ᠲᠥᠷᠥᠭᠰᠡᠨ ᠬᠡᠦᠬᠡᠳ ᠢᠶᠠᠨ 3 ᠲᠦᠮᠡᠨ ᠲᠥᠭᠦᠷᠢᠭ ᠢᠶᠠᠷ ᠬᠤᠳᠠᠯᠳᠣᠭᠠᠳ ᠭᠡᠷᠡᠭ ᠢᠶᠠᠨ ᠳᠣᠰᠢᠶᠠᠪᠠ
ᠨᠡᠶᠢᠲᠡᠯᠡᠭᠰᠡᠨ ᠴᠠᠭ᠄
2023/9/22
       ᠥᠪᠥᠷ ᠮᠣᠩᠭᠤᠯ ᠤᠨ ᠤᠯᠠᠭᠠᠨᠬᠠᠳᠠ ᠶᠢᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠦᠴᠢᠷ᠂ 9 ᠳ᠋ᠦ᠋ᠭᠡᠷ ᠰᠠᠷ᠎ᠠ ᠶᠢᠨ 15 ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠢᠷᠬᠡᠨ ᠴᠢᠶᠠᠨ ᠣᠪᠣᠭᠲᠤ ︵ᠪᠤᠷᠤᠭᠤᠯᠠᠭᠰᠠᠨ ᠨᠡᠷ᠎ᠡ︶ ᠳᠦᠷᠦᠬᠡᠳ ᠭᠤᠷᠪᠠ ᠬᠤᠨᠤᠵᠦ ᠪᠠᠶᠢᠭ᠎ᠠ ᠨᠢᠯᠬ᠎ᠠ ᠬᠡᠦᠬᠡᠳ ᠢᠶᠠᠨ ᠭᠤᠷᠪᠠᠨ ᠲᠦᠮᠡᠨ ᠲᠥᠭᠦᠷᠢᠭ ᠢᠶᠠᠷ ᠬᠤᠳᠠᠯᠳᠤᠪᠠ ᠭᠡᠰᠡᠨ ᠬᠡᠷᠡᠭ ᠤᠨ ᠮᠡᠳᠡᠭᠦᠯᠦᠯᠲᠡ ᠶᠢ ᠲᠣᠰᠣᠭᠰᠠᠨ ᠪᠠᠶᠢᠨ᠎ᠠ᠃  ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ ᠡᠷᠡᠭᠦᠦ ᠶᠢᠨ ᠬᠡᠷᠡᠭ ᠢ ᠮᠦᠷᠳᠡᠨ ᠪᠠᠶᠢᠴᠠᠭᠠᠬᠤ ᠶᠡᠭᠡ ᠠᠩᠭᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠷᠡ ᠳᠠᠷᠤᠢ ᠳᠤᠨᠢ ᠮᠦᠷᠳᠡᠨ ᠪᠠᠶᠢᠴᠠᠭᠠᠯᠳᠠ ᠥᠷᠨᠢᠭᠦᠯᠪᠡ᠃       ᠡᠷᠡᠭᠦᠦ ᠶᠢᠨ ᠬᠡᠷᠡᠭ ᠢ ᠮᠦᠷᠳᠡᠨ ᠪᠠᠶᠢᠴᠠᠭᠠᠬᠤ ᠶᠡᠭᠡ ᠠᠩᠭᠢ ᠶᠢᠨ ᠬᠢᠨ ᠬᠤᠩᠱᠠᠨ ᠲᠣᠭᠤᠷᠢᠭ᠂ ᠰᠦᠩᠱᠠᠨ ᠲᠣᠭᠤᠷᠢᠭ ᠢᠶᠠᠷ ᠬᠦᠷᠴᠦ᠂ ᠬᠤᠳᠠᠯᠳᠤᠭᠳᠠᠭᠰᠠᠨ ᠬᠡᠦᠬᠡᠳ ᠢ  ᠠᠪᠤᠷᠠᠭᠰᠠᠨ ᠤ ᠰᠡᠵᠢᠭᠲᠡᠨ ᠢ ᠪᠠᠷᠢᠪᠴᠢᠯᠠᠪᠠ᠃ ᠳᠥᠷᠪᠡᠨ ᠴᠠᠭ ᠤᠨ ᠴᠢᠷᠮᠠᠶᠢᠯᠭ᠎ᠠ ᠪᠠᠷ ᠳᠡᠮᠵᠢᠨ᠂ ᠬᠤᠳᠠᠯᠳᠤᠭᠳᠠᠭᠰᠠᠨ ᠬᠡᠦᠬᠡᠳ ᠢ ᠣᠯᠵᠦ ᠠᠪᠤᠷᠠᠭᠰᠠᠨ ᠪᠥᠭᠡᠳ ᠰᠡᠵᠢᠭᠲᠡᠨ ᠵᠧᠦ ᠣᠪᠣᠭᠲᠤ ︵ᠪᠤᠷᠤᠭᠤᠯᠠᠭᠰᠠᠨ ᠨᠡᠷ᠎ᠡ︶᠂ ᠵᠧᠩ ᠣᠪᠣᠭᠲᠤ ︵ᠪᠤᠷᠤᠭᠤᠯᠠᠭᠰᠠᠨ ᠨᠡᠷ᠎ᠡ︶᠂ ᠰᠦᠨ ᠣᠪᠣᠭᠲᠤ ︵ᠪᠤᠷᠤᠭᠤᠯᠠᠭᠰᠠᠨ ᠨᠡᠷ᠎ᠡ︶᠂ ᠦ᠋ ᠣᠪᠣᠭᠲᠤ ︵ᠪᠤᠷᠤᠭᠤᠯᠠᠭᠰᠠᠨ ᠨᠡᠷ᠎ᠡ︶ ᠵᠡᠷᠭᠡ ᠳᠥᠷᠪᠡᠨ ᠬᠥᠮᠥᠨ ᠢ ᠪᠠᠷᠢᠪᠴᠢᠯᠠᠵᠠᠢ᠃       ᠴᠢᠶᠠᠨ ᠣᠪᠣᠭᠲᠤ ᠭᠠᠳᠠᠨ᠎ᠠ ᠣᠷᠣᠨ ᠳᠤ ᠬᠥᠯᠥᠰᠦᠨ ᠠᠵᠢᠯ ᠬᠢᠵᠦ ᠪᠠᠶᠢᠬᠤ ᠳᠠᠭᠠᠨ ᠲᠤᠬᠠᠢ ᠶᠢᠨ ᠭᠠᠵᠠᠷ ᠤᠨ ᠨᠢᠭᠡ ᠡᠷᠡᠭᠲᠡᠢ ᠲᠠᠢ ᠰᠠᠭᠤᠭᠠᠳ ᠵᠢᠷᠮᠦᠰᠦᠯᠡᠭᠰᠡᠨ ᠪᠣᠯᠪᠠᠴᠤ ᠡᠨᠡ ᠡᠷᠡᠭᠲᠡᠢ ᠬᠡᠦᠬᠡᠳ ᠢ ᠠᠪᠬᠤ ᠳᠤᠷ᠎ᠠ ᠦᠭᠡᠢ ᠪᠠᠶᠢᠪᠠ᠃ ᠢᠩᠭᠢᠭᠡᠳ 2023 ᠣᠨ ᠤ 5 ᠳ᠋ᠤᠭᠠᠷ ᠰᠠᠷ᠎ᠠ ᠳᠤ᠂ ᠴᠢᠶᠠᠨ ᠣᠪᠣᠭᠲᠤ ᠶᠤᠸᠠᠨ ᠪᠦᠦ ᠱᠠᠨ ᠲᠣᠭᠤᠷᠢᠭ ᠲᠤ ᠬᠠᠷᠢᠵᠤ ᠢᠷᠡᠭᠡᠳ ᠬᠡᠦᠬᠡᠳ ᠢᠶᠠᠨ ᠬᠥᠩᠭᠡᠵᠢᠬᠦ ᠪᠠᠷ ᠲᠣᠭᠲᠠᠪᠠ᠃ ᠴᠢᠶᠠᠨ ᠣᠪᠣᠭᠲᠤ ᠶᠢᠨ ᠠᠮᠢᠳᠣᠷᠠᠯ ᠠᠨᠠᠢ᠂ ᠲᠦᠷᠦᠭᠦ ᠭᠡᠵᠦ ᠪᠠᠶᠢᠭ᠎ᠠ ᠬᠡᠦᠬᠡᠳ ᠢᠶᠠᠨ ᠠᠰᠠᠷᠠᠨ ᠲᠡᠵᠢᠭᠡᠬᠦ ᠴᠢᠳᠠᠯ ᠦᠭᠡᠢ ᠭᠡᠵᠦ ᠦᠵᠡᠬᠡᠳ᠂ ᠵᠧᠦ ᠣᠪᠣᠭᠲᠤ ᠪᠣᠯᠣᠨ ᠵᠧᠩ ᠣᠪᠣᠭᠲᠤ ᠲᠠᠢ ᠬᠠᠷᠢᠯᠴᠠᠵᠤ᠂ ᠬᠡᠦᠬᠡᠳ ᠢᠶᠠᠨ ᠬᠦᠮᠦᠨ ᠳᠤ ᠬᠤᠳᠠᠯᠳᠣᠬᠰᠠᠨ ᠶᠤᠮ ᠪᠠᠶᠢᠨ᠎ᠠ᠃
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ