9 ᠰᠠᠷ᠎ᠠ ᠶᠢᠨ 19 ᠤ ᠡᠳᠦᠷ᠂ ᠶᠠᠭᠰᠢ ᠬᠤᠲᠠ ᠬᠥᠯᠥᠨ ᠪᠤᠶᠢᠷ ᠬᠤᠲᠠ ᠶᠢᠨ 2023 ᠣᠨ ᠤ ᠭᠤᠷᠪᠠᠳᠤᠭᠠᠷ ᠡᠭᠡᠯᠵᠢ ᠶᠢᠨ ᠪᠠᠶᠢᠩᠭᠤ ᠶᠢᠨ ᠴᠢᠨᠠᠷᠲᠠᠶ | ᠶᠡᠭᠡ ᠱᠠᠯᠠᠪᠳᠠᠭᠤᠯᠤᠨ ᠪᠠᠶᠢᠴᠠᠭᠠᠯᠲᠠ ᠶᠢᠨ ᠠᠭᠤᠯᠵᠠᠯᠲᠠ ᠶᠢᠨ ᠬᠤᠷᠠᠯ ᠬᠢᠪᠠ᠃ ᠬᠥᠯᠥᠨ ᠪᠤᠶᠢᠷ ᠬᠤᠳᠠ ᠶᠢᠨ ᠵᠢᠷᠭᠤᠳᠤᠭᠠᠷ ᠱᠠᠯᠠᠪᠳᠠᠭᠤᠯᠤᠨ ᠪᠠᠶᠢᠴᠠᠭᠠᠬᠤ | ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ᠂ ᠬᠥᠯᠥᠨ ᠪᠤᠶᠢᠷ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠦᠦ ᠰᠢᠨ ᠬᠠᠢ ᠵᠢᠴᠢ | ᠱᠠᠯᠠᠪᠳᠠᠭᠤᠯᠤᠨ ᠪᠠᠶᠢᠴᠠᠭᠠᠬᠤ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ ᠪᠦᠷᠢᠯᠳᠦᠬᠦᠨ ᠠᠭᠤᠯᠵᠠᠯᠲᠠ ᠶᠢᠨ ᠬᠤᠷᠠᠯ ᠳᠤ ᠣᠷᠣᠯᠴᠠᠪᠠ᠃ | ᠯᠤᠸᠠᠨ ᠶᠦᠩ ᠭᠠᠩ ᠬᠤᠷᠠᠯ ᠢ ᠡᠷᠬᠢᠯᠡᠭᠰᠡᠨ ᠪᠥᠭᠡᠳ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠵᠠᠩ ᠱᠢ ᠭᠦᠸᠧ᠂ ᠯᠢ ᠭᠤᠸᠠᠩ᠂ ᠱᠢ ᠶᠢᠨ ᠬᠠᠶ᠂ ᠳ᠋ᠦ᠋ | ᠰᠢᠶᠤᠤ ᠭᠤᠸᠠᠩ᠂ ᠬᠤᠸᠠᠩ ᠢ ᠰᠢ᠂ ᠵᠣᠣ ᠰᠤ᠋᠂ ᠶᠠᠩ ᠰᠢᠶᠤᠤ ᠯᠸᠢ ᠵᠡᠷᠭᠡ ᠬᠤᠲᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ | | | ᠠᠭᠤᠯᠵᠠᠯᠲᠠ ᠶᠢᠨ ᠬᠤᠷᠠᠯ ᠳᠡᠭᠡᠷ᠎ᠡ᠂ ᠪᠦᠦ ᠰᠢᠨ ᠬᠠᠶ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠷᠦᠨ ᠰᠢ ᠶᠢᠨ 2023 | ᠣᠨ ᠤ ᠬᠤᠶᠠᠳᠤᠭᠠᠷ ᠡᠭᠡᠯᠵᠢ ᠶᠢᠨ ᠪᠠᠶᠢᠩᠭᠤᠵᠢᠭᠤᠯᠤᠭᠰᠠᠨ ᠶᠡᠭᠡ ᠱᠠᠯᠠᠪᠳᠠᠭᠤᠯᠤᠨ ᠪᠠᠶᠢᠴᠠᠭᠠᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷᠡᠬᠢ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃ | ᠯᠤᠸᠠᠨ ᠶᠦᠩ ᠭᠠᠩ ᠣᠪᠣᠷ ᠢᠶᠠᠨ ᠢᠯᠡᠳᠬᠡᠬᠦ ᠶᠠᠷᠢᠶᠠᠨ ᠳᠠᠭᠠᠨ᠂ ᠶᠠᠭᠰᠢ ᠬᠤᠳᠠ ᠶᠢᠨ ᠬᠢᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠲᠤᠰ ᠡᠭᠡᠯᠵᠢ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠤᠷᠤᠭᠰᠢᠲᠠᠢ | ᠶᠠᠪᠤᠭᠳᠠᠬᠤ ᠶᠢ ᠠᠬᠢᠭᠤᠯᠤᠨ᠎ᠠ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ | ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠥᠭᠵᠢᠯᠲᠡ ᠶᠢ ᠠᠬᠢᠭᠤᠯᠬᠤ᠂ ᠲᠣᠭᠲᠠᠭᠤᠨ ᠢ ᠪᠠᠲᠤᠯᠠᠬᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠ ᠬᠥᠭᠵᠢᠯᠲᠡ ᠶᠢ | ᠠᠬᠢᠭᠤᠯᠬᠤ ᠬᠤᠶᠠᠷ ᠲᠠᠯ᠎ᠠ ᠪᠠᠷ ᠠᠳᠬᠤᠬᠤ᠂ ᠬᠤᠶᠠᠷ ᠢ ᠠᠬᠢᠭᠤᠯᠬᠤ ᠶᠢ ᠪᠡᠶᠡᠯᠡᠭᠦᠯᠵᠦ᠂ ᠳᠠᠪᠠᠭᠠᠨ ᠳᠡᠭᠡᠷᠡᠬᠢ ᠰᠢᠭᠤᠶᠢᠳᠤ ᠬᠤᠳᠠ ᠶᠢᠨ ᠠᠷᠠᠳ ᠢ ᠪᠠᠶᠠᠵᠢᠭᠤᠯᠤᠨ | ᠬᠤᠳᠠ ᠶᠢ ᠬᠦᠴᠦᠷᠬᠡᠭᠵᠢᠭᠦᠯᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠡᠢ᠃ | ᠱᠠᠯᠠᠪᠳᠠᠭᠤᠯᠤᠨ ᠪᠠᠶᠢᠴᠠᠭᠠᠬᠤ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠪᠠᠰᠠ ᠶᠠᠷᠢᠯᠴᠠᠬᠤ ᠬᠤᠷᠠᠯ ᠬᠢᠬᠦ᠂ ᠮᠠᠲ᠋ᠧᠷᠢᠶᠠᠯ ᠰᠢᠯᠵᠢᠭᠦᠯᠦᠨ | ᠦᠵᠡᠬᠦ ᠵᠡᠷᠭᠡ ᠬᠡᠯᠪᠡᠷᠢ ᠪᠠᠷ ᠱᠠᠯᠠᠪᠳᠠᠭᠤᠯᠤᠨ ᠪᠠᠶᠢᠴᠠᠭᠠᠬᠤ ᠶᠢᠨ ᠬᠠᠮᠲᠤ ᠮᠠᠨ ᠤ ᠬᠤᠲᠠ ᠶᠢᠨ ᠣᠨᠴᠠ ᠵᠠᠷᠢᠮ ᠭᠤᠣᠯᠳᠠᠯᠭ᠎ᠠ ᠲᠠᠢ ᠲᠦᠷᠦᠯ ᠵᠦᠢᠯ ᠪᠣᠯᠤᠨ | ᠭᠤᠣᠯᠳᠠᠯᠭ᠎ᠠ ᠲᠠᠢ ᠢᠨᠵᠧᠨᠧᠷᠢᠩ ᠳᠤ ᠲᠤᠬᠠᠢ ᠶᠢᠨ ᠲᠠᠯᠠᠪᠠᠢ ᠶᠢᠨ ᠱᠠᠯᠠᠪᠳᠠᠭᠤᠯᠤᠨ ᠪᠠᠶᠢᠴᠠᠭᠠᠯᠲᠠ ᠬᠢᠬᠦ ᠪᠣᠯᠤᠨ᠎ᠠ᠃ | | |