ᠨᠠᠢᠮᠠᠨ ᠰᠠᠷ᠎ᠠ ᠶᠢᠨ ᠲᠡᠷᠭᠡᠯ ᠪᠠᠶᠠᠷ ᠪᠠ ᠤᠯᠤᠰ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 9 ᠰᠠᠷ᠎ᠠ ᠶᠢᠨ 20 ᠤ ᠡᠳᠦᠷ᠂ ᠰᠢᠨ᠎ᠡ ᠪᠠᠷᠭᠤ ᠪᠠᠷᠠᠭᠤᠨ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠸᠠᠩ ᠰᠢᠶᠣᠣ ᠹᠧᠢ ᠤᠯᠤᠰ ᠤᠨ ᠴᠠᠬᠢᠯᠭᠠᠨ | ᠲᠣᠣᠷ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ᠂ ᠭᠦᠸᠧ ᠬᠤᠸᠠ ︵ᠬᠥᠯᠥᠨ ᠪᠤᠶᠢᠷ︶ ᠰᠠᠯᠬᠢᠨ ᠬᠦᠴᠦᠨ ᠤ ᠴᠠᠬᠢᠯᠭᠠᠨ ᠤ | ᠬᠢᠵᠠᠭᠠᠷᠲᠤ ᠺᠣᠮᠫᠠᠨᠢ᠂ ᠴᠢᠩ ᠱᠧᠩ ᠨᠡᠭᠦᠷᠡᠰᠦᠨ ᠠᠭᠤᠷᠬᠠᠢ ᠵᠡᠷᠭᠡ ᠭᠠᠵᠠᠷ ᠲᠤ ᠬᠦᠷᠴᠦ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ | ᠠᠵᠢᠯ ᠢ ᠪᠠᠶᠢᠴᠠᠭᠠᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠠᠮᠲᠤ ᠣᠴᠢᠪᠠ᠃ | ᠪᠠᠶᠢᠴᠠᠭᠠᠯᠲᠠ ᠳᠤ᠂ ᠸᠠᠩ ᠰᠢᠶᠣᠣ ᠹᠧᠢ ᠠᠵᠤ ᠠᠬᠤᠶᠢᠯᠠᠯ ᠤᠨ ᠡᠳᠦᠷ ᠲᠤᠲᠤᠮ ᠤᠨ ᠠᠮᠤᠷ ᠲᠦᠪᠰᠢᠨ ᠤ ᠪᠠᠶᠢᠴᠠᠭᠠᠯᠲᠠ᠂ ᠳᠠᠯᠳᠠ ᠬᠡᠮ ᠤᠨ ᠪᠠᠶᠢᠴᠠᠭᠠᠯᠲᠠ᠂ | ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠵᠢᠵᠢᠭᠦᠷ ᠤᠨ ᠲᠣᠬᠢᠷᠠᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠠᠷᠭ᠎ᠠ ᠬᠡᠮᠵᠢᠶ᠎ᠡ ᠵᠡᠷᠭᠡ | ᠪᠠᠶᠢᠳᠠᠯ ᠢ ᠨᠠᠷᠢᠯᠢᠭ ᠣᠶᠢᠯᠠᠭᠠᠪᠠ᠃ | ᠸᠠᠩ ᠰᠢᠶᠣᠣ ᠹᠧᠢ᠂ ᠠᠮᠤᠷ ᠲᠦᠪᠰᠢᠨ ᠤ ᠬᠠᠷᠢᠭᠤᠴᠠᠯᠭ᠎ᠠ ᠬᠦᠨᠳᠦ ᠠᠴᠠ ᠬᠦᠨᠳᠦ ᠶᠤᠮ᠂ ᠠᠵᠤ ᠠᠬᠤᠶᠢᠯᠠᠯ ᠤᠳ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠶᠤᠯᠭᠦᠢ ᠦᠢᠯᠡᠳᠪᠦᠷᠢᠯᠡᠯ ᠭᠡᠬᠦ ᠡᠨᠡᠬᠦ ᠬᠥᠪᠴᠢ ᠶᠢ ᠴᠢᠩᠭᠠᠯᠠᠵᠤ᠂ ᠡᠯ᠎ᠡ ᠵᠦᠢᠯ ᠤᠨ ᠠᠵᠢᠯ ᠤᠨ ᠳᠦᠷᠢᠮ ᠢ | ᠴᠢᠩᠭ᠎ᠠ ᠵᠢᠷᠤᠮᠵᠢᠭᠤᠯᠤᠨ ᠬᠡᠷᠡᠭᠵᠢᠭᠦᠯᠵᠦ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠪᠠ ᠭᠡᠮ ᠰᠣᠭᠤᠭ ᠢ ᠪᠠᠶᠢᠴᠠᠭᠠᠨ ᠵᠠᠰᠠᠬᠤ ᠠᠵᠢᠯ ᠢ ᠰᠠᠶᠢᠲᠤᠷ ᠬᠢᠵᠦ᠂ | ᠠᠮᠤᠷ ᠲᠦᠪᠰᠢᠨ ᠤ ᠠᠳᠡᠯ ᠭᠠᠷᠬᠤ ᠦᠭᠡᠢ ᠪᠠᠶᠢᠬᠤ ᠶᠢ ᠪᠠᠲᠤᠯᠠᠵᠤ᠂ ᠥᠷᠭᠡᠨ ᠤᠯᠠᠨ ᠲᠦᠮᠡᠨ ᠳᠤ ᠠᠮᠤᠷ ᠲᠦᠪᠰᠢᠨ ᠲᠠᠭᠠᠯᠠᠮᠵᠢᠲᠠᠢ᠂ ᠪᠠᠶᠠᠷ ᠪᠠᠶᠠᠰᠬᠤᠯᠠᠩ ᠲᠠᠢ | ᠥᠯᠵᠡᠢ ᠪᠡᠯᠭᠡ ᠲᠠᠢ ᠪᠠᠶᠠᠷ ᠤᠨ ᠡᠳᠦᠷ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠰᠢᠷᠠᠨ | ᠵᠣᠪᠠᠨᠢᠬᠤ ᠤᠬᠠᠮᠰᠠᠷ᠂ ᠠᠶᠤᠯ ᠲᠦᠭᠰᠢᠭᠦᠷᠢ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ | ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠦᠨᠡᠨ ᠬᠦ | ᠨᠠᠷᠢᠯᠢᠭ ᠪᠣᠳᠠᠲᠠᠢ ᠠᠳᠬᠤᠵᠤ᠂ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠢᠶᠠᠷ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠪᠠᠲᠤ ᠪᠠᠲᠤᠯᠠᠭ᠎ᠠ ᠶᠢ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | |