9 ᠰᠠᠷ᠎ᠠ ᠶᠢᠨ 24 ᠤ ᠡᠳᠦᠷ᠂ ᠬᠤᠳᠠ ᠶᠢᠨ ᠵᠠᠰᠠᠭ ᠤᠨ ᠣᠷᠳᠣᠨ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠧᠯᠸᠢᠰ | ᠤᠲᠠᠰᠤᠳᠤ ᠬᠤᠷᠠᠯ ᠬᠤᠷᠠᠯᠳᠤᠭᠤᠯᠵᠤ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠳᠠ ᠶᠢᠨ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠵᠢᠢ ᠶᠦᠩ ᠴᠢᠶᠠᠨ ᠬᠤᠷᠠᠯ ᠡᠷᠬᠢᠯᠡᠵᠤ ᠶᠠᠷᠢᠶ᠎ᠠ ᠲᠠᠯᠪᠢᠪᠠ᠃ ᠬᠤᠲᠠ ᠶᠢᠨ ᠤᠳᠤᠷᠢᠳᠤᠯᠭ᠎ᠠ ᠬᠤ᠋ ᠵᠣᠣ ᠮᠢᠨ᠂ ᠰᠢᠨ | ᠱᠦ ᠭᠤᠸᠠᠩ᠂ ᠶᠠᠩ ᠽᠢ ᠵᠢᠶᠠᠩ᠂ ᠰᠦᠨ ᠸᠧᠢ᠂ ᠬᠥᠩ ᠹᠧᠢ ᠲᠢᠶᠠᠨ ᠣᠷᠣᠯᠴᠠᠵᠠᠢ᠃ | | | ᠵᠢᠢ ᠶᠦᠩ ᠴᠢᠶᠠᠨ᠂ ᠣᠳᠣᠬᠠᠨ ᠳᠤ ᠮᠠᠨ ᠤ ᠬᠤᠲᠠ ᠨᠢᠭᠡᠨᠲᠡ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠬᠤᠭᠤᠴᠠᠭᠠᠨ ᠳᠤ ᠣᠷᠣᠭᠰᠠᠨ ᠪᠥᠭᠡᠳ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠬᠦᠷᠴᠦ ᠢᠷᠡᠬᠦ ᠭᠡᠵᠦ ᠪᠠᠶᠢᠭ᠎ᠠ ᠪᠣᠯᠬᠤᠷ ᠠᠮᠤᠷ | ᠲᠦᠪᠰᠢᠨ ᠤ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ᠂ ᠠᠮᠤᠷ ᠲᠦᠪᠰᠢᠨ ᠤ ᠪᠠᠶᠢᠳᠠᠯ ᠬᠠᠲᠠᠭᠤ ᠴᠢᠩᠭ᠎ᠠ ᠪᠥᠭᠡᠳ ᠲᠦᠪᠡᠭ ᠪᠤᠳᠤᠯᠢᠶᠠᠨᠲᠠᠢ ᠪᠠᠶᠢᠨ᠎ᠠ᠃ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ | ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯᠬᠦᠢ ᠦᠢᠯᠡᠳᠪᠦᠷᠢᠯᠡᠯ ᠤᠨ ᠡᠨᠡ ᠬᠦ ᠴᠢᠪᠬᠠᠳᠠᠰᠤ ᠶᠢ ᠴᠠᠭ ᠢᠮᠠᠭᠲᠠ ᠴᠢᠩᠭᠠᠯᠠᠵᠤ᠂ ᠠᠶᠤᠯᠬᠦᠢ | ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠤᠭᠲᠠᠭᠤᠨ ᠢ ᠡᠷᠡᠰ ᠬᠠᠮᠠᠭᠠᠯᠠᠬᠤ ᠬᠡᠷᠡᠭᠳᠡᠢ ᠭᠡᠵᠦ ᠵᠢᠭᠠᠵᠤ ᠭᠠᠷᠭᠠᠪᠠ᠃ | ᠵᠢᠢ ᠶᠦᠩ ᠴᠢᠶᠠᠨ᠂ ᠠᠭᠤᠷᠬᠠᠢ᠂ ᠵᠠᠮ ᠬᠠᠷᠢᠯᠴᠠᠭ᠎ᠠ᠂ ᠪᠠᠷᠢᠯᠭ᠎ᠠ᠂ ᠵᠤᠭᠠᠴᠠᠯ᠂ ᠰᠢᠲᠠᠮᠠᠬᠠᠢ ᠬᠡᠢ᠂ ᠭᠠᠯ ᠤᠨᠲᠠᠷᠠᠭᠠᠬᠤ᠂ ᠠᠶᠤᠯᠲᠠᠢ ᠬᠢᠮᠢ ᠶᠢᠨ ᠪᠣᠳᠠᠰ | ᠵᠡᠷᠭᠡ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠠᠵᠢᠯ ᠢ ᠴᠢᠨᠠᠷᠯᠢᠭ ᠥᠷᠨᠢᠭᠦᠯᠵᠦ᠂ ᠡᠯ᠎ᠡ | ᠲᠦᠷᠦᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠣᠶ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠬᠦ ᠤᠬᠠᠭᠤᠯᠭ᠎ᠠ ᠶᠢ ᠴᠢᠩᠭᠠᠷᠠᠭᠤᠯᠵᠤ᠂ ᠭᠠᠯ ᠤᠨ ᠢᠷᠡᠯᠲᠡ ᠶᠢᠨ ᠬᠠᠮᠢᠶᠠᠷᠤᠯᠲᠠ ᠡᠵᠡᠮᠳᠡᠯ ᠢ | ᠴᠢᠩᠳᠠᠯᠠᠵᠤ᠂ ᠲᠡᠶᠢᠨ ᠤ ᠪᠡᠯᠡᠳᠬᠡᠯ ᠤᠨ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠨᠠᠮᠤᠷ ᠡᠪᠦᠯ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ | ᠭᠠᠯ ᠰᠡᠷᠭᠡᠶᠢᠯᠡᠨ ᠤᠨᠲᠠᠷᠠᠭᠠᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠥᠬᠦ ᠬᠦᠴᠦᠨ ᠢᠶᠠᠷ ᠢᠶᠠᠨ ᠣᠯᠬᠤ ᠬᠡᠷᠡᠭᠲᠡᠢ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠯᠤᠭ᠎ᠠ | ᠪᠠᠷᠢᠮᠵᠢᠶᠠᠯᠠᠨ ᠬᠠᠷᠭᠤᠭᠤᠯᠵᠤ᠂ ᠬᠠᠮᠵᠢᠯᠴᠠᠨ ᠪᠠᠲᠤᠯᠠᠬᠤ ᠶᠢ ᠥᠨᠳᠥᠷ ᠪᠦᠲᠦᠮᠵᠢᠲᠡᠢ ᠰᠠᠶᠢᠲᠤᠷ ᠬᠢᠵᠦ᠂ ᠬᠠᠷᠢᠭᠤ ᠲᠤᠰᠬᠠᠬᠤ ᠠᠰᠠᠭᠤᠳᠠᠯ ᠪᠠ ᠠᠮᠤᠷ ᠲᠦᠪᠰᠢᠨ ᠤ | ᠬᠡᠮ ᠰᠣᠭᠤᠭ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠪᠠᠲᠤᠲᠠᠢ | ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ | ᠡᠭᠦᠷᠭᠡᠯᠡᠬᠦ᠂ ᠵᠡᠷᠭᠡᠪᠠᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠ ᠶᠢ ᠬᠠᠮᠢᠶᠠᠷᠬᠤ ᠳᠤ | ᠭᠤᠷᠪᠠᠨ ᠡᠷᠬᠡᠪᠰᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠲᠤᠭᠲᠠᠯᠴᠠᠭ᠎ᠠ ᠶᠢ ᠪᠠᠲᠤ ᠪᠠᠬᠢ ᠰᠦᠯᠵᠢᠵᠦ᠂ ᠵᠢᠵᠢᠭᠦᠷᠯᠡᠨ | ᠰᠠᠬᠢᠬᠤ ᠶᠢ ᠴᠢᠩᠭᠠᠷᠠᠭᠤᠯᠵᠤ᠂ ᠤᠯᠠᠨ ᠲᠦᠮᠡᠨ ᠤ ᠪᠠᠶᠠᠷ ᠪᠠᠶᠠᠰᠬᠤᠯᠠᠩ ᠲᠠᠢ ᠠᠮᠤᠷ ᠠᠮᠤᠭᠤᠯᠠᠩ ᠢᠶᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ | ᠪᠠᠲᠤᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠮᠤᠷ ᠲᠣᠭᠲᠠᠭᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠵᠢᠴᠢ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠵᠠᠷᠯᠠᠨ | ᠮᠡᠳᠡᠭᠳᠡᠵᠦ᠂ ᠬᠤᠯᠪᠣᠭᠳᠠᠯ ᠪᠦᠬᠦᠢ ᠬᠤᠰᠢᠭᠤ ᠬᠤᠳᠠ ᠲᠣᠭᠤᠷᠢᠭ ᠪᠣᠯᠣᠨ ᠰᠠᠯᠠᠭ᠎ᠠ ᠮᠥᠴᠢᠷ ᠦᠭᠡ ᠭᠡᠯᠡᠵᠡᠢ᠃ |