ᠬᠠᠤᠯᠢ ᠪᠤᠰᠤ ᠳᠠᠭᠠᠭᠤᠯᠢ ᠣᠳᠣᠨ ᠲᠧᠯᠸᠢᠰ ᠤᠨ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠳᠤ ᠴᠣᠬᠢᠯᠲᠠ ᠥᠭᠬᠦ ᠲᠤᠰᠬᠠᠶ ᠴᠡᠭᠴᠡᠯᠡᠨ | ᠵᠠᠰᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠳᠤ᠂ ᠵᠠᠯᠠᠨ ᠠᠶᠢᠯ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠬᠤᠲᠠ ᠶᠢᠨ ᠲᠣᠭᠤᠷᠢᠭ ᠤᠨ ︽ᠳᠠᠭᠠᠭᠤᠯᠢ ᠣᠳᠣᠨ ᠭᠠᠵᠠᠷ ᠳᠡᠭᠡᠷᠡᠬᠢ ᠭᠥᠯᠢᠶᠡᠨ | ᠠᠪᠬᠤ ᠲᠥᠬᠦᠭᠡᠷᠦᠮᠵᠢ︾ ᠶᠢ ᠬᠠᠤᠯᠢ ᠪᠤᠰᠤ ᠪᠠᠷ ᠪᠣᠷᠣᠯᠠᠭᠤᠯᠬᠤ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠥᠷᠨᠢᠭᠦᠯᠪᠡ᠃ | ᠬᠤᠲᠠ ᠶᠢᠨ ᠲᠣᠭᠤᠷᠢᠭ ᠤᠨ ᠵᠣᠴᠢᠳ ᠤᠨ ᠪᠠᠭᠤᠳᠠᠯ᠂ ᠤᠬᠢᠶᠠᠯᠭ᠎ᠠ ᠵᠡᠷᠭᠡ ᠲᠠᠯᠠᠪᠤᠷ ᠲᠤ ᠬᠠᠤᠯᠢ ᠪᠤᠰᠤ ᠪᠠᠷ ︽ᠳᠠᠭᠠᠭᠤᠯᠢ ᠣᠳᠣᠨ ᠤ ᠭᠠᠵᠠᠷ ᠳᠡᠭᠡᠷᠡᠬᠢ | ᠭᠥᠯᠢᠶᠡᠨ ᠠᠪᠬᠤ ᠪᠡᠯᠡᠳᠬᠡᠮᠵᠢ︾ ᠶᠢ ᠤᠭᠰᠠᠷᠠᠬᠤ ᠳᠤ ᠲᠤᠰᠬᠠᠶ ᠵᠦᠢᠯ ᠤᠨ ᠪᠠᠶᠢᠴᠠᠭᠠᠯᠲᠠ ᠶᠢᠨ ᠠᠵᠢᠯ ᠢ ᠭᠤᠤᠯᠳᠠᠯᠭ᠎ᠠ ᠲᠠᠢ ᠥᠷᠨᠢᠭᠦᠯᠦᠨ᠎ᠡ᠃ ᠪᠠᠶᠢᠴᠠᠭᠠᠬᠤ | ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠵᠣᠴᠢᠳ ᠤᠨ ᠪᠠᠭᠤᠳᠠᠯ᠂ ᠤᠬᠢᠶᠠᠯᠭ᠎ᠠ ᠳᠤ ᠳᠠᠭᠠᠭᠤᠯᠢ ᠣᠳᠣᠨ ᠤ ᠭᠠᠵᠠᠷ ᠳᠡᠭᠡᠷᠡᠬᠢ ᠭᠥᠯᠢᠶᠡᠨ ᠠᠪᠬᠤ | ᠲᠥᠬᠦᠭᠡᠷᠦᠮᠵᠢ ᠶᠢ ᠬᠠᠤᠯᠢ ᠪᠤᠰᠤ ᠪᠠᠷ ᠬᠡᠷᠡᠭᠯᠡᠭᠰᠡᠨ ᠠᠴᠠ ᠪᠣᠯᠤᠭᠰᠠᠨ ᠨᠡᠶᠢᠭᠡᠮ ᠤᠨ ᠬᠤᠤᠷ ᠬᠥᠨᠥᠭᠡᠯ ᠢ ᠤᠬᠠᠭᠤᠯᠬᠤ ᠶᠢᠨ ᠬᠠᠮᠲᠤ ︽ᠳᠠᠭᠠᠭᠤᠯᠢ ᠣᠳᠣᠨ ᠤ | ᠲᠧᠯᠸᠢᠰ ᠷᠠᠳᠢᠣ᠋ ᠨᠡᠪᠲᠡᠷᠡᠭᠦᠯᠭᠡ ᠶᠢᠨ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠲᠣᠭᠲᠠᠭᠠᠯ︾ ᠵᠢᠴᠢ ᠬᠤᠯᠪᠣᠭᠳᠠᠯ ᠪᠥᠬᠦᠶ | ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠵᠢᠵᠢᠭ ᠲᠣᠭᠤᠷᠢᠭ ᠤᠨ ᠠᠳᠠᠯ ᠠᠬᠤᠶ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠠᠶ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | ᠪᠥᠬᠦ ᠬᠤᠲᠠ ᠶᠢᠨ ᠳᠠᠭᠠᠭᠤᠯᠢ ᠣᠳᠣᠨ ᠲᠧᠯᠸᠢᠰ ᠷᠠᠳᠢᠣ᠋ ᠨᠡᠪᠲᠡᠷᠡᠭᠦᠯᠭᠡ ᠶᠢᠨ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢ ᠬᠠᠤᠯᠢ ᠪᠤᠰᠤ ᠪᠠᠷ | ᠪᠣᠷᠣᠯᠠᠭᠤᠯᠬᠤ᠂ ᠤᠭᠰᠠᠷᠠᠬᠤ᠂ ᠬᠡᠷᠡᠭᠯᠡᠬᠦ ᠵᠡᠷᠭᠡ ᠲᠣᠭᠲᠠᠭᠠᠯ ᠠᠴᠠ ᠵᠥᠷᠢᠴᠡᠭᠰᠡᠨ ᠪᠣᠶ ᠪᠥᠬᠦᠶ ᠦᠢᠯᠡ ᠠᠵᠢᠯᠯᠠᠭ᠎ᠠ ᠶᠢ ᠦᠷᠭᠦᠯᠵᠢᠯᠡᠨ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠨ᠎ᠠ᠃ ᠱᠠᠭᠠᠷᠳᠠᠯᠭ᠎ᠠ ᠶᠣᠰᠣᠭᠠᠷ ᠥᠪᠡᠰᠦᠪᠡᠨ ᠨᠤᠷᠠᠭᠠᠭᠰᠠᠨ ᠥᠬᠡᠶ ᠬᠡᠷᠡᠭᠯᠡᠭᠴᠢ ᠶᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ︽ᠳᠠᠭᠠᠭᠤᠯᠢ | ᠣᠳᠣᠨ ᠲᠧᠯᠸᠢᠰ ᠷᠠᠳᠢᠣ᠋ ᠨᠡᠪᠲᠡᠷᠡᠭᠦᠯᠭᠡ ᠶᠢᠨ ᠭᠠᠵᠠᠷ ᠳᠡᠭᠡᠷᠡᠬᠢ ᠭᠥᠯᠢᠶᠡᠨ ᠠᠪᠬᠤ ᠪᠡᠯᠡᠳᠬᠡᠮᠵᠢ ᠶᠢᠨ ᠬᠠᠮᠢᠶᠠᠷᠤᠯᠲᠠ ᠶᠢᠨ ᠲᠣᠭᠲᠠᠭᠠᠯ︾ ᠤᠨ ᠠᠷᠪᠠᠨ ᠨᠢᠭᠡᠳᠦᠭᠡᠷ | ᠵᠦᠢᠯ ᠤᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠠᠤᠯᠢ ᠶᠣᠰᠣᠭᠠᠷ ᠰᠢᠳᠬᠡᠨ ᠲᠣᠷᠭᠠᠬᠤ ᠶᠢᠨ ᠬᠠᠮᠲᠤ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ | ᠰᠢᠢᠳᠪᠦᠷᠢᠯᠡᠵᠦ᠂ ᠬᠤᠲᠠ ᠶᠢᠨ ᠠᠷᠠᠳ ᠲᠤ ᠢᠳᠡᠪᠬᠢᠲᠡᠶ᠂ ᠡᠷᠡᠭᠦᠯ᠂ ᠠᠮᠤᠷ ᠲᠦᠪᠰᠢᠨ ᠭᠥᠯᠢᠶᠡᠨ ᠠᠪᠴᠤ ᠦᠵᠡᠬᠦ ᠣᠷᠴᠢᠨ ᠲᠣᠭᠤᠷᠢᠨ ᠢ ᠪᠥᠬᠦ | ᠬᠦᠴᠦᠨ ᠢᠶᠠᠷ ᠢᠶᠠᠨ ᠪᠣᠶ ᠪᠣᠯᠭᠠᠵᠤ ᠥᠭᠭᠦᠨ᠎ᠡ᠃ | | |