9 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠭᠤᠸ ᠷᠦᠨ ᠰᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠴᠢᠬᠤᠯᠠ | ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠤᠨ | ᠠᠵᠢᠯᠯᠠᠭᠠᠨ ᠤ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ | | | ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠭᠤᠯᠠ ᠤᠰᠤ | ᠤᠢ ᠲᠠᠷᠢᠶ᠎ᠠ ᠨᠠᠭᠤᠷ ᠪᠡᠯᠴᠢᠭᠡᠷ ᠡᠯᠡᠰᠦ ᠶᠢ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠡᠯᠡᠰᠦ ᠶᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠶᠢ ᠲᠦᠷᠭᠡᠨ | ᠨᠠᠶᠢᠷᠠᠭᠤᠯᠤᠨ ᠲᠣᠭᠲᠠᠭᠠᠵᠤ᠂ ︽ᠭᠤᠷᠪᠠᠨ ᠤᠮᠠᠷᠠᠲᠤ︾ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠡᠷᠡᠰ ᠰᠠᠶᠢᠲᠤᠷ ᠠᠳᠬᠤᠵᠤ᠂ ᠠᠮᠢ ᠠᠬᠤᠢ ᠶᠢᠨ ᠥᠨᠳᠥᠷ ᠦᠷᠳᠡᠭ ᠢ ᠬᠤᠪᠢᠷᠠᠭᠤᠯᠬᠤ ᠲᠠᠯ᠎ᠠ ᠪᠠᠷ ᠨᠡᠩ ᠤᠯᠠᠨ ᠰᠢᠪᠲᠤᠯᠤᠯᠲᠠ | ᠭᠠᠷᠭᠠᠬᠤ ᠪᠠᠷ ᠬᠦᠴᠦᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠳᠡᠢ | ᠭᠡᠵᠦ ᠵᠢᠭᠠᠵᠤ ᠭᠠᠷᠭᠠᠪᠠ᠃ | | | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠤᠯᠠᠨ ᠤᠯᠤᠰ ᠤᠨ | ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠵᠡᠷᠭᠡ ᠬᠤᠯᠪᠣᠭᠳᠠᠯ ᠪᠦᠬᠦᠢ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠲᠤᠭᠲᠠᠮᠵᠢ ᠳᠤ ᠢᠳᠡᠪᠬᠢᠲᠡᠢ ᠠᠭᠤᠰᠤᠯᠴᠠᠵᠤ᠂ ᠨᠡᠩ ᠰᠠᠨᠠᠭᠠᠴᠢᠯᠠᠭ᠎ᠠ ᠲᠠᠢ ᠨᠡᠭᠡᠭᠡᠯᠲᠡᠲᠤ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠵᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠨᠡᠪᠲᠡᠷᠡᠯ ᠵᠠᠮ ᠤᠨ ᠦᠢᠯᠡᠳᠦᠯ ᠢ ᠪᠠᠳᠠᠷᠠᠭᠤᠯᠵᠤ᠂ ᠠᠵᠤ ᠦᠢᠯᠡᠰ ᠤᠨ | ᠬᠠᠮᠲᠤᠷᠠᠯᠴᠠᠭᠠᠨ ᠤ ᠲᠦᠷᠦᠯ ᠵᠦᠢᠯ ᠢ ᠬᠦᠴᠦᠯᠡᠨ ᠪᠣᠶᠢᠵᠢᠭᠤᠯᠵᠤ᠂ ᠰᠣᠶᠣᠯ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠵᠡᠷᠭᠡ ᠬᠦᠷᠢᠶ᠎ᠡ ᠴᠠᠷᠠᠭᠠᠨ ᠤ | ᠬᠠᠮᠲᠤᠷᠠᠯᠴᠠᠭᠠᠨ ᠤ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠠᠳᠠᠭᠠᠳᠤ ᠨᠡᠭᠡᠭᠡᠯᠲᠡ ᠶᠢᠨ ᠲᠡᠰ ᠳᠠᠪᠬᠤᠷᠭ᠎ᠠ ᠶᠢᠨ ᠲᠦᠪᠰᠢᠨ ᠢ ᠳᠡᠭᠡᠭᠰᠢᠯᠡᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ | ᠪᠠᠲᠤᠲᠠᠢ ᠠᠬᠢᠭᠤᠯᠰᠤᠭᠠᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠵᠡᠭᠦᠨ ᠬᠤᠶᠢᠲᠤ ᠶᠢᠨ ᠶᠡᠭᠡ ᠰᠤᠷᠭᠠᠭᠤᠯᠢ ᠶᠢᠨ ᠪᠦᠬᠦ ᠪᠠᠭᠰᠢ | ᠰᠤᠷᠤᠭᠴᠢᠳ ᠲᠤ ᠥᠭᠭᠦᠭᠰᠡᠨ ᠴᠢᠬᠤᠯᠠ ᠬᠠᠷᠢᠭᠤ ᠵᠠᠬᠢᠳᠠᠯ ᠵᠢᠴᠢ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭ᠎ᠠ ᠶᠢᠨ ᠨᠠᠢᠮᠠᠳᠤᠭᠠᠷ ᠤᠳᠠᠭ᠎ᠠ ᠶᠢᠨ ᠪᠦᠬᠦ | ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠭᠤᠣᠯ ᠰᠡᠳᠦᠪᠲᠦ ᠰᠤᠷᠭᠠᠨ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠠᠷᠠᠳ ᠤᠨ ᠠᠮᠢᠳᠤᠷᠠᠯ ᠤᠨ | ᠪᠣᠳᠠᠲᠠᠢ ᠶᠠᠪᠤᠳᠠᠯ ᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠦᠢᠯᠡᠴᠢᠯᠡᠭᠡᠨ ᠤ ᠴᠢᠨᠠᠷ ᠰᠠᠶᠢᠲᠠᠢ ᠲᠡᠩᠴᠡᠭᠦᠷᠢᠲᠡᠢ | ᠬᠥᠭᠵᠢᠯᠲᠡ ᠶᠢ ᠠᠬᠢᠭᠤᠯᠵᠤ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠣᠯᠣᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠲᠤᠭᠲᠠᠯᠴᠠᠭ᠎ᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠬᠡᠷᠡᠭᠵᠢᠭᠦᠯᠬᠦ ᠦᠷ᠎ᠡ ᠪᠦᠲᠦᠮᠵᠢ ᠶᠢ ᠦᠨᠡᠨᠬᠦ | ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠢ ᠲᠠᠰᠤᠷᠠᠯᠳᠡ ᠦᠭᠡᠢ ᠨᠡᠮᠡᠭᠳᠡᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠪᠦᠬᠦ ᠬᠤᠳᠠ ᠶᠢᠨ ᠨᠠᠮ ᠵᠠᠰᠠᠭ ᠤᠨ ᠠᠯᠪᠠᠯᠠᠬᠤ ᠰᠢᠰᠲ᠋ᠧᠮ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠵᠥᠪᠯᠡᠭᠴᠢ ᠬᠠᠪᠰᠤᠷᠤᠭᠴᠢ᠂ ᠨᠢᠭᠡᠳᠦᠯᠲᠡᠢ | ᠲᠦᠯᠦᠪᠯᠡᠨ ᠵᠣᠬᠢᠴᠠᠭᠤᠯᠬᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠪᠠ ᠦᠢᠯᠡᠴᠢᠯᠡᠭᠡ ᠪᠠᠲᠤᠯᠠᠭ᠎ᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ︽ | ᠭᠤᠷᠪᠠ ᠳᠤ ᠦᠢᠯᠡᠴᠢᠯᠡᠬᠦ︾ ᠠᠵᠢᠯ ᠤᠨ ᠴᠢᠳᠠᠪᠤᠷᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠤᠰ ᠲᠦᠷᠦ ᠶᠢᠨ ᠪᠠᠶᠢᠭᠤᠯᠭ᠎ᠠ ᠶᠢᠨ ᠰᠠᠶᠢᠨ | ᠰᠠᠶᠢᠬᠠᠨ ᠰᠤᠷᠲᠠᠯ ᠤᠨ ᠳᠦᠷᠢ ᠲᠥᠷᠬᠦ ᠶᠢ ᠱᠤᠭᠤᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |