ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | | ᠥᠪᠥᠷ ᠵᠠᠰᠠᠭ ᠠᠯᠪᠠᠨ ᠲᠠᠷᠬᠠᠭᠠᠭᠰᠠᠨ ﹇2023﹈ 8 ᠳ᠋ᠤᠭᠠᠷ ᠲᠣᠭᠠᠲᠤ | | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠳᠤ ᠬᠥᠨᠥᠭᠡᠭᠳᠡᠭᠰᠡᠨ ᠳᠤ | ᠨᠥᠬᠦᠪᠦᠷᠢᠯᠡᠬᠦ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ | ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠳᠤ ᠬᠥᠨᠥᠭᠡᠭᠳᠡᠭᠰᠡᠨ ᠳᠤ ᠨᠥᠬᠦᠪᠦᠷᠢᠯᠡᠬᠦ | ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ | 2023 ᠣᠨ ᠤ 1 ᠳ᠋ᠦ᠋ᠭᠡᠷ ᠰᠠᠷ᠎ᠠ ᠶᠢᠨ 5 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠬᠠᠭᠤᠷᠠᠢ ᠶᠢᠨ | ᠬᠡᠭᠡᠷ᠎ᠡ ᠶᠢᠨ ᠠᠮᠢᠲᠠᠨ ᠳᠤ ᠬᠥᠨᠥᠭᠡᠭᠳᠡᠭᠰᠡᠨ ᠳᠤ ᠨᠥᠬᠦᠪᠦᠷᠢᠯᠡᠬᠦ ᠬᠠᠮᠢᠶᠠᠷᠤᠯᠲᠠ ᠶᠢᠨ ᠠᠷᠭ᠎ᠠ | | ᠨᠢᠭᠡᠳᠦᠭᠡᠷ ᠵᠦᠢᠯ ᠨᠢᠭᠡᠴᠢ ᠪᠠ ᠬᠤᠪᠢ ᠬᠥᠮᠥᠨ ᠤ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ | ᠬᠥᠷᠥᠩᠭᠡ ᠬᠤᠬᠢᠷᠠᠯ ᠭᠠᠷᠤᠭᠰᠠᠨ ᠳᠤ ᠵᠠᠰᠠᠭ ᠤᠨ ᠣᠷᠳᠣᠨ ᠠᠴᠠ ᠨᠥᠬᠦᠪᠦᠷᠢᠯᠡᠬᠦ ᠶᠢ ᠬᠠᠤᠯᠢ ᠶᠣᠰᠣᠭᠠᠷ ᠬᠦᠷᠲᠡᠬᠦ ᠡᠷᠬᠡ ᠶᠢ ᠨᠢ ᠪᠠᠲᠤᠯᠠᠬᠤ ᠶᠢᠨ ᠲᠤᠰᠠᠳᠠ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠬᠡᠷᠡᠭᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠭᠡᠳᠡᠭ ᠨᠢ ᠬᠠᠤᠯᠢ ᠶᠣᠰᠣᠭᠠᠷ ᠬᠠᠮᠠᠭᠠᠯᠠᠭᠳᠠᠵᠤ | ᠪᠠᠶᠢᠭ᠎ᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠠᠮᠠᠭᠠᠯᠠᠬᠤ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠵᠢᠴᠢ ᠴᠢᠬᠤᠯᠠ ᠠᠮᠢ ᠠᠬᠤᠢ᠂ | ᠰᠢᠨᠵᠢᠯᠡᠬᠦ ᠤᠬᠠᠭᠠᠨ᠂ ᠨᠡᠶᠢᠭᠡᠮ ᠤᠨ ᠦᠨ᠎ᠡ ᠥᠷᠲᠡᠭ ᠲᠠᠢ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠵᠢᠭᠠᠵᠤ ᠪᠤᠶ᠃ ᠥᠪᠡᠷᠲᠡᠭᠡᠨ ᠵᠠᠰᠠᠬᠤ ᠣᠷᠣᠨ ᠤ ᠵᠠᠰᠠᠭ | ᠵᠠᠬᠢᠷᠭᠠᠨ ᠤ ᠣᠷᠣᠨ ᠤ ᠳᠣᠲᠣᠷ᠎ᠠ᠂ ᠲᠤᠰ ᠠᠷᠭ᠎ᠠ ᠳᠤ ᠲᠣᠭᠲᠠᠭᠠᠭᠰᠠᠨ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠴᠠ ᠪᠣᠯᠵᠤ ᠬᠥᠮᠥᠨ ᠠᠳᠡᠵᠦ | ᠭᠡᠮᠲᠦᠭᠰᠡᠨ ᠪᠠ ᠡᠳ᠋ ᠬᠥᠷᠥᠩᠭᠡ ᠬᠤᠬᠢᠷᠠᠯ ᠭᠠᠷᠤᠭᠰᠠᠨ ᠳᠤ ᠨᠥᠬᠦᠪᠦᠷᠢᠯᠡᠬᠦ ᠠᠵᠢᠯ ᠳᠤ ᠲᠤᠰ ᠠᠷᠭ᠎ᠠ ᠬᠡᠷᠡᠭᠯᠡᠭᠳᠡᠨ᠎ᠡ᠃ ᠡᠬᠡ ᠬᠠᠭᠤᠷᠠᠢ ᠶᠢᠨ ᠬᠡᠭᠡᠷ᠎ᠡ ᠶᠢᠨ | ᠠᠮᠢᠲᠠᠨ ᠳᠤ ᠬᠥᠨᠥᠭᠡᠭᠳᠡᠭᠰᠡᠨ ᠳᠤ ᠨᠥᠬᠦᠪᠦᠷᠢᠯᠡᠬᠦ ᠪᠠᠨ ᠨᠢᠭᠡᠨᠲᠡ ᠲᠥᠷᠥ ᠶᠢᠨ ᠪᠣᠳᠣᠯᠭ᠎ᠠ ᠶᠢᠨ ᠴᠢᠨᠠᠷᠲᠠᠢ ᠳᠠᠭᠠᠳᠬᠠᠯ ᠤᠨ ᠲᠤᠬᠠᠶᠢᠯᠠᠭᠰᠠᠨ ᠠᠵᠢᠯ ᠳᠤ | ᠣᠷᠣᠭᠤᠯᠤᠭᠰᠠᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠷᠢᠶ᠎ᠠ ᠪᠦᠬᠦᠢ ᠵᠠᠰᠠᠭ ᠵᠠᠬᠢᠷᠭᠠᠨ ᠤ ᠣᠷᠣᠨ ᠳᠤ ᠭᠠᠷᠤᠭᠰᠠᠨ ᠡᠬᠡ ᠬᠠᠭᠤᠷᠠᠢ ᠶᠢᠨ ᠬᠡᠭᠡᠷ᠎ᠡ ᠶᠢᠨ | ᠠᠮᠢᠲᠠᠨ ᠤ ᠬᠤᠣᠷ ᠬᠥᠨᠥᠭᠡᠯ ᠪᠠ ᠬᠥᠨᠥᠭᠡᠭᠳᠡᠭᠰᠡᠨ ᠪᠠᠶᠢᠳᠠᠯ ᠨᠢ ᠳᠠᠭᠠᠳᠬᠠᠯ ᠤᠨ ᠭᠡᠷ᠎ᠡ ᠶᠢᠨ ᠲᠥᠯᠥᠬᠦ ᠬᠡᠪᠴᠢᠶᠡᠨ ᠳᠤ ᠬᠠᠷᠢᠶᠠᠯᠠᠭᠳᠠᠬᠤ ᠦᠭᠡᠢ ᠪᠠᠶᠢᠪᠠᠯ ᠲᠤᠰ | ᠠᠷᠭ᠎ᠠ ᠬᠡᠷᠡᠭᠯᠡᠭᠳᠡᠨ᠎ᠡ᠃ | ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ | ᠬᠤᠬᠢᠷᠠᠯ ᠭᠠᠷᠤᠭᠰᠠᠨ ᠳᠤ ᠨᠥᠬᠦᠪᠦᠷᠢᠯᠡᠬᠦ ᠠᠵᠢᠯ ᠢ ᠵᠢᠭᠠᠨ ᠵᠢᠯᠤᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠬᠤᠰᠢᠭᠤ ᠰᠢᠶᠠᠨ ︵ᠬᠤᠲᠠ᠂ | ᠲᠣᠭᠤᠷᠢᠭ︶ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ | ᠳᠣᠲᠣᠷᠠᠬᠢ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ ᠶᠢᠨ ᠬᠤᠬᠢᠷᠠᠯ ᠭᠠᠷᠤᠭᠰᠠᠨ ᠪᠠᠶᠢᠳᠠᠯ ᠢ | ᠬᠢᠨᠠᠨ ᠬᠠᠷᠭᠤᠭᠤᠯᠬᠤ᠂ ᠦᠨᠡᠯᠡᠬᠦ᠂ ᠨᠥᠬᠦᠪᠦᠷᠢᠯᠡᠬᠦ ᠠᠵᠢᠯ ᠢ ᠬᠠᠷᠢᠭᠤᠴᠠᠨ᠎ᠠ᠃ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠬᠤᠬᠢᠷᠠᠯ ᠤᠴᠠᠷᠠᠭᠤᠯᠤᠭᠰᠠᠨ ᠪᠠᠶᠢᠳᠠᠯ ᠳᠤ ᠪᠠᠶᠢᠴᠠᠭᠠᠯᠲᠠ ᠬᠢᠬᠦ | ᠠᠵᠢᠯ ᠢ ᠰᠠᠶᠢᠲᠤᠷ ᠬᠢᠵᠦ᠂ ᠭᠠᠴᠠᠭ᠎ᠠ ᠲᠣᠰᠬᠤᠨ ᠤ ᠵᠥᠪᠯᠡᠯ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶ ᠨᠢ ᠬᠠᠮᠢᠶ᠎ᠠ ᠪᠦᠬᠦᠢ ᠠᠵᠢᠯ ᠢ | ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ᠂ ᠬᠥᠭᠵᠢᠭᠦᠯᠦᠯᠲᠡ ᠪᠠ | ᠥᠭᠡᠷᠡᠴᠢᠯᠡᠯᠲᠡ᠂ ᠠᠷᠠᠳ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠠᠴᠠ ᠪᠣᠯᠤᠭᠰᠠᠨ | ᠬᠥᠨᠥᠭᠡᠯ ᠳᠤ ᠪᠠᠶᠢᠴᠠᠭᠠᠯᠲᠠ ᠬᠢᠬᠦ᠂ ᠨᠤᠲᠠᠯᠠᠨ ᠲᠣᠭᠲᠠᠭᠠᠬᠤ ᠵᠡᠷᠭᠡ ᠨᠥᠬᠦᠪᠦᠷᠢᠯᠡᠬᠦ ᠯᠦᠭᠡ ᠬᠠᠮᠢᠶ᠎ᠠ ᠪᠦᠬᠦᠢ ᠠᠵᠢᠯ ᠢ ᠬᠠᠮᠵᠢᠨ ᠰᠠᠶᠢᠲᠤᠷ ᠬᠢᠬᠦ ᠬᠡᠷᠡᠭᠲᠡᠢ᠃ | ᠳᠥᠷᠪᠡᠳᠦᠭᠡᠷ ᠵᠦᠢᠯ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠰᠢᠭᠤ ᠰᠢᠶᠠᠨ ︵ᠬᠤᠲᠠ᠂ ᠲᠣᠭᠤᠷᠢᠭ︶ | ᠤ ᠠᠷᠠᠳ ᠤᠨ ᠵᠠᠰᠠᠭ ᠤᠨ ᠣᠷᠳᠣᠨ ᠨᠢ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠤᠬᠢᠷᠠᠯ ᠤᠴᠠᠷᠠᠭᠤᠯᠬᠤ ᠶᠢ ᠰᠡᠷᠭᠡᠶᠢᠯᠡᠨ ᠡᠵᠡᠮᠳᠡᠬᠦ᠂ ᠤᠬᠠᠭᠤᠯᠭ᠎ᠠ ᠬᠢᠵᠦ | ᠪᠣᠯᠪᠠᠰᠤᠷᠠᠯ ᠬᠦᠷᠲᠡᠭᠡᠬᠦ ᠪᠠ ᠬᠤᠬᠢᠷᠠᠯ ᠢ ᠨᠥᠬᠦᠪᠦᠷᠢᠯᠡᠬᠦ ᠵᠡᠷᠭᠡ ᠵᠠᠷᠤᠳᠠᠯ ᠢ ᠲᠤᠰ ᠱᠠᠲᠤᠨ ᠤ ᠪᠠᠨ ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ ᠬᠡᠷᠡᠭᠲᠡᠢ᠃ | ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ ᠶᠢᠨ ᠬᠤᠬᠢᠷᠠᠯ ᠭᠠᠷᠤᠭᠰᠠᠨ ᠳᠤ ᠨᠥᠬᠦᠪᠦᠷᠢᠯᠡᠬᠦ ᠶᠢ᠂ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠬᠠᠷᠢᠶᠠᠲᠤ ᠭᠠᠵᠠᠷ ᠢᠶᠠᠷ ᠬᠠᠮᠢᠶᠠᠷᠬᠤ ᠵᠠᠷᠴᠢᠮ ᠶᠣᠰᠣᠭᠠᠷ᠂ ᠨᠥᠬᠦᠪᠦᠷᠢᠯᠡᠬᠦ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠠᠵᠢᠯ ᠶᠠᠪᠤᠳᠠᠯ ᠤᠨ ᠬᠠᠮᠢᠶᠠᠷᠬᠤ | ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠷᠢᠯᠴᠠᠨ ᠲᠣᠬᠢᠷᠠᠯᠴᠠᠭᠤᠯᠬᠤ ᠵᠠᠷᠴᠢᠮ ᠶᠣᠰᠣᠭᠠᠷ᠂ ᠨᠥᠬᠦᠪᠦᠷᠢᠯᠡᠬᠦ ᠪᠡᠯᠡ ᠮᠥᠩᠭᠦ ᠶᠢ ᠨᠠᠶᠢᠳᠠᠪᠤᠷᠢᠵᠢᠭᠤᠯᠤᠨ᠎ᠠ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠳᠣᠣᠷᠠᠬᠢ ᠠᠵᠢᠯ ᠢ ᠰᠠᠶᠢᠲᠤᠷ ᠬᠢᠬᠦ | ᠬᠡᠷᠡᠭᠲᠡᠢ᠄ ︵ᠨᠢᠭᠡ︶ ᠬᠠᠮᠢᠶ᠎ᠠ ᠪᠦᠬᠦᠢ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠳᠦᠷᠰᠦ ᠶᠢᠨ ᠰᠦᠷᠦᠭ ᠤᠨ ᠲᠤᠭ᠎ᠠ ᠬᠡᠮᠵᠢᠶ᠎ᠡ ᠪᠣᠯᠣᠨ ᠲᠠᠷᠬᠠᠯᠲᠠ ᠶᠢᠨ | ᠣᠷᠣᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠶᠢᠨ ᠬᠠᠮᠲᠤ᠂ ᠰᠢᠨᠵᠢᠯᠡᠬᠦ ᠤᠬᠠᠭᠠᠨᠴᠢ ᠪᠦᠲᠦᠮᠵᠢᠲᠡᠶ ᠰᠡᠷᠭᠡᠶᠢᠯᠡᠬᠦ ᠠᠷᠭ᠎ᠠ ᠬᠡᠮᠵᠢᠶ᠎ᠡ ᠲᠣᠭᠲᠠᠭᠠᠬᠤ | ᠬᠡᠷᠡᠭᠲᠡᠢ︔ ︵ᠬᠤᠶᠠᠷ︶ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠦᠷᠭᠦᠯᠵᠢ ᠢᠯᠡᠷᠡᠳᠡᠭ ᠣᠷᠣᠨ ᠪᠦᠰᠡ ᠳᠤ ᠰᠡᠷᠡᠮᠵᠢᠯᠡᠭᠦᠯᠬᠦ ᠲᠡᠮᠳᠡᠭ ᠲᠠᠯᠪᠢᠵᠤ᠂ | ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢᠨ ᠭᠠᠷ ᠠᠪᠤᠯᠭ᠎ᠠ ᠲᠠᠷᠬᠠᠭᠠᠵᠤ᠂ ᠲᠧᠯᠸᠢᠰ᠂ ᠷᠠᠳᠢᠣ᠋᠂ ᠰᠣᠨᠢᠨ ᠰᠡᠳᠬᠦᠯ᠂ ᠲᠣᠣᠷ ᠰᠦᠯᠵᠢᠶ᠎ᠡ ᠵᠡᠷᠭᠡ ᠵᠠᠭᠤᠴᠢᠯᠠᠭᠤᠷ ᠢ | ᠠᠰᠢᠭᠯᠠᠨ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠰᠡᠷᠭᠡᠶᠢᠯᠡᠨ ᠬᠠᠮᠠᠭᠠᠯᠠᠬᠤ ᠮᠡᠳᠡᠯᠭᠡ ᠶᠢ | ᠤᠬᠠᠭᠤᠯᠵᠤ᠂ ᠠᠷᠠᠳ ᠣᠯᠠᠨ ᠤ ᠬᠠᠮᠠᠭᠠᠯᠠᠬᠤ ᠬᠢᠭᠡᠳ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠨᠢ ᠳᠡᠭᠡᠭᠰᠢᠯᠡᠭᠦᠯᠬᠦ ᠬᠡᠷᠡᠭᠲᠡᠢ︔ ︵ᠭᠤᠷᠪᠠ︶ ᠡᠬᠡ | ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠡᠪᠰᠢᠯ ᠵᠠᠩᠰᠢᠯ᠂ ᠰᠡᠷᠭᠡᠶᠢᠯᠡᠨ ᠬᠠᠮᠠᠭᠠᠯᠠᠬᠤ ᠮᠡᠷᠭᠡᠵᠢᠯ ᠵᠡᠷᠭᠡ ᠠᠭᠤᠯᠭ᠎ᠠ ᠯᠤᠭ᠎ᠠ ᠬᠤᠯᠪᠣᠭᠳᠠᠯ ᠪᠦᠬᠦᠢ ᠪᠣᠯᠪᠠᠰᠤᠷᠠᠯ ᠤᠨ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ︔ ︵ᠳᠥᠷᠪᠡ︶ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠥᠮᠥᠨ ᠬᠠᠷ᠎ᠠ ᠡᠳ᠋ ᠬᠥᠷᠥᠩᠭᠡ ᠶᠢᠨ ᠠᠮᠤᠷ | ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠣᠭᠲᠠᠭᠠᠨ ᠲᠡᠭᠦᠯᠳᠡᠷᠵᠢᠭᠦᠯᠬᠦ ᠬᠡᠷᠡᠭᠲᠡᠢ︔ ︵ᠲᠠᠪᠤ︶ | ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠭᠡᠮᠲᠦᠭᠡᠵᠦ ᠬᠤᠬᠢᠷᠠᠭᠤᠯᠬᠤ ᠪᠣᠯᠣᠮᠵᠢᠲᠠᠢ ᠪᠠᠶᠢᠳᠠᠯ ᠢ ᠰᠡᠷᠭᠡᠶᠢᠯᠡᠬᠦ ᠪᠠ ᠡᠵᠡᠮᠳᠡᠬᠦ ᠮᠡᠷᠭᠡᠵᠢᠯ᠂ ᠠᠷᠭ᠎ᠠ ᠬᠡᠮᠵᠢᠶ᠎ᠡ ᠶᠢ | ᠰᠤᠳᠤᠯᠬᠤ ᠶᠢᠨ ᠬᠠᠮᠲᠤ ᠶᠡᠷᠦᠩᠬᠡᠶᠢᠯᠡᠨ ᠠᠰᠢᠭᠯᠠᠵᠤ᠂ ᠲᠥᠯᠥᠪᠯᠡᠭᠡ ᠲᠠᠢ ᠪᠠᠷ ᠠᠩᠨᠠᠬᠤ᠂ ᠳᠦᠷᠰᠦ ᠶᠢᠨ ᠰᠦᠷᠦᠭ ᠢ ᠨᠢ ᠡᠵᠡᠮᠰᠢᠨ ᠲᠣᠬᠢᠷᠠᠭᠤᠯᠬᠤ ᠵᠡᠷᠭᠡ ᠶᠢ | ᠰᠢᠨᠵᠢᠯᠡᠬᠦ ᠤᠬᠠᠭᠠᠨᠴᠢ ᠪᠠᠷ ᠨᠤᠲᠠᠯᠠᠬᠤ ᠬᠡᠷᠡᠭᠲᠡᠢ︔ ︵ᠵᠢᠷᠭᠤᠭ᠎ᠠ︶ ᠳᠠᠭᠠᠳᠬᠠᠯ ᠤᠨ ᠪᠠᠶᠢᠭᠤᠯᠤᠮᠵᠢ ᠶᠢᠨ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠥᠮᠥᠨ | ᠬᠠᠷ᠎ᠠ ᠡᠳ᠋ ᠬᠥᠷᠥᠩᠭᠡ ᠶᠢ ᠭᠡᠮᠲᠦᠭᠡᠵᠦ ᠬᠤᠬᠢᠷᠠᠭᠤᠯᠤᠭᠰᠠᠨ ᠳᠤ ᠲᠥᠯᠥᠪᠦᠷᠢ ᠥᠭᠬᠦ ᠲᠥᠷᠥ ᠶᠢᠨ ᠪᠣᠳᠣᠯᠭ᠎ᠠ ᠶᠢᠨ ᠴᠢᠨᠠᠷᠲᠠᠢ ᠳᠠᠭᠠᠳᠬᠠᠯ ᠤᠨ ᠲᠤᠬᠠᠶᠢᠯᠠᠭᠰᠠᠨ | ᠠᠵᠢᠯ ᠥᠷᠨᠢᠭᠦᠯᠬᠦ ᠶᠢ ᠨᠢ ᠢᠳᠡᠪᠬᠢᠲᠡᠢ ᠠᠬᠢᠭᠤᠯᠬᠤ ᠬᠡᠷᠡᠭᠲᠡᠢ᠃ | ᠵᠢᠷᠭᠤᠳᠤᠭᠠᠷ ᠵᠦᠢᠯ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ | ᠬᠤᠬᠢᠷᠠᠯ ᠭᠠᠷᠤᠭᠰᠠᠨ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠤᠨ ᠣᠷᠳᠣᠨ ᠠᠴᠠ ᠨᠥᠬᠦᠪᠦᠷᠢᠯᠡᠨ᠎ᠡ᠄ ︵ᠨᠢᠭᠡ︶ ᠠᠷᠠᠳ ᠢᠷᠭᠡᠨ ᠭᠡᠮᠲᠦᠭᠰᠡᠨ | ᠪᠤᠶᠤ ᠠᠳᠡᠭᠰᠡᠨ︔ ︵ᠬᠤᠶᠠᠷ︶ ᠬᠠᠰᠢᠶᠠᠯᠠᠨ ᠲᠡᠵᠢᠭᠡᠵᠦ ᠪᠠᠶᠢᠭ᠎ᠠ ᠪᠤᠶᠤ ᠬᠠᠤᠯᠢ ᠶᠣᠰᠣᠭᠠᠷ ᠬᠤᠪᠢᠶᠠᠷᠢᠯᠠᠨ ᠲᠣᠭᠲᠠᠭᠠᠭᠰᠠᠨ ᠣᠷᠣᠨ ᠪᠦᠰᠡ ᠳᠤ | ᠪᠡᠯᠴᠢᠭᠡᠷᠯᠡᠭᠦᠯᠵᠦ ᠪᠠᠶᠢᠭ᠎ᠠ ᠮᠠᠯ ᠵᠢᠭᠦᠷᠲᠡᠨ ᠭᠡᠮᠲᠦᠭᠰᠡᠨ ᠪᠤᠶᠤ ᠦᠬᠦᠭᠰᠡᠨ︔ ︵ᠭᠤᠷᠪᠠ︶ ᠬᠠᠤᠯᠢ ᠶᠣᠰᠣᠭᠠᠷ ᠬᠤᠪᠢᠶᠠᠷᠢᠯᠠᠨ ᠲᠣᠭᠲᠠᠭᠠᠭᠰᠠᠨ ᠣᠷᠣᠨ ᠪᠦᠰᠡᠨ ᠳᠤ | ᠳᠠᠷᠢᠭᠰᠠᠨ ᠲᠠᠷᠢᠮᠠᠯ ︵ᠡᠪᠡᠰᠦ ᠪᠡᠯᠴᠢᠭᠡᠷ︶᠂ ᠠᠵᠤ ᠠᠬᠤᠢ ᠶᠢᠨ ᠤᠢ ᠮᠣᠳᠣ ᠵᠡᠷᠭᠡ ᠶᠢ ᠰᠢᠭᠤᠳ ᠬᠤᠬᠢᠷᠠᠭᠤᠯᠤᠭᠰᠠᠨ︔ ︵ᠳᠥᠷᠪᠡ︶ ᠣᠯᠠᠨ ᠲᠦᠮᠡᠨ ᠤ | ᠡᠳᠦᠷ ᠲᠤᠲᠤᠮ ᠤᠨ ᠰᠠᠭᠤᠵᠤ ᠬᠡᠷᠡᠭᠯᠡᠵᠦ ᠪᠠᠶᠢᠭ᠎ᠠ ᠭᠡᠷ ᠪᠠᠶᠢᠰᠢᠩ᠂ ᠭᠡᠷ ᠤᠨ ᠬᠡᠷᠡᠭᠰᠡᠯ᠂ ᠮᠠᠯ ᠤᠨ ᠬᠠᠰᠢᠶ᠎ᠠ ᠰᠠᠷᠠᠪᠴᠢ ᠵᠡᠷᠭᠡ ᠦᠢᠯᠡᠳᠪᠦᠷᠢᠯᠡᠯ ᠠᠮᠢᠳᠤᠷᠠᠯ ᠤᠨ | ᠪᠡᠯᠡᠳᠬᠡᠮᠵᠢ ᠶᠢ ᠬᠤᠬᠢᠷᠠᠭᠤᠯᠤᠭᠰᠠᠨ︔ ︵ᠲᠠᠪᠤ︶ ᠬᠤᠰᠢᠭᠤ ᠰᠢᠶᠠᠨ ︵ᠬᠤᠳᠠ᠂ ᠲᠣᠭᠤᠷᠢᠭ︶ ᠤ ᠤᠢ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠮᠠᠭᠠᠳᠯᠠᠨ ᠲᠣᠭᠲᠠᠭᠠᠭᠰᠠᠨ ᠪᠤᠰᠤᠳ ᠪᠠᠶᠢᠳᠠᠯ᠃ | ᠳᠣᠯᠣᠳᠤᠭᠠᠷ ᠵᠦᠢᠯ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠥᠮᠥᠨ ᠢ ᠠᠳᠡᠬᠡᠵᠦ ᠭᠡᠮᠲᠦᠭᠡᠭᠰᠡᠨ ᠪᠠ ᠡᠳ᠋ ᠬᠥᠷᠥᠩᠭᠡ ᠶᠢ ᠬᠤᠬᠢᠷᠠᠭᠤᠯᠤᠭᠰᠠᠨ ᠳᠤ | ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠤᠨ ᠣᠷᠳᠣᠨ ᠠᠴᠠ ᠨᠥᠬᠦᠪᠦᠷᠢᠯᠡᠬᠦ ᠦᠭᠡᠢ᠄ ︵ᠨᠢᠭᠡ︶ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ | ᠰᠠᠨᠠᠭᠠᠴᠢᠯᠠᠭ᠎ᠠ ᠲᠠᠢ ᠪᠠᠷ ᠴᠣᠬᠢᠨ ᠳᠠᠭᠠᠷᠢᠬᠤ ᠪᠤᠶᠤ ᠵᠣᠷᠢᠭᠤᠳᠠ ᠭᠡᠮᠲᠦᠭᠡᠵᠦ᠂ ᠥᠳᠥᠭᠡᠵᠦ ᠪᠠᠶᠢᠭᠠᠳ ᠭᠡᠮᠲᠦᠭᠰᠡᠨ ᠪᠤᠶᠤ ᠡᠳ᠋ ᠬᠥᠷᠥᠩᠭᠡ ᠶᠢᠨ ᠬᠤᠬᠢᠷᠠᠯ | ᠭᠠᠷᠤᠭᠰᠠᠨ︔ ︵ᠬᠤᠶᠠᠷ︶ ᠬᠠᠤᠯᠢ ᠪᠤᠰᠤ ᠪᠠᠷ ᠠᠩ ᠠᠩᠨᠠᠭᠰᠠᠨ ᠪᠤᠶᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠳᠤᠷ᠎ᠠ ᠪᠠᠷ ᠢᠶᠠᠨ ᠣᠷᠣᠭᠠᠳ ᠭᠡᠮᠲᠦᠭᠰᠡᠨ | ᠪᠤᠶᠤ ᠡᠳ᠋ ᠬᠥᠷᠥᠩᠭᠡ ᠶᠢᠨ ᠬᠤᠬᠢᠷᠠᠯ ᠭᠠᠷᠤᠭᠰᠠᠨ︔ ︵ᠭᠤᠷᠪᠠ︶ ᠬᠤᠪᠢᠶᠠᠷᠢᠯᠠᠨ ᠲᠣᠭᠲᠠᠭᠠᠭᠰᠠᠨ ᠦᠢᠯᠡᠳᠪᠦᠷᠢᠯᠡᠯ ᠡᠵᠡᠩᠨᠡᠯᠲᠡ ᠶᠢᠨ ᠬᠡᠪᠴᠢᠶᠡᠨ ᠠᠴᠠ | ᠭᠠᠳᠠᠨᠠᠬᠢ ᠲᠠᠷᠢᠮᠠᠯ᠂ ᠠᠵᠤ ᠠᠬᠤᠢ ᠶᠢᠨ ᠣᠢ ᠮᠣᠳᠣ ᠪᠤᠶᠤ ᠠᠷᠠᠴᠢᠯᠠᠨ ᠲᠡᠵᠢᠭᠡᠭᠰᠡᠨ ᠮᠠᠯ ᠵᠢᠭᠦᠷᠲᠡᠨ ᠢ ᠬᠤᠬᠢᠷᠠᠭᠤᠯᠤᠭᠰᠠᠨ︔ ︵ᠳᠥᠷᠪᠡ︶ ᠬᠠᠤᠯᠢ ᠠᠴᠠ | ᠵᠥᠷᠢᠴᠡᠵᠦ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠳᠠᠰᠬᠠᠨ ᠲᠡᠵᠢᠭᠡᠬᠦ᠂ ᠦᠷᠡᠵᠢᠭᠦᠯᠬᠦ᠂ ᠡᠵᠡᠩᠨᠡᠬᠦ᠂ ᠠᠰᠢᠭᠯᠠᠬᠤ ᠵᠢᠴᠢ ᠵᠥᠭᠡᠭᠡᠪᠦᠷᠢᠯᠡᠭᠡᠳ ᠬᠥᠮᠥᠨ | ᠠᠳᠡᠵᠦ ᠭᠡᠮᠲᠦᠭᠰᠡᠨ ᠪᠤᠶᠤ ᠡᠳ᠋ ᠬᠥᠷᠥᠩᠭᠡ ᠶᠢᠨ ᠬᠤᠬᠢᠷᠠᠯ ᠭᠠᠷᠤᠭᠰᠠᠨ︔ ︵ᠲᠠᠪᠤ︶ ᠭᠤᠷᠪᠠᠳᠠᠭᠢ ᠡᠲᠡᠭᠡᠳ ᠠᠴᠠ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ | ᠵᠣᠷᠢᠭᠤᠳᠠ ᠥᠷᠭᠦᠭᠡᠨ ᠳᠦᠷᠪᠡᠭᠡᠵᠦ᠂ ᠰᠣᠴᠢᠭᠠᠵᠤ ᠨᠠᠳᠬᠤᠭᠤᠯᠤᠭᠰᠠᠨ ᠠᠴᠠ ᠪᠣᠯᠵᠤ ᠬᠥᠮᠥᠨ ᠭᠡᠮᠲᠦᠭᠰᠡᠨ ᠪᠠ ᠡᠳ᠋ ᠬᠥᠷᠥᠩᠭᠡ ᠶᠢᠨ ᠬᠤᠬᠢᠷᠠᠯ ᠭᠠᠷᠤᠭᠰᠠᠨ | ᠪᠠᠶᠢᠪᠠᠯ᠂ ᠭᠤᠷᠪᠠᠳᠠᠭᠢ ᠡᠲᠡᠭᠡᠳ ᠠᠴᠠ ᠬᠠᠤᠯᠢ ᠶᠣᠰᠣᠭᠠᠷ ᠢᠷᠭᠡᠨ ᠤ ᠬᠡᠷᠡᠭ ᠤᠨ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ︔ ︵ᠵᠢᠷᠭᠤᠭ᠎ᠠ︶ | ᠬᠤᠰᠢᠭᠤ ᠰᠢᠶᠠᠨ ︵ᠬᠤᠲᠠ᠂ ᠲᠣᠭᠤᠷᠢᠭ︶ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠨᠥᠬᠦᠪᠦᠷᠢᠯᠡᠬᠦ ᠦᠭᠡᠢ ᠪᠠᠷ ᠮᠠᠭᠠᠳᠯᠠᠨ ᠲᠣᠭᠲᠠᠭᠠᠭᠰᠠᠨ ᠪᠤᠰᠤᠳ ᠪᠠᠶᠢᠳᠠᠯ᠃ | ᠨᠠᠢᠮᠠᠳᠤᠭᠠᠷ ᠵᠦᠢᠯ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠬᠥᠮᠥᠨ ᠤ ᠬᠦᠴᠦ ᠪᠠᠷ ᠦᠷᠡᠵᠢᠭᠦᠯᠵᠦ ᠪᠤᠶᠢᠵᠢᠭᠤᠯᠬᠤ᠂ ᠡᠵᠡᠩᠨᠡᠨ ᠠᠰᠢᠭᠯᠠᠬᠤ ᠵᠢᠴᠢ | ᠵᠥᠭᠡᠭᠡᠪᠦᠷᠢᠯᠡᠬᠦ ᠨᠢᠭᠡᠴᠢ ᠪᠤᠶᠤ ᠬᠤᠪᠢ ᠬᠥᠮᠥᠨ᠂ ᠬᠠᠮᠢᠶᠠᠷᠤᠯᠲᠠ ᠮᠠᠭᠤ ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ ᠶᠢᠨ ᠬᠤᠬᠢᠷᠠᠯ | ᠭᠠᠷᠤᠭᠰᠠᠨ ᠪᠠᠶᠢᠪᠠᠯ᠂ ᠬᠥᠮᠥᠨ ᠤ ᠬᠦᠴᠦ ᠪᠠᠷ ᠦᠷᠡᠵᠢᠭᠦᠯᠵᠦ ᠪᠤᠶᠢᠵᠢᠭᠤᠯᠬᠤ᠂ ᠡᠵᠡᠩᠨᠡᠨ ᠠᠰᠢᠭᠯᠠᠬᠤ ᠵᠢᠴᠢ ᠵᠥᠭᠡᠭᠡᠪᠦᠷᠢᠯᠡᠬᠦ ᠨᠢᠭᠡᠴᠢ ᠪᠤᠶᠤ ᠬᠤᠪᠢ ᠬᠥᠮᠥᠨ | ᠬᠠᠤᠯᠢ ᠶᠣᠰᠣᠭᠠᠷ ᠢᠷᠭᠡᠨ ᠤ ᠬᠡᠷᠡᠭ ᠤᠨ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | ᠶᠢᠰᠦᠳᠦᠭᠡᠷ ᠵᠦᠢᠯ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠠᠴᠠ ᠪᠣᠯᠵᠤ ᠬᠥᠮᠥᠨ ᠬᠠᠷ᠎ᠠ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠢ | ᠨᠥᠬᠦᠪᠦᠷᠢᠯᠡᠬᠦ ᠵᠣᠭᠤᠰ ᠢ ᠳᠣᠣᠷᠠᠬᠢ ᠲᠣᠭᠲᠠᠭᠠᠯ ᠶᠣᠰᠣᠭᠠᠷ ᠪᠣᠳᠣᠨ᠎ᠠ᠄ ︵ᠨᠢᠭᠡ︶ ᠬᠥᠮᠥᠨ ᠬᠠᠷ᠎ᠠ ᠶᠢ ᠭᠡᠮᠲᠦᠭᠡᠭᠰᠡᠨ ᠪᠠᠶᠢᠪᠠᠯ᠂ ᠬᠤᠬᠢᠷᠠᠯ ᠠᠮᠰᠠᠭᠴᠢ ᠶᠢᠨ | ᠵᠠᠷᠤᠴᠠᠭᠤᠯᠤᠭᠰᠠᠨ ᠡᠮᠴᠢᠯᠡᠭᠡᠨ ᠤ ᠵᠠᠷᠤᠳᠠᠯ ᠵᠢᠴᠢ ᠠᠵᠢᠯ ᠰᠠᠭᠠᠲᠠᠭᠰᠠᠨ ᠤ ᠬᠠᠷᠠᠭ᠎ᠠ ᠠᠴᠠ ᠪᠣᠯᠵᠤ ᠬᠠᠰᠤᠭᠳᠠᠭᠰᠠᠨ ᠣᠷᠣᠯᠭ᠎ᠠ ᠵᠡᠷᠭᠡ ᠳᠤ ᠨᠥᠬᠦᠪᠦᠷᠢᠯᠡᠨ᠎ᠡ᠃ | ᠠᠵᠢᠯ ᠰᠠᠭᠠᠲᠠᠭᠰᠠᠨ ᠤ ᠬᠠᠷᠠᠭ᠎ᠠ ᠠᠴᠠ ᠪᠣᠯᠵᠤ ᠬᠠᠰᠤᠭᠳᠠᠭᠰᠠᠨ ᠣᠷᠣᠯᠭ᠎ᠠ ᠶᠢ᠂ ᠪᠠᠶᠢᠭ᠎ᠠ ᠭᠠᠵᠠᠷ ᠤᠨ ᠳᠡᠭᠡᠷ᠎ᠡ ᠣᠨ ᠤ ᠠᠵᠢᠯᠲᠠᠨ ᠠᠵᠢᠯᠴᠢᠨ ᠤ ᠡᠳᠦᠷ ᠤᠨ | ᠳᠤᠮᠳᠠᠴᠢ ᠴᠠᠯᠢᠩ ᠢ ᠠᠵᠢᠯ ᠰᠠᠭᠠᠲᠠᠭᠰᠠᠨ ᠴᠠᠭ ᠢᠶᠠᠷ ᠦᠷᠡᠵᠢᠭᠦᠯᠵᠦ ᠪᠣᠳᠣᠨ᠂ ᠠᠵᠢᠯ ᠰᠠᠭᠠᠲᠠᠭᠰᠠᠨ ᠴᠠᠭ ᠢ ᠬᠤᠬᠢᠷᠠᠯ ᠠᠮᠰᠠᠭᠴᠢ ᠶᠢᠨ ᠡᠮᠨᠡᠭᠦᠯᠦᠭᠰᠡᠨ | ᠡᠮᠴᠢᠯᠡᠭᠡᠨ ᠤ ᠪᠠᠶᠢᠭᠤᠯᠤᠮᠵᠢ ᠶᠢᠨ ᠭᠠᠷᠭᠠᠭᠰᠠᠨ ᠬᠦᠴᠦᠨ ᠪᠦᠬᠦᠢ ᠭᠡᠷᠡᠴᠢ ᠶᠢ ᠦᠨᠳᠦᠰᠦᠯᠡᠨ ᠲᠣᠭᠲᠠᠭᠠᠨ᠎ᠠ᠃ ᠨᠥᠬᠦᠪᠦᠷᠢᠯᠡᠬᠦ ᠵᠣᠭᠤᠰᠤᠨ ᠤ ᠬᠠᠮᠤᠭ ᠤᠨ ᠶᠡᠭᠡ | ᠲᠤᠭ᠎ᠠ ᠶᠢ ᠳᠡᠭᠡᠷ᠎ᠡ ᠣᠨ ᠤ ᠥᠪᠡᠷᠲᠡᠭᠡᠨ ᠵᠠᠰᠠᠬᠤ ᠣᠷᠣᠨ ᠤ ᠪᠦᠭᠦ ᠰᠠᠭᠤᠭᠠᠯᠢ ᠠᠷᠠᠳ ᠤᠨ ᠵᠢᠯ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ | 3 ᠳᠠᠬᠢᠨ ᠠᠴᠠ ᠳᠠᠪᠠᠭᠤᠯᠬᠤ ᠦᠭᠡᠢ︔ ︵ᠬᠤᠶᠠᠷ︶ ᠬᠥᠮᠥᠨ ᠤ ᠬᠥᠳᠡᠯᠮᠦᠷᠢᠯᠡᠬᠦ ᠴᠢᠳᠠᠪᠤᠷᠢ ᠶᠢ ᠨᠢ ᠬᠡᠰᠡᠭ ᠪᠤᠶᠤ ᠪᠦᠬᠦᠠ ᠢᠶᠠᠷ ᠠᠯᠳᠠᠭᠤᠯᠤᠭᠰᠠᠨ ᠪᠠᠶᠢᠪᠠᠯ᠂ | ᠬᠤᠬᠢᠷᠠᠯ ᠠᠮᠰᠠᠭᠴᠢ ᠶᠢᠨ ᠵᠠᠷᠤᠴᠠᠭᠤᠯᠤᠭᠰᠠᠨ ᠡᠮᠴᠢᠯᠡᠭᠡᠨ ᠤ ᠵᠠᠷᠤᠳᠠᠯ᠂ ᠠᠵᠢᠯ ᠰᠠᠭᠠᠲᠠᠭᠰᠠᠨ ᠵᠠᠷᠤᠳᠠᠯ ᠵᠡᠷᠭᠡ ᠶᠢ ᠨᠢᠭᠡ ᠯᠡ ᠤᠳᠠᠭ᠎ᠠ ᠪᠠᠷ ᠨᠥᠬᠦᠪᠦᠷᠢᠯᠡᠨ᠎ᠡ᠃ | ᠨᠢᠭᠡ ᠯᠡ ᠤᠳᠠᠭ᠎ᠠ ᠪᠠᠷ ᠨᠥᠬᠦᠪᠦᠷᠢᠯᠡᠬᠦ ᠵᠣᠭᠤᠰ ᠢ ᠨᠢ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠬᠡᠮᠵᠢᠶ᠎ᠡ ᠶᠢ ᠨᠢ ᠦᠨᠳᠦᠰᠦᠯᠡᠵᠦ ᠲᠣᠭᠲᠠᠭᠠᠨ᠎ᠠ᠃ | ᠬᠥᠳᠡᠯᠮᠦᠷᠢᠯᠡᠬᠦ ᠴᠢᠳᠠᠪᠤᠷᠢ ᠪᠠᠨ ᠬᠡᠰᠡᠭ ᠠᠯᠳᠠᠭᠰᠠᠨ ᠪᠠᠶᠢᠪᠠᠯ᠂ ᠨᠢᠭᠡ ᠯᠡ ᠤᠳᠠᠭ᠎ᠠ ᠪᠠᠷ ᠨᠥᠬᠦᠪᠦᠷᠢᠯᠡᠬᠦ ᠵᠣᠭᠤᠰᠤᠨ ᠤ ᠬᠠᠮᠤᠭ ᠤᠨ ᠶᠡᠭᠡ ᠲᠤᠭ᠎ᠠ ᠨᠢ ᠳᠡᠭᠡᠷ᠎ᠡ | ᠣᠨ ᠤ ᠥᠪᠡᠷᠲᠡᠭᠡᠨ ᠵᠠᠰᠠᠬᠤ ᠣᠷᠣᠨ ᠤ ᠪᠥᠬᠦ ᠰᠠᠭᠤᠭᠠᠯᠢ ᠠᠷᠠᠳ ᠤᠨ ᠵᠢᠯ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 5 ᠠᠴᠠ 10 | ᠳᠠᠬᠢᠨ ᠪᠣᠯᠣᠨ᠎ᠠ︔ ᠬᠥᠳᠡᠯᠮᠦᠷᠢᠯᠡᠬᠦ ᠴᠢᠳᠠᠪᠤᠷᠢ ᠪᠠᠨ ᠪᠥᠬᠦᠨ ᠢᠶᠠᠷ ᠠᠯᠳᠠᠭᠰᠠᠨ ᠪᠠᠶᠢᠪᠠᠯ᠂ ᠨᠢᠭᠡ ᠯᠡ ᠤᠳᠠᠭ᠎ᠠ ᠪᠠᠷ ᠨᠥᠬᠦᠪᠦᠷᠢᠯᠡᠬᠦ ᠵᠣᠭᠤᠰᠤᠨ ᠤ ᠬᠠᠮᠤᠭ ᠤᠨ | ᠶᠡᠭᠡ ᠲᠤᠭ᠎ᠠ ᠨᠢ ᠳᠡᠭᠡᠷ᠎ᠡ ᠣᠨ ᠤ ᠥᠪᠡᠷᠲᠡᠭᠡᠨ ᠵᠠᠰᠠᠬᠤ ᠣᠷᠣᠨ ᠤ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ | 10 ᠠᠴᠠ 15 ᠳᠠᠬᠢᠨ ᠪᠣᠯᠣᠨ᠎ᠠ︔ ︵ᠭᠤᠷᠪᠠ︶ ᠬᠥᠳᠡᠯᠮᠦᠷᠢᠯᠡᠬᠦ ᠴᠢᠳᠠᠪᠤᠷᠢ ᠶᠢᠨ ᠰᠢᠯᠭᠠᠨ ᠲᠣᠭᠲᠠᠭᠠᠯᠲᠠ ᠬᠢᠬᠦ ᠴᠢᠬᠤᠯᠠ ᠲᠠᠢ ᠪᠣᠯ᠂ ᠬᠤᠬᠢᠷᠠᠯ ᠠᠮᠰᠠᠭᠴᠢ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠠᠶᠢᠳᠠᠭᠰᠠᠨ ᠬᠥᠳᠡᠯᠮᠦᠷᠢᠯᠡᠬᠦ ᠴᠢᠳᠠᠪᠤᠷᠢ ᠶᠢ ᠰᠢᠯᠭᠠᠨ ᠲᠣᠭᠲᠠᠭᠠᠬᠤ | ᠪᠠᠶᠢᠭᠤᠯᠤᠮᠵᠢ ᠳᠤ ᠬᠥᠳᠡᠯᠮᠦᠷᠢᠯᠡᠬᠦ ᠴᠢᠳᠠᠪᠤᠷᠢ ᠪᠠᠨ ᠰᠢᠯᠭᠠᠨ ᠲᠣᠭᠲᠠᠭᠠᠯᠭᠠᠬᠤ ᠪᠠᠷ ᠭᠤᠶᠤᠴᠢᠯᠠᠵᠤ᠂ ᠬᠥᠳᠡᠯᠮᠦᠷᠢᠯᠡᠬᠦ ᠴᠢᠳᠠᠪᠤᠷᠢ ᠶᠢ ᠰᠢᠯᠭᠠᠨ ᠲᠣᠭᠲᠠᠭᠠᠬᠤ | ᠪᠠᠶᠢᠭᠤᠯᠤᠮᠵᠢ ᠨᠢ ︽ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ᠤᠨ ᠬᠤᠯᠪᠣᠭᠳᠠᠯ ᠪᠦᠬᠦᠢ ᠪᠠᠷᠢᠮᠵᠢᠶ᠎ᠠ ᠪᠠᠷ ᠯᠠᠪᠯᠠᠯᠲᠠ ᠪᠣᠯᠭᠠᠨ | ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠬᠡᠮᠵᠢᠶ᠎ᠡ ᠶᠢ ᠨᠢ ᠲᠣᠭᠲᠠᠭᠠᠨ᠎ᠠ᠂ ᠰᠢᠯᠭᠠᠨ ᠲᠣᠭᠲᠠᠭᠠᠬᠤ ᠵᠠᠷᠤᠳᠠᠯ ᠢ ᠬᠤᠬᠢᠷᠠᠯ ᠠᠮᠰᠠᠭᠴᠢ ᠤᠷᠢᠳᠴᠢᠯᠠᠵᠤ ᠥᠭᠭᠦᠨ᠎ᠡ︔ | ︵ᠳᠥᠷᠪᠡ︶ ᠬᠥᠮᠥᠨ ᠬᠠᠷ᠎ᠠ ᠠᠳᠡᠭᠰᠡᠨ ᠪᠠᠶᠢᠪᠠᠯ᠂ ᠬᠤᠬᠢᠷᠠᠯ ᠠᠮᠰᠠᠭᠴᠢ ᠶᠢᠨ ᠵᠠᠷᠤᠴᠠᠭᠤᠯᠤᠭᠰᠠᠨ ᠡᠮᠴᠢᠯᠡᠭᠡᠨ ᠤ ᠵᠠᠷᠤᠳᠠᠯ᠂ ᠠᠵᠢᠯ ᠰᠠᠭᠠᠲᠠᠭᠰᠠᠨ ᠵᠠᠷᠤᠳᠠᠯ᠂ | ᠣᠷᠣᠰᠢᠭᠤᠯᠭ᠎ᠠ ᠶᠢᠨ ᠵᠠᠷᠤᠳᠠᠯ ᠵᠡᠷᠭᠡ ᠶᠢ ᠨᠢᠭᠡ ᠯᠠ ᠤᠳᠠᠭ᠎ᠠ ᠪᠠᠷ ᠨᠥᠬᠦᠪᠦᠷᠢᠯᠡᠨ᠎ᠡ᠃ ᠶᠡᠷᠦᠩᠬᠡᠢ ᠲᠤᠭ᠎ᠠ ᠨᠢ ᠳᠡᠭᠡᠷ᠎ᠡ ᠣᠨ ᠤ ᠥᠪᠡᠷᠲᠡᠭᠡᠨ ᠵᠠᠰᠠᠬᠤ ᠣᠷᠣᠨ ᠤ | ᠪᠦᠬᠦ ᠰᠠᠭᠤᠭᠠᠯᠢ ᠠᠷᠠᠳ ᠤᠨ ᠵᠢᠯ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 15 ᠳᠠᠬᠢᠨ ᠪᠣᠯᠣᠨ᠎ᠠ︔ ︵ᠲᠠᠪᠤ︶ ᠲᠠᠷᠢᠮᠠᠯ᠂ ᠠᠵᠤ | ᠠᠬᠤᠢ ᠶᠢᠨ ᠤᠢ ᠮᠣᠳᠣᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠤᠬᠢᠷᠠᠭᠰᠠᠨ ᠬᠡᠰᠡᠭ ᠢ ᠨᠢ ᠳᠡᠭᠡᠷ᠎ᠡ ᠣᠨ ᠤ ᠲᠤᠬᠠᠢ ᠶᠢᠨ ᠭᠠᠵᠠᠷ ᠤᠨ ᠲᠤᠰ ᠲᠦᠷᠦᠯ ᠤᠨ | ᠲᠠᠷᠢᠮᠠᠯ᠂ ᠠᠵᠤ ᠠᠬᠤᠢ ᠶᠢᠨ ᠤᠢ ᠮᠣᠳᠣᠨ ᠤ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠬᠠᠩᠰᠢ ᠪᠠᠷ ᠪᠤᠳᠦᠵᠦ᠂ ᠪᠦᠬᠦ ᠬᠤᠬᠢᠷᠠᠭᠰᠠᠨ ᠬᠡᠮᠵᠢᠶᠡᠨ ᠤ 60 % ᠪᠠᠷ | ᠨᠥᠬᠦᠪᠦᠷᠢᠯᠡᠨ᠎ᠡ︔ ︵ᠵᠢᠷᠭᠤᠭ᠎ᠠ︶ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢ ᠰᠢᠷᠬᠠᠲᠤᠭᠤᠯᠤᠭᠰᠠᠨ ᠪᠠᠶᠢᠪᠠᠯ᠂ ᠲᠤᠰ ᠲᠥᠷᠥᠯ ᠤᠨ ᠭᠡᠷ ᠤᠨ ᠵᠢᠭᠦᠷᠲᠡᠨ | ᠭᠡᠷ ᠤᠨ ᠲᠡᠵᠢᠭᠡᠪᠦᠷᠢ ᠶᠢᠨ ᠲᠤᠬᠠᠢ ᠶᠢᠨ ᠦᠶ᠎ᠡ ᠶᠢᠨ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠬᠠᠩᠰᠢ ᠶᠢᠨ 30% ᠪᠠᠷ ᠨᠥᠬᠦᠪᠦᠷᠢᠯᠡᠨ᠎ᠡ︔ ᠭᠡᠷ ᠤᠨ ᠵᠢᠭᠦᠷᠲᠡᠨ | ᠭᠡᠷ ᠤᠨ ᠲᠡᠵᠢᠭᠡᠪᠦᠷᠢ ᠶᠢ ᠦᠬᠦᠭᠦᠯᠦᠭᠰᠡᠨ ᠪᠠᠶᠢᠪᠠᠯ᠂ ᠲᠣᠰ ᠲᠥᠷᠥᠯ ᠤᠨ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢᠨ ᠲᠤᠬᠠᠢ ᠶᠢᠨ ᠦᠶ᠎ᠡ ᠶᠢᠨ ᠵᠠᠬ᠎ᠠ | ᠳᠡᠯᠭᠡᠭᠦᠷ ᠤᠨ ᠳᠤᠮᠳᠠᠴᠢ ᠦᠨ᠎ᠡ ᠬᠠᠩᠰᠢ ᠶᠢᠨ 60% ᠪᠠᠷ ᠨᠥᠬᠦᠪᠦᠷᠢᠯᠡᠨ᠎ᠡ︔ ︵ᠳᠣᠯᠤᠭ᠎ᠠ︶ ᠲᠣᠰ ᠠᠷᠭ᠎ᠠ ᠶᠢᠨ ᠵᠢᠷᠭᠤᠳᠤᠭᠠᠷ ᠵᠦᠢᠯ ᠤᠨ ︵ᠳᠥᠷᠪᠡ︶ ︵ | ᠲᠠᠪᠤ︶ ᠳ᠋ᠤᠭᠠᠷ ᠵᠤᠷᠪᠤᠰ ᠲᠤ ᠨᠡᠶᠢᠴᠡᠵᠦ᠂ ᠪᠤᠰᠤᠳ ᠡᠳ᠋ ᠬᠥᠷᠥᠩᠭᠡ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ ᠪᠣᠳᠠᠲᠠᠢ ᠢᠷᠡᠯᠲᠡ ᠶᠢᠨ ᠪᠠᠷᠢᠮᠵᠢᠶ᠎ᠠ ᠶᠢ | ᠬᠤᠰᠢᠭᠤ ᠰᠢᠶᠠᠨ ︵ᠬᠤᠲᠠ᠂ ᠲᠣᠭᠤᠷᠢᠭ︶ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠲᠣᠭᠲᠠᠭᠠᠵᠤ᠂ ᠨᠥᠬᠦᠪᠦᠷᠢᠯᠡᠬᠦ ᠲᠤᠭ᠎ᠠ ᠨᠢ ᠬᠤᠬᠢᠷᠠᠭᠰᠠᠨ ᠬᠡᠰᠡᠭ ᠤᠨ ᠵᠠᠬ᠎ᠠ ᠳᠡᠯᠭᠡᠭᠦᠷ ᠤᠨ ᠥᠷᠲᠡᠭ ᠤᠨ 50 % ᠠᠴᠠ ᠶᠡᠭᠡ ᠪᠠᠶᠢᠵᠤ ᠪᠣᠯᠬᠤ ᠦᠭᠡᠢ᠃ | ᠠᠷᠪᠠᠳᠤᠭᠠᠷ ᠵᠦᠢᠯ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠬᠥᠮᠥᠨ ᠢ ᠠᠳᠡᠬᠡᠵᠦ ᠭᠡᠮᠲᠦᠭᠡᠭᠰᠡᠨ ᠪᠠ ᠡᠳ᠋ ᠬᠥᠷᠥᠩᠭᠡ ᠶᠢ ᠬᠤᠬᠢᠷᠠᠭᠤᠯᠵᠤ᠂ ᠲᠤᠰ | ᠠᠷᠭ᠎ᠠ ᠶᠢᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠪᠠᠶᠢᠳᠠᠯ ᠤᠨ ᠨᠢᠭᠡ ᠳᠤ ᠨᠢ ᠨᠡᠶᠢᠴᠡᠪᠡᠯ᠂ ᠬᠤᠬᠢᠷᠠᠯ ᠠᠮᠰᠠᠭᠴᠢ ᠪᠤᠶᠤ ᠬᠢᠨᠠᠨ ᠬᠠᠮᠠᠭᠠᠯᠠᠭᠴᠢ᠂ ᠨᠠᠶᠢᠳᠠᠯᠭ᠎ᠠ | ᠬᠦᠯᠢᠶᠡᠭᠴᠢ ᠨᠢ ᠴᠠᠭ ᠲᠤᠬᠠᠢ ᠳᠤ ᠨᠢ ᠬᠡᠷᠡᠭ ᠤᠨ ᠡᠭᠦᠰᠣᠭ᠍ᠰᠡᠨ ᠭᠠᠵᠠᠷ ᠤᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠮᠡᠳᠡᠭᠦᠯᠬᠦ ᠶᠢᠨ ᠬᠠᠮᠲᠤ᠂ ᠲᠤᠬᠠᠢ ᠶᠢᠨ ᠭᠠᠵᠠᠷ ᠢ ᠨᠢ ᠬᠠᠮᠠᠭᠠᠯᠠᠵᠤ᠂ ᠬᠠᠷᠭᠤᠭᠤᠯᠤᠨ ᠪᠠᠶᠢᠴᠠᠭᠠᠬᠤ ᠳᠤ ᠪᠡᠯᠡᠳᠬᠡᠬᠦ | ᠬᠡᠷᠡᠭᠲᠡᠢ᠃ ᠬᠥᠮᠥᠨ ᠬᠠᠷ᠎ᠠ ᠠᠳᠡᠵᠦ ᠭᠡᠮᠲᠦᠭᠡᠳ ᠨᠥᠬᠦᠪᠦᠷᠢᠯᠡᠭᠦᠯᠬᠦ ᠪᠠᠷ ᠭᠤᠶᠤᠴᠢᠯᠠᠬᠤ ᠳᠤ᠂ ᠲᠦᠷᠭᠡᠨ ᠠᠪᠤᠷᠠᠵᠤ ᠡᠮᠨᠡᠭᠦᠯᠦᠭᠰᠡᠨ ᠤ ᠳᠠᠷᠠᠭ᠎ᠠ 60 ᠡᠳᠦᠷ ᠤᠨ | ᠳᠣᠲᠣᠷ᠎ᠠ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠳᠤᠷᠠᠳᠬᠤ ᠬᠡᠷᠡᠭᠲᠡᠢ︔ | ᠡᠳ᠋ ᠬᠥᠷᠥᠩᠭᠡ ᠶᠢᠨ ᠬᠤᠬᠢᠷᠠᠯ ᠳᠤ ᠤᠴᠠᠷᠠᠵᠤ ᠨᠥᠬᠦᠪᠦᠷᠢᠯᠡᠭᠦᠯᠬᠦ ᠪᠠᠷ ᠭᠤᠶᠤᠴᠢᠯᠠᠬᠤ ᠳᠤ᠂ ᠡᠳ᠋ ᠬᠥᠷᠥᠩᠭᠡ ᠶᠢᠨ ᠬᠤᠬᠢᠷᠠᠯ ᠳᠤ ᠣᠨᠴᠠᠷᠠᠭᠰᠠᠨ ᠢ ᠮᠡᠳᠡᠭᠰᠡᠨ ᠪᠤᠶᠤ | ᠮᠡᠳᠡᠵᠣ ᠪᠣᠯᠬᠤ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ︶ ᠳᠤ ᠳᠤᠷᠠᠳᠬᠤ ᠬᠡᠷᠡᠭᠲᠡᠢ᠃ ᠬᠤᠬᠢᠷᠠᠯ ᠠᠮᠰᠠᠭᠴᠢ ᠪᠤᠶᠤ ᠬᠢᠨᠠᠨ ᠬᠠᠮᠠᠭᠠᠯᠠᠭᠴᠢ᠂ ᠨᠠᠶᠢᠳᠠᠯᠭ᠎ᠠ ᠬᠦᠯᠢᠶᠡᠭᠴᠢ ᠨᠢ ᠲᠣᠭᠲᠠᠭᠠᠭᠰᠠᠨ | ᠬᠤᠭᠤᠴᠠᠭ᠎ᠠ ᠶᠣᠰᠣᠭᠠᠷ ᠭᠤᠶᠤᠴᠢᠯᠠᠯ ᠭᠠᠷᠭᠠᠭᠰᠠᠨ ᠦᠭᠡᠢ ᠠᠴᠠ ᠪᠣᠯᠵᠤ ᠬᠤᠬᠢᠷᠠᠯ ᠢ ᠬᠢᠨᠠᠨ ᠬᠠᠷᠭᠤᠭᠤᠯᠵᠤ᠂ ᠮᠠᠭᠠᠳᠯᠠᠨ ᠲᠣᠭᠲᠠᠭᠠᠬᠤ ᠶᠢᠨ ᠠᠷᠭ᠎ᠠ ᠦᠭᠡᠢ | ᠪᠣᠯᠤᠭᠰᠠᠨ ᠪᠣᠯ ᠨᠥᠬᠦᠪᠦᠷᠢᠯᠡᠬᠦ ᠦᠭᠡᠢ᠃ ᠬᠥᠳᠡᠯᠮᠦᠷᠢᠯᠡᠬᠦ ᠴᠢᠳᠠᠪᠤᠷᠢ ᠶᠢᠨ ᠰᠢᠯᠭᠠᠨ ᠲᠣᠭᠲᠠᠭᠠᠯᠲᠠ ᠬᠢᠬᠦ ᠴᠢᠬᠤᠯᠠ ᠲᠠᠢ ᠪᠣᠯ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠠᠶᠢᠳᠠᠭᠰᠠᠨ ᠬᠠᠮᠢᠶ᠎ᠠ ᠪᠦᠬᠦᠢ ᠰᠢᠯᠭᠠᠨ ᠲᠣᠭᠲᠠᠭᠠᠬᠤ ᠪᠠᠶᠢᠭᠤᠯᠤᠮᠵᠢ ᠠᠴᠠ ᠬᠥᠳᠡᠯᠮᠦᠷᠢᠯᠡᠬᠦ | ᠴᠢᠳᠠᠪᠤᠷᠢ ᠶᠢ ᠰᠢᠯᠭᠠᠨ ᠲᠣᠭᠲᠠᠭᠠᠭᠰᠠᠨ ᠰᠢᠢᠳᠪᠦᠷᠢ ᠭᠠᠷᠭᠠᠵᠤ᠂ ᠰᠢᠯᠭᠠᠨ ᠲᠣᠭᠲᠠᠭᠭᠠᠬᠤ ᠬᠤᠭᠤᠴᠠᠭ᠎ᠠ ᠶᠢ ᠳᠡᠭᠡᠷ᠎ᠡ ᠳᠤᠷᠠᠳᠤᠭᠰᠠᠨ ᠬᠤᠭᠤᠴᠠᠭ᠎ᠠ ᠳᠤ ᠪᠣᠳᠣᠵᠤ | ᠣᠷᠣᠭᠤᠯᠬᠤ ᠦᠭᠡᠢ᠃ | ᠠᠷᠪᠠᠨ ᠨᠢᠭᠡᠳᠦᠭᠡᠷ ᠵᠦᠢᠯ ᠨᠥᠬᠦᠪᠦᠷᠢᠯᠡᠭᠦᠯᠬᠦ ᠪᠠᠷ ᠭᠤᠶᠤᠴᠢᠯᠠᠬᠤ ᠳᠤ ᠪᠠᠨ ᠪᠢᠴᠢᠭ ᠤᠨ ᠬᠡᠯᠪᠡᠷᠢ ᠪᠠᠷ ᠭᠤᠶᠤᠴᠢᠯᠠᠵᠤ᠂ ᠨᠥᠬᠦᠪᠦᠷᠢᠯᠡᠭᠦᠯᠬᠦ | ᠭᠤᠶᠤᠴᠢᠯᠠᠯ ᠤᠨ ᠪᠢᠴᠢᠭ ᠢᠶᠠᠨ ᠲᠤᠰᠢᠶᠠᠬᠤ ᠳᠤ ᠦᠨᠡᠨ ᠬᠦ ᠬᠦᠴᠢᠷᠳᠡᠯ ᠲᠠᠢ ᠪᠠᠶᠢᠪᠠᠯ᠂ ᠠᠮᠠ ᠪᠠᠷ ᠢᠶᠠᠨ ᠭᠤᠶᠤᠴᠢᠯᠠᠵᠤ᠂ ᠭᠥᠯᠢᠶᠡᠨ ᠠᠪᠴᠤ ᠰᠢᠢᠳᠪᠦᠷᠢᠯᠡᠬᠦ | ᠪᠠᠶᠢᠭᠤᠯᠤᠮᠵᠢ ᠠᠴᠠ ᠲᠡᠮᠳᠡᠭᠯᠡᠯ ᠳᠤ ᠪᠠᠨ ᠪᠢᠴᠢᠵᠦ ᠣᠷᠣᠭᠤᠯᠤᠨ᠎ᠠ᠃ ᠨᠥᠬᠦᠪᠦᠷᠢᠯᠡᠭᠦᠯᠬᠦ ᠭᠤᠶᠤᠴᠢᠯᠠᠯ ᠤᠨ ᠪᠢᠴᠢᠭ ᠲᠤ ᠳᠣᠣᠷ᠎ᠠ ᠵᠢᠭᠰᠠᠭᠠᠭᠰᠠᠨ ᠵᠦᠢᠯᠡᠰ ᠢ | ᠲᠣᠳᠣᠷᠬᠠᠢ ᠪᠢᠴᠢᠬᠦ ᠬᠡᠷᠡᠭᠲᠡᠢ᠄ ︵ᠨᠢᠭᠡ︶ ᠬᠤᠬᠢᠷᠠᠯ ᠠᠮᠰᠠᠭᠴᠢ ᠶᠢᠨ ᠣᠪᠣᠭ ᠨᠡᠷ᠎ᠡ᠂ ᠬᠦᠢᠰᠦ ᠶᠢᠨ ᠢᠯᠭᠠᠯ᠂ ᠨᠠᠰᠤ ᠵᠢᠯ᠂ ᠰᠠᠭᠤᠭ᠎ᠠ ᠭᠠᠵᠠᠷ᠂ ᠬᠠᠷᠢᠯᠴᠠᠬᠤ | ᠠᠷᠭ᠎ᠠ ᠮᠠᠶ᠋ᠢᠭ ᠪᠠ ᠪᠡᠶ᠎ᠡ ᠶᠢᠨ ᠦᠨᠡᠮᠯᠡᠯ ᠤᠨ ᠨᠣᠮᠧᠷ ᠪᠠᠭᠲᠠᠨ᠎ᠠ᠃ ᠬᠤᠬᠢᠷᠠᠯ ᠠᠮᠰᠠᠭᠴᠢ ᠨᠢ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ | ᠪᠣᠯᠬᠤ ᠳᠤ ᠬᠦᠷᠪᠡᠯ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ᠂ ᠬᠠᠶ᠋ᠢᠭ᠂ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ ᠶᠢᠨ ᠣᠷᠣᠯᠠᠬᠤ ᠨᠣᠮᠧᠷ ᠪᠣᠯᠣᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠤᠣᠯ ᠬᠠᠷᠢᠭᠤᠴᠠᠯᠭᠠᠲᠠᠨ ᠤ ᠣᠪᠣᠭ ᠨᠡᠷ᠎ᠡ᠂ ᠲᠤᠰᠢᠶᠠᠯ ᠢ | ᠪᠠᠰᠠ ᠲᠣᠳᠣᠷᠬᠠᠢ ᠲᠡᠮᠳᠡᠭᠯᠡᠬᠦ ᠬᠡᠷᠡᠭᠲᠡᠢ︔ ︵ᠬᠤᠶᠠᠷ︶ ᠪᠣᠳᠠᠲᠠᠢ ᠭᠡᠮᠲᠦᠭᠡᠵᠦ ᠬᠤᠬᠢᠷᠠᠭᠤᠯᠤᠭᠰᠠᠨ ᠪᠣᠳᠠᠲᠤ ᠬᠡᠷᠡᠭ᠂ ᠭᠡᠷᠡᠴᠢᠯᠡᠬᠦ ᠮᠠᠲ᠋ᠧᠷᠢᠶᠠᠯ ᠪᠠ | ᠨᠥᠬᠦᠪᠦᠷᠢᠯᠡᠭᠦᠯᠬᠦ ᠱᠠᠭᠠᠷᠳᠠᠯᠭ᠎ᠠ᠃ | ᠠᠷᠪᠠᠨ ᠬᠤᠶᠠᠳᠤᠭᠠᠷ ᠵᠦᠢᠯ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ | ᠨᠥᠬᠦᠪᠦᠷᠢᠯᠡᠭᠦᠯᠬᠦ ᠭᠤᠶᠤᠴᠢᠯᠠᠯ ᠢ ᠣᠯᠣᠭᠰᠠᠨ ᠤ ᠳᠠᠷᠠᠭ᠎ᠠ᠂ ᠪᠠᠶᠢᠴᠠᠭᠠᠬᠤ ᠠᠵᠢᠯᠲᠠᠨ ᠲᠣᠬᠢᠷᠠᠭᠤᠯᠤᠨ ᠲᠤᠬᠠᠢ ᠶᠢᠨ ᠭᠠᠵᠠᠷ ᠲᠤ ᠨᠢ ᠪᠠᠶᠢᠴᠠᠭᠠᠬᠤ ᠪᠠ ᠬᠢᠨᠠᠨ | ᠬᠠᠷᠭᠤᠭᠤᠯᠵᠤ᠂ 10 ᠠᠵᠢᠯᠯᠠᠬᠤ ᠡᠳᠦᠷ ᠤᠨ ᠳᠣᠲᠣᠷ᠎ᠠ ᠪᠠᠶᠢᠴᠠᠭᠠᠨ ᠬᠠᠷᠭᠤᠭᠤᠯᠬᠤ ᠠᠵᠢᠯ ᠢᠶᠠᠨ ᠪᠡᠶᠡᠯᠡᠭᠦᠯᠬᠦ ᠶᠢᠨ ᠬᠠᠮᠲᠤ᠂ ᠨᠥᠬᠦᠪᠦᠷᠢᠯᠡᠬᠦ ᠶᠢ ᠵᠥᠪᠰᠢᠶᠡᠷᠡᠬᠦ | ᠪᠤᠶᠤ ᠨᠥᠬᠦᠪᠦᠷᠢᠯᠡᠬᠦ ᠶᠢ ᠥᠯᠥ ᠵᠥᠪᠰᠢᠶᠡᠷᠡᠬᠦ ᠪᠠᠷ ᠠᠩᠬ᠎ᠠ ᠠᠯᠬᠤᠮ ᠤᠨ ᠰᠢᠢᠳᠪᠦᠷᠢᠯᠡᠬᠦ ᠰᠠᠨᠠᠯ ᠢᠶᠠᠨ ᠳᠤᠷᠠᠳᠬᠤ ᠬᠡᠷᠡᠭᠲᠡᠢ᠃ ᠪᠠᠶᠢᠴᠠᠭᠠᠨ ᠬᠠᠷᠭᠤᠭᠤᠯᠬᠤ | ᠠᠵᠢᠯ ᠨᠢ ᠡᠷᠬᠡᠪᠰᠢ ᠪᠤᠰᠤᠳᠴᠢ᠂ ᠲᠥᠪ ᠭᠤᠣᠯᠴᠢ᠂ ᠵᠥᠪ ᠣᠨᠣᠪᠴᠢᠲᠠᠶ ᠪᠠᠶᠢᠬᠤ ᠬᠡᠷᠡᠭᠲᠡᠢ᠃ ᠲᠤᠬᠠᠢ ᠶᠢᠨ ᠭᠠᠵᠠᠷ ᠲᠤ ᠨᠢ ᠪᠠᠶᠢᠴᠠᠭᠠᠨ ᠬᠠᠷᠭᠤᠭᠤᠯᠤᠭᠴᠢ 2 | ᠬᠥᠮᠥᠨ ᠠᠴᠠ ᠳᠤᠲᠠᠭᠤ ᠪᠠᠶᠢᠵᠤ ᠪᠣᠯᠬᠤ ᠦᠭᠡᠢ᠃ | ᠠᠷᠪᠠᠨ ᠭᠤᠷᠪᠠᠳᠤᠭᠠᠷ ᠵᠦᠢᠯ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ | ᠭᠤᠶᠤᠴᠢᠯᠠᠭᠰᠠᠨ ᠮᠠᠲ᠋ᠧᠷᠢᠶᠠᠯ ᠪᠠ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠥᠮᠥᠨ ᠬᠠᠷ᠎ᠠ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠢ | ᠨᠥᠬᠦᠪᠦᠷᠢᠯᠡᠬᠦ ᠪᠠᠶᠢᠴᠠᠭᠠᠨ ᠳᠠᠩᠰᠠᠯᠠᠬᠤ ᠬᠦᠰᠦᠨᠦᠭᠲᠦ᠂ ᠪᠠᠶᠢᠴᠠᠭᠠᠯᠲᠠ ᠶᠢᠨ ᠲᠡᠮᠳᠡᠭᠯᠡᠯ᠂ ᠠᠩᠬ᠎ᠠ ᠠᠯᠬᠤᠮ ᠤᠨ ᠰᠢᠢᠳᠪᠦᠷᠢᠯᠡᠬᠦ ᠰᠠᠨᠠᠯ ᠵᠡᠷᠭᠡ ᠮᠠᠲ᠋ᠧᠷᠢᠶᠠᠯ ᠢᠶᠠᠨ | ᠬᠤᠰᠢᠭᠤ ᠰᠢᠶᠠᠨ ︵ᠬᠤᠲᠠ᠂ ᠲᠣᠭᠤᠷᠢᠭ︶ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠲᠤᠰᠢᠶᠠᠬᠤ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠨᠥᠬᠦᠪᠦᠷᠢᠯᠡᠬᠦ ᠪᠤᠶᠤ ᠦᠯᠦ ᠨᠥᠬᠦᠪᠦᠷᠢᠯᠡᠬᠦ ᠰᠢᠢᠳᠪᠦᠷᠢ ᠭᠠᠷᠭᠠᠬᠤ ᠶᠢᠨ ᠬᠠᠮᠲᠤ᠂ 10 ᠠᠵᠢᠯᠯᠠᠬᠤ ᠡᠳᠦᠷ ᠤᠨ ᠳᠣᠲᠣᠷ᠎ᠠ | ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠨᠥᠬᠦᠪᠦᠷᠢᠯᠡᠬᠦ ᠰᠢᠢᠳᠪᠦᠷᠢ ᠶᠢ ᠦᠨᠳᠦᠰᠦᠯᠡᠨ᠂ ᠨᠥᠬᠦᠪᠦᠷᠢᠯᠡᠬᠦ ᠵᠣᠭᠤᠰ ᠢ ᠴᠠᠭ ᠲᠤᠬᠠᠢ ᠳᠤ ᠨᠢ ᠨᠢᠭᠡ ᠯᠡ ᠤᠳᠠᠭ᠎ᠠ ᠳᠤ᠂ ᠪᠦᠬᠦ | ᠲᠤᠭ᠎ᠠ ᠪᠠᠷ ᠨᠢ ᠭᠤᠶᠤᠴᠢᠯᠠᠭᠴᠢ ᠳᠤ ᠰᠠᠯᠭᠠᠨ ᠥᠭᠬᠦ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠭᠤᠣᠯᠳᠠᠯᠭ᠎ᠠ ᠲᠠᠢ ᠬᠠᠮᠠᠭᠠᠯᠠᠬᠤ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠴᠠ ᠪᠣᠯᠵᠤ ᠭᠡᠮᠲᠦᠵᠦ | ᠬᠤᠬᠢᠷᠠᠨ᠂ ᠲᠡᠭᠦᠨ ᠤ ᠭᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯ ᠳᠤ ᠲᠤᠯᠭᠠᠷᠠᠭᠰᠠᠨ ᠪᠥᠭᠡᠳ ᠨᠡᠶᠢᠭᠡᠮ ᠤᠨ ᠠᠪᠤᠷᠠᠨ ᠲᠤᠰᠠᠯᠠᠬᠤ ᠨᠥᠬᠦᠴᠡᠯ ᠳᠤ | ᠨᠡᠶᠢᠴᠡᠭᠰᠡᠨ ᠪᠠᠶᠢᠪᠠᠯ᠂ ᠬᠠᠤᠯᠢ ᠶᠣᠰᠣᠭᠠᠷ ᠲᠤᠬᠠᠢ ᠶᠢᠨ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠨᠡᠶᠢᠭᠡᠮ ᠤᠨ ᠠᠪᠤᠷᠠᠨ ᠲᠤᠰᠠᠯᠠᠯᠲᠠ | ᠭᠤᠶᠤᠴᠢᠯᠠᠵᠤ ᠪᠣᠯᠣᠨ᠎ᠠ᠃ | ᠠᠷᠪᠠᠨ ᠲᠠᠪᠤᠳᠤᠭᠠᠷ ᠵᠦᠢᠯ ᠭᠤᠶᠤᠴᠢᠯᠠᠭᠴᠢ ᠨᠢ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ᠂ ᠨᠥᠬᠦᠪᠦᠷᠢᠯᠡᠬᠦ ᠪᠡᠯᠡ ᠮᠥᠩᠭᠦ ᠶᠢ ᠮᠡᠬᠡᠯᠡᠨ ᠠᠪᠤᠭᠰᠠᠨ | ᠪᠠᠶᠢᠪᠠᠯ᠂ ᠨᠥᠬᠦᠪᠦᠷᠢᠯᠡᠬᠦ ᠰᠢᠢᠳᠪᠦᠷᠢ ᠭᠠᠷᠭᠠᠭᠰᠠᠨ ᠤᠢ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠵᠠᠷᠯᠢᠭᠳᠠᠵᠤ ᠪᠠᠶᠢᠭᠠᠳ ᠨᠥᠬᠦᠪᠦᠷᠢᠯᠡᠭᠰᠡᠨ ᠵᠣᠭᠤᠰ ᠢ ᠪᠤᠴᠠᠯᠭᠠᠨ᠎ᠠ︔ ᠶᠠᠯ᠎ᠠ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠨ ᠵᠢᠷᠭᠤᠳᠤᠭᠠᠷ ᠵᠦᠢᠯ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠥᠮᠥᠨ ᠬᠠᠷ᠎ᠠ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠢ | ᠨᠥᠬᠦᠪᠦᠷᠢᠯᠡᠬᠦ ᠶᠢᠨ ᠭᠤᠶᠤᠴᠢᠯᠠᠯ ᠤᠨ ᠬᠦᠰᠦᠨᠦᠭᠲᠦ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠥᠮᠥᠨ ᠬᠠᠷ᠎ᠠ ᠡᠳ᠋ ᠬᠥᠷᠥᠩᠭᠡ ᠳᠤ ᠬᠤᠬᠢᠷᠠᠯ | ᠤᠴᠠᠷᠠᠭᠤᠯᠤᠭᠰᠠᠨ ᠢ ᠨᠥᠬᠦᠪᠦᠷᠢᠯᠡᠬᠦ ᠪᠠᠶᠢᠴᠠᠭᠠᠨ ᠳᠠᠩᠰᠠᠯᠠᠬᠤ ᠬᠦᠰᠦᠨᠦᠭᠲᠦ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠥᠮᠥᠨ ᠬᠠᠷ᠎ᠠ ᠡᠳ᠋ ᠬᠥᠷᠥᠩᠭᠡ ᠳᠤ | ᠬᠤᠬᠢᠷᠠᠯ ᠤᠴᠠᠷᠠᠭᠤᠯᠤᠭᠰᠠᠨ ᠢ ᠨᠥᠬᠦᠪᠦᠷᠢᠯᠡᠬᠦ ᠮᠠᠭᠠᠳᠯᠠᠨ ᠲᠣᠭᠲᠠᠭᠠᠬᠤ ᠬᠦᠰᠦᠨᠦᠭᠲᠦ ᠶᠢ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡᠳᠦᠯᠲᠡᠢ ᠲᠣᠭᠲᠠᠭᠠᠨ᠎ᠠ᠃ | ᠠᠷᠪᠠᠨ ᠳᠣᠯᠣᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2023 ᠣᠨ ᠤ 1 ᠳ᠋ᠦ᠋ᠭᠡᠷ ᠰᠠᠷ᠎ᠠ ᠶᠢᠨ 11 ᠤ ᠡᠳᠦᠷ ᠳᠠᠷᠤᠮᠠᠯᠯᠠᠨ ᠲᠠᠷᠬᠠᠭᠠᠪᠠ | |