9 ᠰᠠᠷ᠎ᠠ ᠶᠢᠨ 18 ᠠᠴᠠ 20 ᠤ ᠡᠳᠦᠷ ᠪᠤᠯᠲᠠᠯ᠎ᠠ᠂ ᠰᠦᠨ ᠱᠤᠤ ᠴᠧᠩ ᠬᠢᠩᠭᠠᠨ ᠠᠶᠢᠮᠠᠭ ᠲᠤ ᠭᠦᠨᠵᠡᠭᠡᠶᠢᠷᠡᠵᠦ᠂ ᠬᠠᠷᠢᠯᠴᠠᠬᠤ ᠴᠡᠭ ᠤᠨ ᠢᠶᠠᠨ | ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠰᠦᠨ ᠱᠤᠤ ᠴᠧᠩ ᠤᠷᠢᠳ ᠬᠤᠵᠢᠳ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠴᠢᠦᠸᠠᠨ ᠰᠢᠶᠠᠨ᠂ ᠵᠠᠯᠠᠶᠢᠳ ᠬᠤᠰᠢᠭᠤᠨ ᠳᠤ ᠬᠦᠷᠴᠦ᠂ ᠲᠤᠬᠠᠢ ᠶᠢᠨ ᠭᠠᠵᠠᠷ ᠤᠨ ᠺᠠᠳ᠋ᠷᠴᠤᠳ ᠲᠠᠢ ᠰᠠᠨᠠᠯ ᠢᠶᠠᠨ | ᠭᠦᠨᠵᠡᠭᠡᠢ ᠰᠣᠯᠢᠯᠴᠠᠵᠤ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠠᠬᠢᠴᠠ ᠶᠢᠨ ᠪᠠᠶᠢᠳᠠᠯ ᠪᠣᠯᠣᠨ ᠲᠠᠷᠠᠭᠠᠴᠢ ᠶᠢᠨ ᠠᠯᠬᠤᠮ ᠤᠨ | ᠲᠣᠬᠢᠷᠠᠭᠤᠯᠤᠯᠲᠠ ᠶᠢ ᠨᠠᠷᠢᠨ ᠠᠰᠠᠭᠤᠪᠠ᠃ ᠲᠡᠷᠡ ᠪᠠᠰᠠ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ | ᠬᠠᠮᠲᠤ ᠶᠢᠨ ᠰᠤᠷᠤᠯᠴᠠᠯᠭ᠎ᠠ ᠳᠤ ᠣᠷᠣᠯᠴᠠᠪᠠ᠃ | | | ᠰᠦᠨ ᠱᠤᠤ ᠴᠧᠩ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠶᠡᠷᠦᠩᠬᠡᠢ ᠱᠦᠵᠢ ᠰᠢ ᠶᠢᠨ ᠫᠢᠩ ᠥᠪᠡᠷ ᠤᠨ ᠪᠡᠶ᠎ᠡ ᠪᠠᠷ ᠢᠶᠠᠨ ᠲᠥᠯᠥᠪᠵᠢᠭᠦᠯᠦᠨ | ᠪᠠᠶᠢᠷᠢᠯᠠᠭᠤᠯᠤᠭᠰᠠᠨ ᠶᠤᠮ᠂ ᠪᠢᠳᠡ ᠵᠠᠪᠠᠯ ᠳᠡᠭᠡᠳᠦ ᠬᠡᠮᠵᠢᠶᠡᠨ ᠤ ᠤᠯᠤᠰ ᠲᠦᠷᠦ ᠶᠢᠨ ᠵᠣᠭᠰᠣᠴᠠ ᠪᠠ ᠤᠯᠤᠰ ᠲᠦᠷᠦ ᠶᠢᠨ ᠤᠬᠠᠮᠰᠠᠷ ᠢᠶᠠᠷ᠂ ᠡᠯ᠎ᠡ ᠵᠦᠢᠯ ᠤᠨ | ᠲᠣᠭᠲᠠᠭᠰᠠᠨ ᠠᠵᠢᠯᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠭᠦᠨ ᠤ ᠳᠤᠮᠳᠠ ᠠᠴᠠ ᠦᠨᠡᠨ ᠬᠦ ᠬᠥᠮᠦᠵᠢᠯ ᠭᠦᠷᠳᠡᠭᠦ ᠬᠡᠷᠡᠭᠲᠡᠢ᠃ ᠤᠨᠤᠯ ᠦᠵᠡᠯ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠦ᠂ ᠪᠦᠭᠦ ᠲᠠᠯ᠎ᠠ ᠪᠠᠷ ᠰᠤᠷᠤᠯᠴᠠᠵᠦ᠂ ᠨᠢᠭᠡᠳᠦᠯᠲᠡᠢ ᠲᠥᠯᠥᠪᠵᠢᠭᠦᠯᠦᠨ ᠰᠤᠷᠤᠯᠴᠠᠵᠦ᠂ ᠪᠣᠳᠠᠲᠠᠢ ᠲᠠᠢ ᠤᠶᠠᠯᠳᠤᠭᠤᠯᠤᠨ | ᠰᠤᠷᠤᠯᠴᠠᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ | ᠰᠢᠰᠲ᠋ᠧᠮ ᠲᠠᠢ ᠣᠶᠢᠯᠠᠭᠠᠨ ᠡᠵᠡᠮᠰᠢᠵᠦ᠂ ︽ᠥᠪᠥᠷ ᠮᠣᠩᠭᠤᠯ ᠤᠨ ᠬᠠᠭᠤᠳᠠᠰᠤ︾ ᠶᠢ ᠲᠣᠪᠤᠶᠢᠮ᠎ᠠ ᠰᠠᠶᠢᠲᠤᠷ ᠰᠤᠷᠤᠯᠴᠠᠬᠤ ᠶᠢᠨ ᠬᠠᠮᠲᠤ ᠭᠠᠵᠠᠷ ᠣᠷᠣᠨ ᠤ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠲᠤᠬᠠᠶᠢᠯᠠᠭᠰᠠᠨ ᠠᠵᠢᠯ ᠢ ᠰᠤᠷᠤᠯᠴᠠᠵᠦ᠂ ᠲᠦᠷᠦ ᠶᠢᠨ ᠪᠣᠳᠣᠯᠭ᠎ᠠ ᠶᠢ ᠰᠤᠷᠤᠯᠴᠠᠬᠤ | ᠬᠡᠷᠡᠭᠲᠡᠢ᠃ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠬᠤ ᠬᠡᠷᠡᠭᠲᠡᠢ᠂ ᠭᠡᠪᠡᠴᠦ ᠮᠧᠬᠠᠨᠢᠭ ᠢᠶᠠᠷ ᠲᠡᠷᠡ | ᠬᠡᠪ ᠢᠶᠠᠷ ᠨᠢ ᠨᠡᠭᠦᠯᠭᠡᠨ ᠬᠡᠷᠡᠭᠯᠡᠵᠦ ᠪᠤᠯᠬᠤ ᠦᠭᠡᠢ᠂ ᠵᠠᠪᠠᠯ ᠪᠣᠳᠠᠲᠠᠢ ᠠᠴᠠ ᠡᠭᠦᠰᠴᠦ᠂ ᠶᠠᠭᠠᠬᠢᠵᠤ ᠬᠢᠪᠡᠯ ᠦᠷ᠎ᠡ ᠪᠦᠲᠦᠮᠵᠢ ᠨᠡᠩ ᠰᠠᠶᠢᠨ ᠪᠣᠯ ᠲᠡᠭᠡᠵᠤ ᠬᠢᠵᠦ᠂ | ᠳᠡᠭᠡᠳᠦ ᠳᠣᠣᠷᠠᠳᠤ ᠱᠠᠲᠤ ᠪᠠᠷ ᠢᠶᠠᠨ ᠡᠭᠡᠭᠡ ᠠᠳᠠᠯᠢ ᠪᠠᠶᠢᠬᠤ ᠠᠴᠠ ᠵᠠᠶᠢᠯᠠᠰᠬᠢᠬᠦ ᠬᠡᠷᠡᠭᠲᠡᠢ᠃ ᠤᠯᠡᠠ ᠲᠦᠮᠡᠨ ᠤ ᠬᠦᠰᠡᠵᠦ ᠪᠠᠶᠢᠭ᠎ᠠ ᠪᠠᠴᠢᠮ ᠱᠠᠭᠠᠷᠳᠠᠯᠭ᠎ᠠ ᠶᠢ | ᠲᠣᠳᠣᠷᠬᠠᠢ ᠣᠶᠢᠯᠠᠭᠠᠵᠤ᠂ ᠤᠯᠡᠠ ᠲᠦᠮᠡᠨ ᠤ ᠬᠠᠨᠤᠮᠵᠢ ᠦᠭᠡᠢ ᠪᠠᠶᠢᠭ᠎ᠠ ᠵᠦᠢᠯ ᠢ ᠡᠷᠢᠨ ᠭᠠᠷᠭᠠᠵᠤ᠂ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠵᠦ᠂ | ᠬᠡᠯᠪᠡᠷᠢᠴᠢ ᠦᠵᠡᠯ ᠢ ᠡᠷᠡᠰ ᠴᠡᠭᠡᠷᠯᠡᠬᠦ ᠬᠡᠷᠡᠭᠲᠡᠢ᠃ ᠢᠯᠡᠷᠡᠯ ᠨᠢ ᠦᠨᠳᠦᠰᠦᠨ ᠱᠠᠲᠤᠨ ᠳᠤ ᠪᠠᠶᠢᠪᠠᠴᠤ ᠤᠭ ᠦᠨᠳᠦᠰᠦ ᠨᠢ ᠳᠡᠭᠡᠷ᠎ᠡ ᠱᠠᠲᠤᠨ ᠳᠤ ᠪᠠᠶᠢᠬᠤ ᠲᠡᠳᠡᠭᠡᠷ | ᠠᠰᠠᠭᠤᠳᠠᠯ ᠢ ᠴᠤ ᠡᠷᠢᠨ ᠭᠠᠷᠭᠠᠵᠤ᠂ ᠴᠠᠭ ᠲᠤᠬᠠᠢ ᠳᠤᠨᠢ ᠳᠡᠭᠡᠭᠰᠢ ᠲᠤᠰᠬᠠᠵᠤ᠂ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ | ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠬᠢᠷᠢ ᠵᠡᠷᠭᠡ ᠪᠠᠶᠢᠬᠤ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢᠶᠠᠷ ᠰᠢᠯᠭᠠᠨ | ᠪᠠᠶᠢᠴᠠᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠭᠰᠡᠨ ᠦᠷ᠎ᠡ ᠪᠦᠲᠦᠮᠵᠢ ᠪᠠᠷ ᠰᠢᠯᠭᠠᠨ ᠪᠠᠶᠢᠴᠠᠭᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠪᠣᠯᠣᠨ | ᠭᠤᠣᠯ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠤᠶᠠᠷ ᠲᠠᠯ᠎ᠠ ᠪᠠᠷ ᠠᠳᠬᠤᠵᠤ᠂ ᠬᠤᠶᠠᠷ ᠲᠠᠯ᠎ᠠ ᠶᠢ ᠦᠯᠦ ᠰᠠᠭᠠᠲᠠᠭᠠᠬᠤ ᠬᠡᠷᠡᠭᠲᠡᠢ᠃ | ᠬᠢᠩᠭᠠᠨ ᠠᠶᠢᠮᠠᠭ ᠭᠠᠵᠠᠷ ᠰᠢᠷᠣᠢ ᠶᠢ ᠡᠵᠡᠩᠨᠡᠬᠦ ᠲᠠᠯ᠎ᠠ ᠪᠠᠷ ᠪᠦᠭᠦ ᠣᠷᠣᠨ ᠤ ᠡᠮᠦᠨ᠎ᠡ ᠡᠩᠨᠡᠭᠡᠨ ᠳᠤ ᠶᠠᠪᠤᠵᠤ ᠪᠠᠶᠢᠨ᠎ᠠ᠂ ᠦᠷᠭᠦᠯᠵᠢᠯᠡᠨ ᠵᠣᠷᠢᠭᠲᠠᠢ ᠪᠠᠷ | ᠰᠦᠪᠡᠭᠴᠢᠯᠡᠨ ᠦᠢᠯᠡᠳᠦᠯᠭᠡᠵᠢᠭᠦᠯᠵᠦ᠂ ᠨᠡᠩ ᠤᠯᠠᠨ ᠰᠢᠨ᠎ᠡ ᠲᠤᠷᠰᠢᠯᠭ᠎ᠠ ᠶᠢ ᠴᠢᠷᠮᠠᠶᠢᠨ ᠡᠭᠦᠳᠬᠦ ᠬᠡᠷᠡᠭᠲᠡᠢ ᠭᠡᠪᠡ᠃ | | | | ᠰᠦᠨ ᠱᠤᠤ ᠴᠧᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ᠂ ᠬᠤᠰᠢᠭᠤ ᠪᠠᠯᠭᠠᠰᠤ ᠬᠤᠶᠠᠷ ᠱᠠᠲᠤᠨ ᠤ ︽ᠨᠠᠮ ᠤᠨ ᠠᠴᠢ ᠳᠤ | ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠲᠤᠷᠰᠢᠯᠲᠠ ᠶᠢᠨ | ᠴᠡᠭ ᠤᠨ ᠦᠷ᠎ᠡ ᠪᠦᠲᠦᠮᠵᠢ ᠶᠢ ᠣᠶᠢᠯᠠᠭᠠᠪᠠ᠃ ᠲᠡᠷᠡ᠂ ᠡᠨᠡ ᠠᠵᠢᠯᠯᠠᠭ᠎ᠠ ᠶᠢ ᠥᠷᠨᠢᠭᠦᠯᠬᠦ ᠳᠤ᠂ ᠤᠯᠠᠨ ᠲᠦᠮᠡᠨ ᠢ ᠨᠠᠮ ᠤᠨ ᠠᠴᠢ ᠡᠨᠡᠷᠢᠯ ᠳᠤ ᠲᠠᠯᠠᠷᠬᠠᠭᠤᠯᠬᠤ | ᠪᠣᠯ ᠴᠢᠬᠤᠯᠠ ᠶᠤᠮ᠂ ᠡᠩ ᠲᠡᠷᠢᠭᠦᠨ ᠳᠤ ᠤᠯᠠᠨ ᠲᠦᠮᠡᠨ ᠳᠤ ᠨᠠᠮ ᠤᠨ ᠠᠴᠢ ᠶᠢ ᠮᠡᠳᠡᠭᠦᠯᠬᠦ ᠬᠡᠷᠡᠭᠲᠡᠢ᠂ ᠤᠴᠢᠷ ᠨᠢ ᠨᠠᠮ ᠤᠨ ᠠᠴᠢ ᠶᠢ ᠮᠡᠳᠡᠪᠡᠯ ᠰᠠᠶ᠋ᠢ ᠨᠠᠮ ᠤᠨ | ᠠᠴᠢ ᠡᠨᠡᠷᠢᠯ ᠳᠤ ᠲᠠᠯᠠᠷᠬᠠᠨ᠎ᠠ᠂ ᠨᠠᠮ ᠤᠨ ᠠᠴᠢ ᠡᠨᠡᠷᠢᠯ ᠳᠤ ᠲᠠᠯᠠᠷᠬᠠᠪᠠᠯ ᠰᠠᠶ᠋ᠢ ᠦᠨᠡᠨ ᠰᠡᠳᠬᠢᠯ ᠠᠴᠠ ᠪᠠᠨ ᠨᠠᠮ ᠤᠨ ᠦᠭᠡ ᠶᠢ ᠰᠣᠨᠣᠰᠴᠤ᠂ ᠨᠠᠮ ᠢᠶᠠᠨ | ᠲᠠᠭᠠᠬᠤ ᠶᠢ ᠪᠡᠶᠡᠯᠡᠭᠦᠯᠵᠦ ᠴᠢᠳᠠᠨ᠎ᠠ᠃ ᠤᠯᠠᠨ ᠲᠦᠮᠡᠨ ᠤ ᠳᠡᠷᠭᠡᠳᠡᠬᠢ ᠶᠠᠪᠤᠳᠠᠯ᠂ ᠬᠥᠮᠥᠰ ᠢ ᠢᠲᠡᠭᠡᠭᠦᠯᠬᠦ ᠶᠣᠰᠣ ᠤᠴᠢᠷ ᠪᠣᠯᠣᠨ ᠭᠥᠯᠢᠶᠡᠨ ᠠᠪᠬᠤ ᠳᠤ ᠲᠦᠭᠦᠮ | ᠭᠡᠯᠪᠡᠷᠢ ᠪᠠᠷ᠂ ᠨᠠᠮ ᠤᠨ ᠰᠠᠶᠢᠨ ᠲᠦᠷᠦ ᠶᠢᠨ ᠪᠣᠳᠣᠯᠭ᠎ᠠ ᠰᠠᠶᠢᠨ ᠠᠷᠭ᠎ᠠ ᠬᠡᠮᠵᠢᠶ᠎ᠡ ᠶᠢ ᠲᠣᠳᠣᠷᠬᠠᠢ ᠶᠠᠷᠢᠵᠤ᠂ ᠪᠣᠳᠠᠲᠠᠢ ᠶᠠᠷᠢᠵᠤ᠂ ᠤᠯᠠᠨ ᠲᠦᠮᠡᠨ ᠤ ᠰᠡᠳᠬᠢᠯ ᠤᠨ | ᠦᠭᠡ ᠶᠢ ᠶᠠᠷᠢᠬᠤ ᠬᠡᠷᠡᠭᠲᠡᠢ᠂ ᠬᠤᠭᠤᠰᠤᠨ ᠤᠷᠢᠶ᠎ᠠ ᠬᠠᠰᠬᠢᠷᠴᠤ ᠪᠤᠯᠬᠤ ᠦᠭᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ᠳᠠᠪᠠᠭᠤᠯᠢᠭ ᠢᠶᠠᠨ | ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠢ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠬᠤ ᠶᠢ ᠵᠣᠬᠢᠶᠠᠨ ᠪᠠᠶᠢᠭᠤᠯᠤᠨ | ᠥᠷᠨᠢᠭᠦᠯᠵᠦ ᠪᠠᠶᠢᠭ᠎ᠠ ᠨᠢ ᠡᠯ᠎ᠡ ᠱᠠᠲᠤᠨ ᠤ ᠬᠢᠨ ᠢ ᠬᠥᠲᠥᠯᠥᠨ ᠵᠢᠯᠤᠭᠤᠳᠴᠤ ︽ᠪᠢ ᠪᠤᠰᠤᠳ ᠢ ᠬᠦᠷᠬᠦ ᠦᠭᠡᠢ︾ ᠭᠡᠬᠦ ᠦᠵᠡᠯᠲᠡ ᠶᠢ ᠲᠠᠶᠠᠭᠳᠠᠭᠤᠯᠬᠤ ᠶᠢᠨ | ᠲᠥᠯᠥᠭᠡ ᠮᠥᠷᠲᠡᠭᠡᠨ ᠪᠠᠰᠠ ᠵᠠᠷᠢᠮ ᠭᠠᠵᠠᠷ ᠣᠷᠣᠨ ᠤ ᠥᠴᠥᠬᠡᠨ ᠲᠡᠳᠦᠢ ᠠᠮᠵᠢᠯᠲᠠ ᠪᠦᠲᠦᠮᠵᠢ ᠣᠯᠣᠮᠠᠭᠴᠠ ︽ᠬᠥᠭᠰᠡᠵᠦ︾ ᠡᠬᠢᠯᠡᠬᠦ ᠶᠢ ᠰᠡᠷᠭᠡᠶᠢᠯᠡᠬᠦ ᠶᠢᠨ | ᠲᠥᠯᠥᠭᠡ ᠶᠤᠮ᠃ ᠡᠯ᠎ᠡ ᠭᠠᠵᠠᠷ ᠤᠨ ᠬᠢᠨ ᠰᠠᠨᠠᠭᠠᠴᠢᠯᠠᠭ᠎ᠠ ᠠᠴᠠ ᠪᠠᠨ ᠡᠷᠭᠢᠨ ᠲᠣᠭᠤᠷᠢᠨ ᠤ ᠭᠠᠵᠠᠷ ᠣᠷᠣᠨ ᠲᠠᠢ ᠪᠠᠨ ᠠᠳᠠᠯᠢᠳᠬᠠᠵᠤ᠂ ᠲᠣᠰ ᠪᠡᠶ᠎ᠡ ᠶᠢᠨ | ᠳᠠᠪᠠᠭᠤᠯᠢᠭ ᠪᠣᠯᠣᠨ ᠳᠤᠲᠠᠭᠤᠳᠠᠯ ᠢᠶᠠᠨ ᠪᠦᠷ ᠡᠷᠢᠵᠦ ᠭᠠᠷᠭᠠᠨ᠂ ᠳᠠᠪᠠᠭᠤᠯᠢᠭ ᠢᠶᠠᠨ ᠲᠣᠳᠣᠷᠬᠠᠢ ᠣᠶᠢᠯᠠᠭᠠᠬᠤ ᠳᠤᠮᠳᠠ ᠡᠷᠴᠢ ᠵᠣᠷᠢᠭ ᠢᠶᠠᠨ ᠡᠷᠴᠢᠯᠡᠵᠦ᠂ | ᠵᠥᠷᠢᠶ᠎ᠡ ᠪᠠᠨ ᠵᠥᠪ ᠢᠶᠠᠷ ᠲᠠᠨᠢᠬᠤ ᠳᠤᠮᠳᠠ ᠬᠥᠳᠡᠯᠭᠡᠬᠦ ᠬᠦᠴᠦᠨ ᠢᠶᠠᠨ ᠴᠢᠩᠭᠠᠳᠬᠠᠨ᠂ ᠳᠠᠪᠠᠭᠤᠯᠢᠭ ᠢᠶᠠᠨ ᠪᠠᠳᠠᠷᠠᠭᠤᠯᠵᠤ ᠳᠤᠲᠠᠭᠤᠳᠠᠯ ᠢᠶᠠᠨ ᠨᠥᠬᠦᠪᠦᠷᠢᠯᠡᠬᠦ ᠪᠠᠷ | ᠴᠢᠷᠮᠠᠶᠢᠬᠤ ᠬᠡᠷᠡᠭᠲᠡᠢ ᠭᠡᠵᠦ ᠬᠡᠯᠡᠪᠡ᠃ | | | | ᠴᠠᠷᠠᠰᠤᠨ ᠭᠠᠴᠠᠭ᠎ᠠ ᠪᠣᠯ ᠰᠦᠨ ᠱᠤᠤ ᠴᠧᠩ ᠤᠨ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠪᠣᠯᠣᠨ᠎ᠠ᠃ ᠲᠡᠷᠡ ᠭᠠᠴᠠᠭᠠᠨ ᠤ ᠨᠠᠮ ᠪᠠ ᠣᠯᠠᠨ | ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠭᠤᠣᠯ ᠰᠡᠳᠦᠪᠲᠦ ᠬᠥᠮᠦᠵᠢᠯ᠂ ︽ᠳᠥᠷᠪᠡ ᠶᠢ | ᠵᠥᠪᠯᠡᠵᠦ ᠬᠤᠶᠠᠷ ᠢ ᠢᠯᠡ ᠪᠤᠯᠭᠠᠬᠤ︾ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠳᠥᠭᠦᠮ ᠳᠥᠲᠡ ᠪᠥᠭᠡᠳ ᠲᠤᠰᠠᠲᠠᠢ | ᠪᠠᠶᠢᠬᠤ ᠵᠠᠷᠴᠢᠮ ᠢᠶᠠᠷ ᠦᠨᠳᠦᠰᠦᠨ ᠱᠠᠲᠤᠨ ᠤ ᠬᠠᠮᠢᠶᠠᠷᠤᠯᠲᠠ ᠶᠢᠨ ᠪᠠᠶᠢᠭᠤᠯᠤᠯ ᠪᠣᠯᠣᠨ ᠠᠵᠢᠯ ᠤᠨ ᠲᠣᠭᠲᠠᠴᠠ ᠶᠢ ᠰᠢᠯᠤᠭᠤᠳᠬᠠᠵᠤ᠂ ︽ᠫᠠᠶᠢᠰᠠ ᠢᠯᠡᠷᠬᠡᠶᠢᠯᠡᠯ | ᠤᠯᠠᠨ︾᠂ ︽ᠬᠦᠰᠦᠨᠦᠭᠲᠦ ᠤᠯᠠᠨ ᠪᠠᠶᠢᠬᠤ︾ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠤᠯᠠᠨ | ᠲᠦᠮᠡᠨ ᠳᠤ ᠦᠢᠯᠡᠴᠢᠯᠡᠬᠦ ᠳᠤᠮᠳᠠ ᠤᠯᠠᠨ ᠲᠦᠮᠡᠨ ᠢ ᠬᠥᠮᠥᠵᠢᠭᠦᠯᠬᠦ᠂ ᠤᠯᠠᠨ ᠲᠦᠮᠡᠨ ᠢ ᠳᠠᠶᠢᠴᠢᠯᠠᠬᠤ ᠶᠢ ᠰᠤᠷᠴᠤ᠂ ᠤᠴᠢᠷ ᠶᠠᠪᠤᠳᠠᠯ ᠪᠠᠶᠢᠪᠠᠯ ᠵᠠᠪᠠᠯ | ᠰᠢᠢᠳᠪᠦᠷᠢᠯᠡᠵᠦ᠂ ᠤᠴᠢᠷ ᠶᠠᠪᠤᠳᠠᠯ ᠦᠭᠡᠢ ᠪᠣᠯ ᠬᠠᠷᠰᠢᠯᠠᠬᠤ ᠦᠭᠡᠢ ᠪᠠᠶᠢᠵᠤ᠂ ᠤᠯᠠᠨ ᠲᠦᠮᠡᠨ ᠤ ᠥᠪᠡᠷ ᠢᠶᠠᠨ ᠬᠢᠬᠦ ᠶᠣᠰᠣᠲᠠᠢ ᠤᠴᠢᠷ ᠶᠠᠪᠤᠳᠠᠯ ᠢ ᠤᠯᠠᠨ | ᠲᠦᠮᠡᠨ ᠢ ᠬᠥᠲᠥᠯᠥᠨ ᠵᠢᠯᠤᠭᠤᠳᠴᠤ ᠥᠪᠡᠷ ᠢᠶᠠᠷ ᠨᠢ ᠬᠢᠯᠭᠡᠬᠦ ᠬᠡᠷᠡᠭᠲᠡᠢ᠂ ᠬᠠᠷᠢᠭᠤᠴᠠᠯᠭ᠎ᠠ ᠪᠠᠨ ᠠᠯᠳᠠᠬᠤ ᠦᠭᠡᠢ ᠪᠥᠭᠡᠳ ᠪᠠᠰᠠ ᠡᠷᠬᠡ ᠶᠢᠨ ᠬᠡᠪᠴᠢᠶ᠎ᠡ ᠠᠴᠠ | ᠳᠠᠪᠠᠭ᠋ᠤ ᠦᠭᠡᠢ ᠪᠠᠶᠢᠬᠤ ᠬᠡᠷᠡᠭᠲᠡᠢ ᠭᠡᠵᠦ ᠬᠡᠯᠡᠪᠡ᠃ | | | | ᠪᠠᠶᠢᠴᠠᠭᠠᠨ ᠰᠤᠳᠤᠯᠬᠤ ᠳᠤᠮᠳᠠ᠂ ᠰᠦᠨ ᠱᠤᠤ ᠴᠧᠩ ᠪᠠᠰᠠ ᠬᠥᠳᠡᠭᠡ ᠲᠣᠰᠬᠤᠨ ᠤ ᠬᠠᠮ ᠳᠡᠯᠭᠡᠭᠦᠷ᠂ ᠲᠠᠷᠢᠶᠠᠴᠢᠨ ᠡᠷᠦᠭᠡ ᠳᠤ ᠬᠦᠷᠴᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠢ ᠣᠶᠢᠯᠠᠭᠠᠪᠠ᠃ | ᠢᠦᠢ ᠯᠢ ᠰᠢᠨ ᠣᠷᠣᠯᠴᠠᠵᠠᠢ᠃ |