᠷᠥᠯ 18 ᠬᠤᠪᠢ ︵14.63% ᠶᠢᠨ ᠬᠠᠷᠢᠴᠠᠯ ᠢ ᠡᠵᠡᠯᠡᠨ᠎ᠡ︶᠂ ᠲᠠᠭᠤ ᠱᠤᠤᠭᠢᠶᠠᠨ ᠤ ᠪᠣᠬᠢᠷᠳᠤᠯ ᠤᠨ ᠲᠥᠷᠥᠯ 7 ᠬᠤᠪᠢ ︵5.7% ᠶᠢᠨ ᠬᠠᠷᠢᠴᠠᠯ ᠢ ᠡᠵᠡᠯᠡᠨ᠎ᠡ︶᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠳᠤᠯ ᠤᠨ ᠲᠥᠷᠥᠯ  6 ᠬᠤᠪᠢ ( 4.88% ᠶᠢᠨ ᠬᠠᠷᠢᠴᠠᠯ ᠢ ᠡᠵᠡᠯᠡᠨ᠎ᠡ)᠂ ᠬᠥᠷᠥᠰᠥ ᠰᠢᠷᠣᠢ ᠶᠢᠨ ᠪᠣᠬᠢᠷᠳᠤᠯ ᠤᠨ ᠲᠥᠷᠥᠯ 2 ᠬᠤᠪᠢ ( 1.63% ᠶᠢᠨ ᠬᠠᠷᠢᠴᠠᠯ ᠢ ᠡᠵᠡᠯᠡᠨ᠎ᠡ )᠃ ᠲᠤᠭ᠎ᠠ ᠬᠡᠮᠵᠢᠶ᠎ᠡ ᠪᠠᠷ ᠨᠢ ᠵᠢᠭᠰᠠᠭᠠᠪᠠᠯ᠂ ᠵᠠᠯᠠᠨ ᠠᠶᠢᠯ ᠬᠤᠲᠠ 32᠂ ᠬᠠᠶᠢᠯᠠᠷ ᠲᠣᠭᠤᠷᠢᠭ 26᠂ ᠠᠷᠤᠨ ᠬᠤᠰᠢᠭᠤ 19᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ 11᠂ ᠶᠠᠭᠰᠢ ᠬᠤᠲᠠ 9᠂ ᠬᠠᠭᠤᠴᠢᠨ ᠪᠠᠷᠭᠤ ᠬᠤᠰᠢᠭᠤ 6᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ 5᠂ ᠣᠷᠴᠣᠨ ᠤ ᠥᠪᠡᠷᠲᠡᠭᠡᠨ ᠵᠠᠰᠠᠬᠤ ᠬᠤᠰᠢᠭᠤ 4᠂ ᠰᠢᠨ᠎ᠡ ᠪᠠᠷᠭᠤ ᠪᠠᠷᠠᠭᠤᠨ ᠬᠤᠰᠢᠭᠤ 3᠂ ᠭᠡᠭᠡᠨ ᠭᠤᠣᠯ ᠬᠤᠲᠠ᠂ ᠵᠠᠯᠠᠶᠢᠨᠠᠭᠤᠷ ᠲᠣᠭᠤᠷᠢᠭ᠂ ᠡᠷᠭᠦᠨ᠎ᠡ ᠬᠤᠲᠠ ᠲᠣᠰ ᠪᠦᠷᠢ 2᠂ ᠰᠢᠨ᠎ᠡ ᠪᠠᠷᠭᠤ ᠵᠡᠭᠦᠨ ᠬᠤᠰᠢᠭᠤ᠂ ᠮᠠᠨᠵᠤᠤᠷ ᠬᠤᠲᠠ ᠲᠣᠰ ᠪᠦᠷᠢ 1 ᠬᠤᠪᠢ ᠪᠤᠶ᠃ ᠳᠡᠭᠡᠷᠡᠬᠢ ᠬᠡᠷᠡᠭ ᠢ ᠴᠥᠮ ᠬᠤᠯᠪᠣᠭᠳᠠᠯ ᠪᠦᠬᠦᠢ ᠬᠤᠰᠢᠭᠤ ᠬᠤᠲᠠ ᠲᠣᠭᠤᠷᠢᠭ ᠲᠤ ᠰᠢᠯᠵᠢᠭᠦᠯᠦᠨ ᠰᠢᠢᠳᠪᠦᠷᠢᠯᠡᠵᠦ ᠪᠤᠢ᠃       ᠣᠳᠣᠬᠠᠨ ᠳᠤ᠂ ᠪᠦᠭᠦ ᠬᠤᠲᠠ ᠶᠢᠨ 3 ᠪᠦᠯᠦᠭ ᠤᠳᠠᠭ᠎ᠠ ᠶᠢᠨ 29 ᠬᠤᠪᠢ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠨᠢᠭᠡᠨᠲᠡ ᠵᠠᠷᠯᠠᠨ ᠨᠡᠶᠢᠲᠡᠯᠡᠵᠦ᠂ ᠡᠭᠦᠨ ᠳᠤ 15 ᠬᠤᠪᠢ ᠶᠢ ᠨᠢ ᠨᠢᠭᠡᠨᠲᠡ ᠰᠢᠢᠳᠪᠦᠷᠢᠯᠡᠵᠦ ᠳᠠᠭᠤᠰᠬᠠᠨ᠂ 7 ᠬᠤᠪᠢ ᠶᠢ ᠨᠢ ᠶᠠᠭ ᠰᠢᠢᠳᠪᠦᠷᠢᠯᠡᠵᠦ ᠪᠠᠶᠢᠭ᠎ᠠ ᠱᠠᠲᠤᠨ ᠳᠠᠭᠠᠨ ᠪᠠᠶᠢᠵᠤ᠂ 7 ᠬᠤᠪᠢ ᠶᠢ ᠨᠢ ᠰᠢᠢᠳᠪᠦᠷᠢᠯᠡᠵᠦ ᠳᠠᠭᠤᠰᠬᠠᠭᠠᠳᠤᠢ᠃ ᠰᠢᠢᠳᠪᠦᠷᠢᠯᠡᠵᠦ ᠪᠠᠶᠢᠭ᠎ᠠ ᠱᠠᠲᠤᠨ ᠳᠠᠭᠠᠨ ᠪᠠᠶᠢᠭ᠎ᠠ ᠵᠢᠴᠢ ᠰᠢᠢᠳᠪᠦᠷᠢᠯᠡᠵᠦ ᠳᠠᠭᠤᠰᠬᠠᠭᠠᠳᠤᠢ ᠬᠡᠷᠡᠭ ᠢ ᠨᠢᠭᠡᠨᠲᠡ ᠴᠡᠭᠴᠡᠯᠡᠨ ᠰᠠᠶᠢᠵᠢᠷᠠᠭᠤᠯᠬᠤ ᠲᠥᠰᠥᠯ ᠲᠣᠭᠲᠠᠭᠠᠵᠤ᠂ ᠲᠥᠰᠥᠯ ᠳᠤ ᠲᠣᠭᠲᠠᠭᠠᠭᠰᠠᠨ ᠴᠠᠭ ᠤᠨ ᠬᠢᠵᠠᠭᠠᠷ ᠶᠣᠰᠣᠭᠠᠷ ᠰᠢᠢᠳᠪᠦᠷᠢᠯᠡᠵᠦ ᠳᠠᠭᠤᠰᠬᠠᠨ᠎ᠠ᠃ ᠲᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠱᠠᠯᠠᠪᠳᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠠᠬᠢᠭᠤᠯᠤᠨ᠎ᠠ᠃                                                            2023 ᠣᠨ ᠤ 9 ᠰᠠᠷ᠎ᠠ ᠶᠢᠨ 10 ᠤ ᠡᠳᠦᠷ 
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ