ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠰᠤᠷᠤᠯᠴᠠᠬᠤ ᠠᠩᠭᠢ ᠡᠷᠬᠢᠯᠡᠵᠦ ᠭᠤᠸ ᠷᠦᠨ ᠰᠢ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠢ ᠡᠷᠬᠢᠯᠡᠬᠦ ᠶᠢᠨ ᠬᠠᠮᠲᠤ ᠳ᠋ᠦᠩᠨᠡᠯᠲᠡ ᠶᠢᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2023/9/25
       9 ᠰᠠᠷ᠎ᠠ ᠶᠢᠨ 20 — 22 ᠤᠨ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠩᠬᠠᠳᠤᠭᠠᠷ ᠬᠤᠭᠤᠴᠠᠭᠠᠨ ᠤ ᠰᠤᠷᠤᠯᠴᠠᠬᠤ ᠠᠩᠭᠢ ᠡᠷᠭᠢᠯᠡᠪᠡ᠃ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠭᠤᠸ ᠷᠦᠨ ᠰᠢ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠢ ᠡᠷᠬᠢᠯᠡᠬᠦ ᠶᠢᠨ ᠬᠠᠮᠲᠤ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃
0925-1.jpg
       ᠲᠥᠪᠯᠡᠷᠡᠭᠦᠯᠦᠨ ᠰᠤᠷᠤᠯᠴᠠᠬᠤ ᠬᠤᠭᠤᠴᠠᠭᠠᠨ ᠳᠤ᠂ ᠬᠤᠲᠠ ᠶᠢᠨ ᠱᠠᠲᠤᠨ ᠤ ᠤᠳᠤᠷᠢᠳᠬᠤ ᠨᠥᠬᠦᠳ ᠤᠭ ᠵᠣᠬᠢᠶᠠᠯ ᠢ ᠤᠩᠰᠢᠬᠤ᠂ ᠤᠭ ᠵᠣᠬᠢᠶᠠᠯ ᠢ ᠰᠤᠷᠤᠯᠴᠠᠬᠤ᠂ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ︽ᠰᠢ ᠶᠢᠨ ᠫᠢᠩ ᠵᠣᠬᠢᠶᠠᠯ ᠤᠨ ᠰᠣᠩᠭᠤᠮᠠᠯ︾ ︽ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪ ᠤᠨ ᠲᠡᠭᠦᠪᠦᠷᠢ︾ ︽ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠣᠨᠣᠯ ᠤᠨ ᠲᠤᠰᠬᠠᠢ ᠰᠡᠳᠦᠪ ᠤᠨ ᠲᠡᠭᠦᠪᠦᠷᠢ︾ ᠵᠡᠷᠭᠡ ᠰᠤᠷᠤᠯᠴᠠᠬᠤ ᠮᠠᠲ᠋ᠧᠷᠢᠶᠠᠯ ᠢ ᠭᠤᠣᠯᠳᠠᠯᠭ᠎ᠠ ᠲᠠᠢ ᠰᠤᠳᠤᠯᠤᠨ ᠤᠩᠰᠢᠪᠠ᠃ 22 ᠤᠨ ᠡᠳᠦᠷ ᠤᠨ ᠦᠳᠡ ᠶᠢᠨ ᠬᠤᠶᠢᠨ᠎ᠠ ᠶᠠᠪᠤᠭᠳᠠᠭᠰᠠᠨ ᠰᠤᠳᠤᠯᠤᠨ ᠶᠠᠷᠢᠯᠴᠠᠵᠤ ᠰᠣᠯᠢᠯᠴᠠᠬᠤ ᠶᠠᠪᠤᠴᠠ ᠳᠤ᠂ ᠭᠤᠤ ᠷᠦᠨ ᠰᠢ᠂ ᠵᠢᠢ ᠶᠦᠩ ᠴᠢᠶᠠᠨ᠂ ᠯᠢ ᠵᠢᠢ ᠷᠦᠩ᠂ ᠸᠠᠩ  ᠱᠦ ᠭᠤᠸᠠᠩ᠂ ᠪᠠᠢ ᠬᠠᠢ ᠯᠢᠨ ᠵᠡᠷᠭᠡ ᠤᠳᠤᠷᠢᠳᠬᠤ ᠨᠥᠬᠦᠳ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠬᠥᠯᠥᠨ ᠪᠤᠶᠢᠷ ᠤᠨ ᠬᠥᠭᠵᠢᠯᠲᠡ ᠶᠢᠨ ᠪᠣᠳᠠᠲᠤ ᠪᠠᠶᠢᠳᠠᠯ ᠪᠣᠯᠣᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠤᠨ ᠲᠥᠷᠥᠭᠳᠡᠯ ᠢᠶᠠᠨ ᠶᠠᠷᠢᠵᠤ᠂ ᠣᠯᠣᠯᠲᠠ ᠪᠠᠨ ᠬᠤᠪᠢᠶᠠᠯᠴᠠᠵᠤ᠂  ᠰᠡᠳᠬᠢᠮᠵᠢ ᠪᠠᠨ ᠲᠣᠳᠣᠷᠬᠠᠶᠢᠯᠠᠵᠤ᠂ ᠰᠤᠷᠤᠯᠴᠠᠵᠦ ᠰᠤᠳᠤᠯᠤᠨ ᠶᠠᠷᠢᠯᠴᠠᠬᠤ ᠶᠢ ᠭᠦᠨᠵᠡᠭᠡᠶᠢᠷᠡᠭᠦᠯᠵᠦ᠂ ᠰᠤᠷᠤᠯᠴᠠᠬᠤ ᠰᠤᠷᠲᠠᠯ ᠢ ᠴᠢᠩᠭ᠎ᠠ ᠨᠢᠮᠪᠠᠢ ᠪᠠᠲᠤᠲᠠᠢ ᠪᠣᠯᠭᠠᠵᠤ᠂ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠵᠢᠱᠢᠭᠰᠡᠨ ᠬᠠᠷᠠᠯᠲᠠ ᠳᠠᠭᠠᠨ ᠬᠦᠷᠴᠦ᠂ ᠪᠦᠬᠦ ᠬᠤᠳᠠ ᠶᠢᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠳᠤ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠪᠠᠳᠠᠷᠠᠭᠤᠯᠪᠠ᠃
0925-2.jpg
       ᠭᠤᠤ ᠷᠦᠨ ᠰᠢ ᠤᠯᠠᠨ ᠲᠠᠢ ᠰᠤᠷᠤᠯᠴᠠᠭᠰᠠᠨ ᠲᠥᠷᠥᠭᠳᠡᠯ ᠪᠠ ᠣᠶᠢᠯᠠᠭᠠᠯᠲᠠ ᠪᠠᠨ ᠰᠣᠯᠢᠯᠴᠠᠵᠤ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃ ᠲᠡᠷᠡ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠰᠢᠰᠲ᠋ᠧᠮ ᠪᠦᠷᠢᠨ᠂ ᠯᠣᠭᠢᠭ ᠴᠢᠩᠭ᠎ᠠ᠂ ᠠᠭᠤᠯᠤᠭᠳᠠᠬᠤᠨ ᠪᠠᠶᠠᠯᠢᠭ᠂ ᠲᠠᠰᠤᠷᠠᠯᠲᠠ ᠦᠭᠡᠢ ᠬᠥᠭᠵᠢᠵᠦ ᠪᠠᠶᠢᠭ᠎ᠠ ᠰᠢᠨᠵᠢᠯᠡᠬᠦ ᠤᠬᠠᠭᠠᠨᠴᠢ ᠤᠨᠤᠯ ᠤᠨ ᠲᠤᠭᠲᠠᠯᠴᠠᠭ᠎ᠠ ᠪᠣᠯᠣᠨ᠎ᠠ᠃ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠵᠣᠭᠰᠣᠴᠠ ᠪᠠᠨ ᠳᠡᠭᠡᠭᠰᠢᠯᠡᠬᠦᠯᠵᠦ ᠰᠤᠷᠤᠯᠴᠠᠬᠤ᠂ ᠲᠡᠷᠡ ᠬᠡᠪ ᠢᠶᠠᠷ ᠨᠢ ᠰᠤᠷᠤᠯᠴᠠᠬᠤ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ᠂ ᠰᠤᠷᠲᠠᠯ ᠢᠶᠠᠨ ᠴᠢᠩᠳᠠᠯᠠᠨ ᠰᠤᠷᠤᠯᠴᠠᠵᠦ᠂ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠬᠦ᠂ ᠪᠤᠳᠠᠳᠠᠶᠢᠵᠢᠭᠤᠯᠬᠤ᠂ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ᠃ ᠣᠨᠣᠯ ᠤᠨ ᠰᠤᠷᠤᠯᠴᠠᠯᠭ᠎ᠠ ᠶᠢ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠬᠥᠭᠵᠢᠯᠲᠡ ᠶᠢ ᠠᠬᠢᠭᠤᠯᠬᠤ  ᠲᠠᠢ ᠣᠷᠭᠠᠨᠢᠭ ᠢᠶᠠᠷ ᠤᠶᠠᠯᠳᠤᠭᠤᠯᠵᠤ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠰᠢᠨ᠎ᠡ ᠪᠠᠶᠢᠳᠠᠯ ᠢ ᠠᠵᠢᠭᠯᠠᠬᠤ᠂ ᠰᠢᠨ᠎ᠡ ᠪᠠᠶᠢᠳᠠᠯ ᠢ ᠰᠤᠳᠤᠯᠬᠤ᠂ ᠰᠢᠨ᠎ᠡ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠤᠷᠤᠯᠴᠠᠨ ᠰᠡᠳᠬᠢᠬᠦ ᠶᠢ ᠦᠨᠡᠨᠬᠦ ᠲᠠᠨᠢᠯᠲᠠ ᠪᠠᠨ ᠭᠦᠨᠵᠡᠭᠡᠶᠢᠷᠡᠭᠦᠯᠬᠦ᠂ ᠦᠵᠡᠯ ᠰᠠᠨᠠᠭ᠎ᠠ ᠪᠠᠨ ᠴᠢᠯᠦᠭᠡᠯᠡᠬᠦ᠂ ᠰᠡᠳᠬᠢᠬᠦᠢ ᠪᠠᠨ ᠥᠷᠭᠡᠳᠬᠡᠬᠦ ᠪᠣᠯᠭᠠᠨ ᠬᠤᠪᠢᠷᠠᠭᠤᠯᠬᠤ ᠶᠠᠪᠤᠴᠠ ᠳᠤ᠂ ᠤᠯᠠᠨ ᠲᠦᠮᠡᠨ ᠤ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠭᠠᠷᠴᠤ ᠮᠡᠳᠡᠬᠦ ᠬᠡᠯᠪᠡᠷᠢᠴᠢ ᠦᠵᠡᠯ ᠪᠣᠯᠣᠨ ᠨᠣᠶᠠᠨᠴᠢ ᠰᠤᠷᠲᠠᠯ ᠢ ᠴᠢᠩᠭ᠎ᠠ ᠰᠡᠷᠭᠡᠶᠢᠯᠡᠨ ᠴᠢᠩᠭ᠎ᠠ ᠵᠠᠰᠠᠵᠤ᠂ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠷ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃
0925-3.jpg
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ