9 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠤᠲᠠ ᠶᠢᠨ | ᠳᠠᠷᠤᠭ᠎ᠠ ᠶᠢᠨ ᠠᠯᠪᠠᠯᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ 1—8 ᠰᠠᠷ᠎ᠠ ᠶᠢᠨ ᠪᠥᠬᠦ ᠬᠤᠲᠠ ᠶᠢᠨ ᠡᠯ᠎ᠡ ᠵᠦᠢᠯ ᠤᠨ ᠭᠤᠣᠯ ᠪᠣᠯᠬᠤ ᠠᠵᠤ ᠠᠬᠤᠢ ᠶᠢᠨ | ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠰᠤᠳᠤᠯᠤᠨ | ᠮᠠᠭᠠᠳᠯᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠡᠮᠬᠢᠯᠡᠨ ᠵᠠᠳᠠᠯᠵᠤ᠂ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠵᠤᠬᠢᠴᠠᠭᠤᠯᠤᠨ ᠪᠠᠶᠢᠷᠢᠯᠠᠭᠤᠯᠪᠠ | ᠃ ᠬᠤᠲᠠ ᠶᠢᠨ ᠤᠳᠤᠷᠢᠳᠤᠯᠭ᠎ᠠ ᠬᠤ᠋ ᠵᠣᠣ ᠮᠢᠨ᠂ ᠬᠥᠩ ᠹᠧᠢ ᠲᠢᠶᠠᠨ ᠪᠣᠯᠣᠨ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | ᠬᠤᠷᠠᠯ ᠠᠴᠠ᠂ ᠣᠳᠣᠬᠠᠨ ᠳᠤ ᠠᠵᠤ ᠠᠬᠤᠢ ᠶᠢᠨ ᠶᠠᠪᠤᠭᠳᠠᠯ ᠶᠠᠭ ᠰᠡᠷᠭᠦᠨ ᠬᠥᠭᠵᠢᠬᠦ ᠪᠠ ᠠᠵᠤ ᠦᠢᠯᠡᠰ ᠤᠨ ᠳᠡᠰ ᠳᠡᠪᠰᠢᠬᠦ ᠵᠠᠩᠭᠢᠯᠠᠭ᠎ᠠ ᠶᠢᠨ | ᠬᠤᠭᠤᠴᠠᠭᠠᠨ ᠳᠤ ᠣᠷᠣᠰᠢᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠦᠯᠡᠨ ᠴᠢᠷᠮᠠᠶᠢᠵᠤ ᠦᠢᠯᠡᠰ | ᠪᠦᠲᠦᠭᠡᠵᠦ᠂ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠲᠣᠭᠲᠠᠭᠤᠨ ᠢᠶᠠᠷ ᠨᠡᠮᠡᠭᠳᠡᠭᠦᠯᠬᠦ ᠶᠢ ᠨᠡᠩ ᠲᠣᠪᠣᠶᠢᠮ᠎ᠠ | ᠪᠠᠶᠢᠷᠢᠨ ᠳᠤ ᠲᠠᠯᠪᠢᠵᠤ᠂ ᠭᠤᠷᠪᠠ ᠳᠥᠷᠪᠡᠳᠦᠭᠡᠷ ᠤᠯᠠᠷᠢᠯ ᠤᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠵᠤ᠂ ᠠᠵᠤ | ᠠᠬᠤᠢ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠬᠦ᠂ ᠨᠡᠮᠡᠭᠳᠡᠯ ᠤᠨ ᠬᠥᠳᠡᠯᠭᠡᠬᠦ ᠬᠦᠴᠦᠨ ᠢ ᠦᠷᠭᠦᠯᠵᠢᠯᠡᠨ ᠴᠢᠩᠭᠠᠷᠠᠭᠤᠯᠬᠤ᠂ ᠬᠥᠭᠵᠢᠯᠲᠡ ᠶᠢᠨ | ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠳᠤᠮᠳᠠ ᠲᠦᠪᠰᠢᠨ ᠢ ᠲᠣᠭᠲᠠᠪᠤᠷᠢᠵᠢᠭᠤᠯᠬᠤ᠂ ᠮᠠᠩᠯᠠᠢ ᠳᠤᠨᠢ | ᠭᠠᠷᠬᠤ ᠪᠠᠷ ᠮᠡᠷᠡᠶᠢᠨ ᠴᠢᠷᠮᠠᠶᠢᠬᠤ᠂ ᠡᠮᠦᠨ᠎ᠡ ᠲᠦᠪᠰᠢᠨ ᠳᠤ ᠣᠷᠣᠬᠤ︾ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠳᠠᠷᠤᠯᠲᠠ ᠥᠷᠢᠰᠦᠯᠳᠦᠭᠡᠨ ᠢ ᠰᠡᠷᠭᠡᠭ ᠢᠶᠠᠷ ᠲᠠᠨᠢᠵᠤ᠂ ᠠᠵᠤ ᠠᠬᠤᠢ ᠶᠢᠨ ᠪᠠᠶᠢᠳᠠᠯ ᠢ ᠣᠨᠣᠪᠴᠢᠲᠠᠢ ᠡᠵᠡᠮᠳᠡᠵᠦ᠂ ᠠᠰᠠᠭᠤᠳᠠᠯ ᠢ | ᠰᠢᠰᠲ᠋ᠧᠮ ᠲᠠᠢ ᠪᠠᠷ ᠡᠮᠬᠢᠯᠡᠵᠦ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ ᠳᠠᠪᠠᠭᠤᠯᠢᠭ ᠭᠦᠢᠴᠡᠳᠬᠡᠬᠦ ᠲᠤᠭ᠎ᠠ ᠶᠢ ᠪᠠᠬᠢᠵᠢᠭᠦᠯᠦᠨ ᠳᠡᠭᠡᠭᠰᠢᠯᠡᠭᠦᠯᠵᠦ᠂ | ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠦᠷᠢᠯᠡᠨ ᠭᠦᠢᠴᠡᠳ ᠨᠥᠬᠦᠪᠦᠷᠢᠯᠡᠵᠦ᠂ ᠳᠡᠰ ᠳᠡᠪᠰᠢᠭᠦᠯᠬᠦ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠲᠡᠷᠢᠭᠦᠨ ᠤ | ᠲᠤᠷᠰᠢᠯᠭ᠎ᠠ ᠶᠢ ᠰᠤᠷᠤᠯᠴᠠᠨ ᠲᠣᠯᠢᠯᠠᠵᠤ᠂ ︽ᠨᠢᠭᠡ ᠭᠠᠵᠠᠷ ᠨᠢᠭᠡ ᠪᠣᠳᠣᠯᠭ᠎ᠠ︾᠂ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠲᠦᠷᠦᠯ ᠵᠦᠢᠯ ᠢ | ᠲᠣᠭᠤᠷᠢᠨ ᠦᠵᠡᠬᠦ᠂ ᠬᠢᠨᠠᠨ ᠰᠢᠯᠭᠠᠵᠤ ᠦᠨᠡᠯᠡᠬᠦ ᠵᠡᠷᠭᠡ ᠠᠵᠢᠯ ᠤᠨ ᠲᠣᠭᠲᠠᠴᠠ ᠶᠢ ᠲᠠᠰᠣᠷᠠᠯᠳᠠ ᠦᠭᠡᠢ ᠲᠡᠭᠦᠯᠳᠡᠷᠵᠢᠭᠦᠯᠵᠦ᠂ ᠠᠵᠢᠯ ᠤᠨ ᠪᠠᠷᠢᠮᠵᠢᠶ᠎ᠠ ᠪᠠ | ᠬᠤᠷᠳᠤᠴᠠ ᠵᠢᠴᠢ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃ ᠵᠠᠩᠭᠢᠯᠠᠭ᠎ᠠ ᠶᠢᠨ ᠴᠡᠭ ᠢ ᠴᠢᠩᠭ᠎ᠠ ᠡᠵᠡᠮᠳᠡᠵᠦ᠂ ᠣᠳᠣᠬᠠᠨ ᠤ | ᠠᠵᠢᠯ ᠢ ᠰᠠᠶᠢᠲᠤᠷ ᠠᠳᠬᠤᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠭᠤᠯᠤᠯᠳᠠ ᠶᠢ ᠴᠢᠩᠭ᠎ᠠ ᠠᠳᠬᠤᠨ ᠲᠦᠷᠭᠡᠨ ᠭᠦᠢᠴᠡᠳᠬᠡᠵᠦ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠬᠡᠷᠡᠭᠯᠡᠭᠡ ᠶᠢ ᠠᠬᠢᠭᠤᠯᠬᠤ᠂ ᠨᠠᠮᠤᠷ ᠡᠪᠦᠯ ᠤᠨ ᠵᠤᠭᠠᠴᠠᠯ᠂ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠠᠮᠤᠷ | ᠲᠦᠪᠰᠢᠨ ᠲᠣᠭᠲᠠᠭᠤᠨ ᠢ ᠪᠠᠲᠤᠯᠠᠬᠤ ᠵᠡᠷᠭᠡ ᠠᠵᠢᠯ ᠢ ᠴᠢᠩᠭ᠎ᠠ ᠠᠳᠬᠤᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠠᠵᠠ | ᠲᠣᠬᠢᠶᠠᠯ ᠢ ᠠᠮᠵᠢᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠳᠠᠷᠠᠭ᠎ᠠ ᠵᠢᠯ ᠤᠨ ᠠᠵᠢᠯ ᠤᠨ ᠲᠥᠯᠥᠪᠯᠡᠭᠡ ᠪᠠᠨ ᠡᠷᠲᠡᠬᠡᠨ ᠲᠣᠭᠲᠠᠭᠠᠵᠤ᠂ ︽ᠲᠠᠪᠤᠨ | ᠶᠡᠭᠡ ᠡᠭᠦᠷᠭᠡ︾ ᠪᠣᠯᠣᠨ ᠠᠵᠤ ᠦᠢᠯᠡᠰ ᠤᠨ ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠨᠡᠩ ᠰᠠᠶᠢᠲᠤᠷ ᠨᠠᠶᠢᠳᠠᠪᠤᠷᠢᠵᠢᠭᠤᠯᠬᠤ | ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠢᠯ ᠤᠨ ᠰᠤᠷᠲᠠᠯ ᠢ ᠰᠠᠶᠢᠵᠢᠷᠠᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ | ᠬᠥᠳᠡᠯᠦᠯᠴᠡᠵᠦ᠂ ᠬᠠᠮᠲᠤᠷᠠᠯ ᠬᠦᠴᠦᠨ ᠢ ᠨᠢᠭᠲᠠᠷᠠᠭᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠵᠤ᠂ | ᠠᠵᠤ ᠠᠬᠤᠢ ᠶᠢᠨ ᠠᠵᠢᠯᠯᠠᠭᠠᠨ ᠤ ᠨᠡᠩ ᠰᠠᠶᠢᠨ ᠬᠠᠨᠳᠤᠰᠢ ᠲᠡᠰᠢ ᠬᠥᠭᠵᠢᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | | |