ᠲᠦᠷᠦᠭᠦᠬᠡᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠴᠢᠨᠠᠷ ᠴᠢᠨᠰᠠᠭ᠎ᠠ ᠶᠢᠨ ᠠᠮᠤᠷ ᠲᠦᠪᠰᠢᠨ ᠤ | ᠲᠥᠪ 2023 ᠣᠨ ᠤ ᠬᠤᠶᠠᠳᠠᠭᠴᠢ ᠪᠦᠯᠦᠭ ᠪᠦᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ | ᠵᠢᠭᠰᠠᠭᠠᠯᠲᠠ ᠶᠢ ᠨᠡᠶᠢᠲᠡᠯᠡᠪᠡ᠃ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠬᠥᠯᠥᠨ ᠪᠤᠶᠢᠷ | ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠨᠠᠶᠢᠳᠠ 6 ᠤᠷᠤᠪᠠ᠂ ᠡᠭᠦᠨ ᠳᠤ ᠲᠣᠰ ᠲᠣᠰ᠄ ᠵᠠᠯᠠᠨ ᠠᠶᠢᠯ ᠤᠨ ᠰᠢᠷ᠎ᠠ ᠪᠤᠷᠴᠠᠭ᠂ | ᠵᠠᠯᠠᠨ ᠠᠶᠢᠯ ᠤᠨ ᠲᠠᠬᠢᠶᠠᠨ ᠥᠨᠳᠡᠭᠡ᠂ ᠠᠷᠤᠨ ᠬᠤᠰᠢᠭᠤᠨ ᠤ ᠦᠬᠡᠷ ᠤᠨ ᠮᠢᠬ᠎ᠠ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ | ᠭᠦᠨᠢᠶᠠᠩ ᠵᠢᠮᠢᠰ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠰᠢᠷ᠎ᠠ ᠪᠤᠷᠴᠠᠭ ᠪᠠ ᠬᠠᠭᠤᠴᠢᠨ ᠪᠠᠷᠭᠤ ᠬᠤᠰᠢᠭᠤᠨ ᠤ ᠭᠤᠷᠪᠠᠨ ᠭᠤᠣᠯ ᠤᠨ ᠦᠬᠡᠷ ᠵᠡᠷᠭᠡ | ᠪᠣᠯᠣᠨ᠎ᠠ᠃ | ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠭᠡᠳᠡᠭ ᠨᠢ ᠲᠣᠭᠲᠠᠭᠰᠠᠨ ᠣᠷᠣᠨ ᠪᠦᠰᠡ ᠳᠤ ᠦᠢᠯᠡᠳᠪᠦᠷᠢᠯᠡᠭᠰᠡᠨ᠂ | ᠵᠣᠬᠢᠬᠤ ᠦᠢᠯᠡᠳᠪᠦᠷᠢᠯᠡᠯ ᠤᠨ ᠬᠡᠪᠴᠢᠶ᠎ᠡ ᠪᠠ ᠲᠠᠸᠠᠷ ᠤᠨ ᠬᠡᠮᠵᠢᠶ᠎ᠡ ᠶᠢ ᠪᠦᠷᠢᠳᠦᠭᠦᠯᠦᠭᠰᠡᠨ᠂ ᠢᠯᠡᠷᠬᠡᠢ ᠣᠷᠣᠨ ᠪᠦᠰᠡ ᠶᠢᠨ ᠣᠨᠴᠠᠯᠢᠭ ᠪᠠ ᠥᠪᠡᠷᠮᠢᠴᠡ ᠰᠢᠮ᠎ᠡ | ᠲᠡᠵᠢᠭᠡᠯ ᠤᠨ ᠴᠢᠨᠠᠷ ᠴᠢᠨᠰᠠᠭ᠎ᠠ ᠶᠢᠨ ᠣᠨᠴᠠᠯᠢᠭ ᠲᠠᠢ᠂ ᠲᠣᠭᠲᠠᠪᠤᠷᠢᠲᠠᠢ ᠬᠠᠩᠭᠠᠯᠭ᠎ᠠ ᠶᠢᠨ ᠬᠡᠮᠵᠢᠶ᠎ᠡ ᠪᠠ ᠬᠡᠷᠡᠭᠯᠡᠭᠡᠨ ᠤ ᠵᠠᠬ᠎ᠠ ᠳᠡᠯᠭᠡᠭᠦᠷ ᠲᠠᠢ᠂ ᠤᠯᠠᠨ ᠨᠡᠶᠢᠲᠡ ᠳᠤ | ᠰᠠᠶᠢᠨ ᠲᠠᠨᠢᠭᠳᠠᠵᠦ ᠥᠨᠳᠥᠷ ᠦᠨᠡᠯᠡᠯᠲᠡ ᠠᠪᠤᠭᠰᠠᠨ ᠪᠥᠭᠡᠳ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ | ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠲᠥᠪ ᠠᠴᠠ ᠠᠯᠪᠠᠨ ᠵᠠᠷ ᠨᠡᠶᠢᠲᠡᠯᠡᠵᠦ ᠦᠨᠡᠮᠯᠡᠯ ᠣᠯᠭᠤᠭᠰᠠᠨ ᠲᠠᠷᠢᠶᠠᠯᠠᠩ ᠤᠨ ᠪᠦᠲᠦᠭᠡᠭᠳᠡᠬᠦᠨ ᠢ ᠵᠢᠭᠠᠵᠤ ᠪᠠᠶᠢᠨ᠎ᠠ᠃ | ᠣᠳᠣᠬᠠᠨ ᠳᠤ᠂ ᠬᠥᠯᠥᠨ ᠪᠤᠶᠢᠷ ᠬᠤᠲᠠ ᠶᠢᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠶᠢᠲᠡ 52 ᠪᠠᠶᠢᠨ᠎ᠠ᠃ | ᠣᠶᠢᠷ᠎ᠠ ᠶᠢᠨ ᠵᠢᠯ ᠤᠳ ᠲᠤ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠬᠢᠨ ᠠᠷᠠᠳ ᠣᠯᠠᠨ ᠳᠤ ᠪᠠᠨ ᠡᠷᠡᠭᠦᠯ | ᠠᠶᠤᠯ ᠦᠭᠡᠢ ᠬᠤᠭᠤᠯᠠ ᠬᠦᠨᠡᠰᠦ ᠬᠠᠩᠭᠠᠬᠤ ᠪᠠᠷ ᠨᠠᠭᠠᠲᠤ ᠵᠠᠬ᠎ᠠ ᠶᠢᠨ ᠪᠠᠷᠢᠮᠵᠢᠶ᠎ᠠ ᠪᠣᠯᠭᠠᠵᠤ᠂ ︽ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ | ᠪᠠᠲᠤᠯᠠᠬᠤ᠂ ᠴᠢᠳᠠᠪᠤᠷᠢ ᠶᠢ ᠳᠡᠭᠡᠭᠰᠢᠯᠡᠭᠦᠯᠦᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠪᠣᠬᠢᠷᠲᠤᠯ ᠦᠭᠡᠢ ᠦᠢᠯᠡᠳᠪᠦᠷᠢᠯᠡᠯ ᠤᠨ ᠪᠠᠷᠢᠮᠵᠢᠶ᠎ᠠ ᠶᠢ ᠥᠨᠳᠥᠷ | ᠪᠣᠯᠭᠠᠬᠤ︾ ᠪᠠᠷ ᠭᠤᠣᠯ ᠰᠢᠵᠢᠮ ᠪᠣᠯᠭᠠᠵᠤ᠂ ︽ᠦᠢᠯᠡᠳᠪᠦᠷᠢᠯᠡᠯ ᠳᠤ ᠨᠠᠶᠢᠳᠠᠬᠤ︾ ᠪᠠ ︽ᠬᠠᠮᠢᠶᠠᠷᠤᠯᠲᠠ ᠳᠤ ᠨᠠᠶᠢᠳᠠᠬᠤ︾ ᠶᠢ ᠠᠮᠢᠳᠤᠯᠢᠭ ᠢᠶᠠᠷ | ᠤᠶᠠᠯᠳᠤᠭᠤᠯᠬᠤ ᠶᠢ ᠠᠬᠢᠭᠤᠯᠤᠨ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠪᠠᠨ ᠡᠷᠴᠢᠮᠵᠢᠭᠦᠯᠵᠦ᠂ ᠦᠢᠯᠡᠳᠪᠦᠷᠢᠯᠡᠯ ᠤᠨ ᠡᠬᠢ ᠡᠭᠦᠰᠦᠯ ᠠᠴᠠ ᠬᠠᠮᠢᠶᠠᠷᠤᠨ | ᠡᠵᠡᠮᠳᠡᠬᠦ ᠶᠢ ᠴᠢᠩᠭᠠᠷᠠᠭᠤᠯᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠴᠢᠨᠠᠷ ᠰᠠᠶᠢᠲᠠᠢ | ᠥᠨᠳᠥᠷ ᠦᠷ᠎ᠡ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠳᠤ ᠬᠦᠴᠦᠨ ᠨᠡᠮᠡᠷᠢᠯᠡᠨ᠎ᠡ᠃ | |