ᠡᠸᠡᠩᠭᠢ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/22
       ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠶᠢᠨ ᠲᠥᠯᠥᠭᠡ᠂ 9 ᠰᠠᠷ᠎ᠠ ᠶᠢᠨ 19 ᠤ ᠡᠳᠦᠷ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠶᠢᠨ ᠰᠢᠶᠣᠣ ᠶᠦᠩ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠪᠦᠬᠦ ᠺᠠᠳ᠋ᠷ ᠠᠵᠢᠯᠲᠠᠨ ᠠᠵᠢᠯᠴᠢᠨ ᠬᠤᠷᠠᠯ ᠳᠤ ᠣᠷᠣᠯᠴᠠᠪᠠ᠃  
0922-4.png
           ᠬᠤᠷᠠᠯ ᠳᠡᠭᠡᠷ᠎ᠡ᠂ ᠶᠢᠨ ᠡᠷᠬᠢᠯᠡᠭᠴᠢ ᠠᠴᠠ ᠣᠶᠢᠷ᠎ᠠ ᠶᠢᠨ ᠬᠤᠭᠤᠴᠠᠭᠠᠨ ᠤ ᠦᠢᠯᠡᠴᠢᠯᠡᠭᠡᠨ ᠤ ᠠᠵᠤ ᠠᠬᠤᠶᠢᠯᠠᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠠᠵᠢᠯ ᠢ ᠥᠷᠨᠢᠭᠦᠯᠬᠦ ᠶᠠᠪᠤᠴᠠ ᠳᠤ ᠢᠯᠡᠷᠡᠭᠰᠡᠨ ᠠᠰᠠᠭᠤᠳᠠᠯ ᠳᠤ ᠵᠠᠳᠠᠯᠤᠯᠲᠠ ᠪᠠ ᠪᠠᠶᠢᠷᠢᠯᠠᠭᠤᠯᠤᠯᠲᠠ ᠬᠢᠵᠦ᠂ ᠠᠵᠢᠯ ᠤᠨ ᠭᠤᠣᠯᠳᠠᠯᠭ᠎ᠠ ᠪᠠ ᠴᠠᠭ ᠤᠨ ᠵᠠᠩᠭᠢᠯᠠᠭ᠎ᠠ  ᠶᠢ ᠤᠯᠠᠮ ᠨᠢᠭᠡ ᠠᠯᠬᠤᠮ ᠲᠣᠳᠣᠷᠬᠠᠶᠢᠯᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃             ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠵᠦ᠂ ᠠᠵᠤ ᠠᠬᠤᠶᠢᠯᠠᠯ ᠳᠤ ᠨᠠᠩ ᠲᠠᠭᠠᠯᠠᠮᠵᠢᠲᠠᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ ᠪᠣᠯ ᠪᠥᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠵᠠᠩᠭᠢᠯᠠᠭ᠎ᠠ ᠮᠥᠨ᠂ ᠺᠠᠳ᠋ᠷ ᠠᠵᠢᠯᠲᠠᠨ ᠠᠵᠢᠯᠴᠢᠨ ᠤ ᠬᠠᠷᠢᠭᠤᠴᠠᠯᠭᠠᠲᠤ ᠤᠬᠠᠮᠰᠠᠷ ᠢ ᠳᠡᠭᠡᠭᠰᠢᠯᠡᠭᠦᠯᠵᠦ᠂ ᠪᠡᠶ᠎ᠡ ᠪᠠᠷ ᠢᠶᠠᠨ ᠥᠯᠢᠭᠡᠷ ᠳᠠᠭᠤᠷᠢᠶᠠᠯ ᠦᠵᠡᠭᠦᠯᠵᠦ᠂ ᠣᠷᠣᠭᠤᠯᠵᠣ ᠢᠷᠡᠭᠰᠡᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ᠂ ᠠᠵᠤ ᠠᠬᠤᠶᠢᠯᠠᠯ ᠳᠤ  ᠥᠢᠯᠡᠴᠢᠯᠡᠬᠦ ᠵᠡᠷᠭᠡ ᠠᠵᠢᠯ ᠢ ᠲᠦᠷᠦᠭᠦᠯᠡᠨ ᠰᠠᠶᠢᠲᠤᠷ ᠬᠢᠵᠦ᠂ ᠰᠠᠶᠢᠨ ᠲᠥᠷᠥ ᠶᠢᠨ ᠪᠣᠳᠣᠯᠭ᠎ᠠ᠂ ᠰᠠᠶᠢᠨ ᠦᠢᠯᠡᠴᠢᠯᠡᠭᠡ ᠶᠢ ᠠᠵᠤ ᠠᠬᠤᠶᠢᠯᠠᠯ ᠳᠤ ᠬᠦᠷᠭᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠠᠵᠤ ᠠᠬᠤᠶᠢᠯᠠᠯ ᠳᠤ ᠦᠢᠯᠡᠴᠢᠯᠡᠬᠦ ᠪᠣᠯ ᠳᠠᠷᠤᠢ ᠬᠥᠭᠵᠢᠯᠲᠡ ᠳᠤ ᠦᠢᠯᠡᠴᠢᠯᠡᠬᠦ᠂ ᠶᠡᠭᠡ ᠲᠠᠯ᠎ᠠ ᠳᠤ ᠦᠢᠯᠡᠴᠢᠯᠡᠬᠦ ᠣᠨᠣᠯᠵᠢᠬᠤᠨ ᠢ ᠬᠠᠮᠢᠶ᠎ᠠ ᠪᠦᠬᠦᠢ ᠲᠠᠰᠤᠭ ᠤᠨ  ᠬᠠᠷᠢᠭᠤᠴᠠᠯᠭᠠᠲᠠᠳ  ᠪᠠᠲᠤ ᠪᠠᠬᠢ ᠪᠣᠶ ᠪᠣᠯᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠳᠠᠯᠳᠠ ᠬᠦᠴᠦᠨ ᠪᠠ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠠᠭᠤᠳᠠᠯᠵᠤ᠂ ︽ᠲᠦᠷᠭᠡᠨ ᠭᠦᠢᠴᠡᠳᠭᠡᠬᠦ᠂ ᠲᠤᠬᠠᠢ ᠶᠢᠨ ᠲᠠᠯᠠᠪᠤᠷ ᠲᠤᠨᠢ  ᠭᠦᠢᠴᠡᠳᠭᠡᠬᠦ︾ ᠪᠠᠷ ᠵᠣᠷᠢᠯᠲᠠ ᠪᠣᠯᠭᠠᠵᠤ᠂ ᠠᠵᠤ ᠠᠬᠤᠶᠢᠯᠠᠯ ᠳᠤ ᠦᠢᠯᠡᠴᠢᠯᠡᠬᠦ ᠬᠠᠮᠢᠶ᠎ᠠ ᠪᠦᠬᠦᠢ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠠᠵᠤ ᠠᠬᠤᠶᠢᠯᠠᠯ ᠤᠨ ᠲᠠᠭᠠᠯᠠᠮᠵᠢ᠂ ᠠᠵᠤ ᠠᠬᠤᠶᠢᠯᠠᠯᠲᠠᠨ ᠢ ᠰᠠᠨᠠᠭ᠎ᠠ ᠠᠮᠤᠷ ᠪᠠᠶᠢᠯᠭᠠᠬᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠢ᠃      
ᠢᠷᠡᠯᠲᠡ᠄ ᠡᠸᠡᠩᠭᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ