9 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠪᠦᠭᠦ ᠤᠯᠤᠰ ᠤᠨ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠧᠦ ᠴᠢᠶᠠᠩ ᠲᠠᠢ ᠪᠠᠷᠠᠳᠠᠨ ᠵᠣᠯᠭᠠᠪᠠ᠃ | | | | ᠵᠧᠦ ᠴᠢᠶᠠᠩ᠂ ᠪᠠᠶᠢᠴᠠᠭᠠᠨ ᠰᠤᠳᠤᠯᠬᠤ ᠳᠤᠭᠤᠶᠢᠯᠠᠩ ᠵᠠᠮ ᠲᠤᠷᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠷᠭᠡᠨ ᠣᠯᠠᠨ ᠺᠠᠳ᠋ᠷ | ᠣᠯᠠᠨ ᠲᠦᠮᠡᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠠᠶᠢᠭ᠎ᠠ | ᠠᠵᠢᠯ ᠤᠨ ᠣᠷᠭᠢᠯᠤᠮ᠎ᠠ ᠬᠠᠯᠠᠭᠤᠨ ᠰᠡᠳᠬᠢᠯᠭᠡ᠂ ᠴᠤᠭ ᠵᠢᠪᠬᠤᠭ᠎ᠠ ᠲᠡᠭᠦᠯᠳᠡᠷ ᠪᠠᠶᠢᠬᠤ ᠶᠢ ᠭᠦᠨᠵᠡᠭᠡᠢ ᠮᠡᠳᠡᠷᠡᠯ᠎ᠡ᠂ ᠨᠠᠶᠢᠳᠠᠪᠤᠷᠢᠵᠢᠭᠤᠯᠤᠯᠲᠠ ᠶᠢ ᠬᠦᠴᠦᠲᠡᠢ | ᠠᠳᠬᠤᠨ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠢᠯᠡᠳᠲᠡ ᠦᠷ᠎ᠡ ᠪᠦᠲᠦᠮᠵᠢ ᠤᠯᠪᠠ︔ ᠠᠮᠢ ᠠᠬᠤᠢ ᠬᠡᠪᠡᠷᠡᠭ ᠪᠠᠶᠢᠬᠤ ᠪᠠᠶᠢᠳᠠᠯ ᠳᠣᠣᠷ᠎ᠠ᠂ ᠠᠮᠢ | ᠠᠬᠤᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠣᠭᠰᠠᠨ ᠨᠢ ᠭᠢᠯᠪᠠᠷ ᠪᠤᠰᠤ ᠶᠤᠮ᠂ ᠪᠢᠳᠡ ᠶᠡᠬᠡᠳᠡ ᠵᠣᠷᠢᠭᠵᠢᠪᠠ᠃ | ᠢᠯᠠᠩᠭᠤᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠬᠠᠤᠯᠢᠵᠢᠯ ᠤᠨ ᠪᠠᠲᠤᠯᠠᠭ᠎ᠠ ᠶᠢᠨ | ᠰᠢᠰᠲ᠋ᠧᠮ ᠢ ᠪᠦᠷᠢᠨᠰᠢᠭᠦᠯᠵᠦ᠂ ᠬᠠᠮᠤᠭ ᠤᠨ ᠴᠢᠩᠭ᠎ᠠ ᠳᠦᠷᠢᠮ ᠬᠠᠮᠤᠭ ᠤᠨ ᠴᠢᠩᠭ᠎ᠠ ᠬᠠᠤᠯᠢᠵᠢᠯ ᠢᠶᠠᠷ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ᠂ ᠰᠢᠨ᠎ᠡ | ᠲᠤᠷᠰᠢᠯᠭ᠎ᠠ ᠶᠢ ᠬᠤᠷᠠᠮᠳᠤᠭᠤᠯᠪᠠ᠃ ᠪᠠᠶᠢᠴᠠᠭᠠᠨ ᠰᠤᠳᠤᠯᠬᠤ ᠳᠤᠭᠤᠶᠢᠯᠠᠩ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠤ ᠪᠦᠲᠦᠭᠡᠨ | ᠪᠠᠶᠢᠭᠤᠯᠤᠯᠲᠠ ᠶᠢᠨ ᠠᠷᠭ᠎ᠠ ᠬᠢᠳᠡᠯ᠂ ᠦᠷ᠎ᠡ ᠪᠦᠲᠦᠮᠵᠢ᠂ ᠲᠤᠷᠰᠢᠯᠭ᠎ᠠ ᠶᠢ ᠰᠠᠶᠢᠲᠤᠷ ᠳ᠋ᠦᠩᠨᠡᠵᠦ᠂ ᠰᠠᠶᠢᠲᠤᠷ ᠤᠬᠠᠭᠤᠯᠵᠤ᠂ ᠰᠠᠶᠢᠲᠤᠷ ᠬᠡᠷᠡᠭᠯᠡᠨ᠎ᠡ ᠭᠡᠪᠡ᠃ | | | | ᠰᠦᠨ ᠱᠤᠤ ᠴᠧᠩ ᠵᠧᠦ ᠴᠢᠶᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ᠂ ᠪᠦᠭᠦ ᠣᠷᠣᠨ ᠳᠠᠶᠠᠭᠠᠷ ᠶᠡᠷᠦᠩᠬᠡᠢ | ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ᠂ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠨᠢᠭᠲᠠᠷᠠᠭᠤᠯᠵᠤ ᠬᠤᠶᠠᠷ ᠶᠡᠭᠡ ᠶᠠᠪᠤᠳᠠᠯ ᠢ ᠰᠠᠶᠢᠲᠤᠷ | ᠬᠢᠵᠦ᠂ ︽ᠲᠠᠪᠤᠨ ᠶᠡᠭᠡ ᠡᠭᠦᠷᠭᠡ︾ ᠶᠢ ᠪᠦᠭᠦ ᠬᠦᠴᠦᠨ ᠢᠶᠠᠷ ᠢᠶᠠᠨ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠵᠤ ᠪᠠᠶᠢᠨ᠎ᠠ᠃ ᠠᠵᠢᠯ ᠤᠨ ᠳᠤᠮᠳᠠ ᠪᠠᠨ᠂ ᠨᠢᠭᠡ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠡᠯ᠎ᠡ ᠵᠦᠢᠯ ᠤᠨ ᠠᠵᠢᠯ ᠳᠤᠮᠳᠠ ᠲᠤᠭᠤᠰᠢᠯᠠᠭᠤᠯᠵᠤ᠂ ᠡᠨᠡ ᠬᠦ ᠭᠤᠣᠯ ᠰᠢᠵᠢᠮ ᠢ ᠡᠷᠡᠰ ᠨᠠᠶᠢᠳᠠᠪᠤᠷᠢᠵᠢᠭᠤᠯᠤᠨ᠎ᠠ︔ ᠬᠤᠶᠠᠷ ᠲᠤ᠂ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠶᠢ ᠢᠮᠠᠭᠲᠠ ᠪᠠᠲᠤ ᠴᠡᠭᠡᠵᠢᠯᠡᠬᠦ ︽ᠤᠯᠤᠰ ᠤᠨ | ᠶᠡᠭᠡ ᠶᠠᠪᠤᠳᠠᠯ︾ ᠪᠤᠯᠭᠠᠵᠤ᠂ ᠡᠨᠡ ᠬᠦ ᠨᠣᠭᠤᠭᠠᠨ ᠱᠤᠭᠤᠮ ᠢ ᠨᠠᠷᠢᠨ ᠨᠢᠮᠪᠠᠢ ᠰᠠᠶᠢᠲᠤᠷ ᠬᠠᠮᠠᠭᠠᠯᠠᠨ᠎ᠠ︔ ᠭᠤᠷᠪᠠ ᠳᠤ᠂ ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠪᠠᠷ ᠠᠯᠢᠪᠠ ᠠᠵᠢᠯ ᠤᠨ ᠤᠷᠢᠲᠠᠯ ᠪᠠ ᠰᠠᠭᠤᠷᠢ ᠪᠠᠨ ᠪᠤᠯᠭᠠᠵᠤ᠂ ᠡᠨᠡ ᠬᠦ ᠤᠯᠠᠭᠠᠨ ᠱᠤᠭᠤᠮ ᠢ | ᠪᠠᠲᠤ ᠰᠠᠬᠢᠨ᠎ᠠ᠃ ᠡᠨᠡ ᠤᠳᠠᠭ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ | ᠪᠠᠶᠢᠴᠠᠭᠠᠨ ᠰᠤᠳᠤᠯᠤᠯᠲᠠ ᠬᠢᠵᠦ᠂ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠴᠤ᠂ ᠪᠢᠳᠡᠨ ᠤ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ | ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠳᠤ ᠬᠠᠪᠰᠤᠷᠤᠯᠭ᠎ᠠ ᠦᠵᠡᠭᠦᠯᠭᠦ ᠶᠢ ᠬᠦᠰᠡᠵᠦ ᠪᠠᠶᠢᠨ᠎ᠠ ᠭᠡᠵᠡᠢ᠃ | ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠨᠡᠶᠢᠭᠡᠮ ᠪᠠ ᠬᠠᠤᠯᠢ ᠳᠦᠷᠢᠮ ᠤᠨ ᠵᠥᠪᠯᠡᠯ ᠤᠨ ᠳᠡᠳ᠋ ᠡᠷᠭᠢᠯᠡᠭᠴᠢ | ᠷᠤᠸᠠᠨ ᠴᠧᠩ ᠹᠠ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠶᠢᠨ ᠬᠤᠩ᠂ ᠪᠦᠭᠦ ᠤᠯᠤᠰ ᠤᠨ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ ᠯᠦ ᠰᠢ᠂ ᠫᠠᠨ ᠪᠢ ᠯᠢᠩ᠂ ᠭᠦᠩ ᠹᠦ᠋ ᠸᠧᠨ᠂ ᠼᠦᠢ ᠯᠢ ᠵᠢᠤᠸᠠᠨ ᠪᠣᠯᠣᠨ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ | ᠰᠢᠨ᠂ ᠯᠥᠸᠧ ᡁᠢ ᠬᠤ᠋ ᠠᠵᠢᠯᠯᠠᠭ᠎ᠠ ᠳᠤ ᠣᠷᠣᠯᠴᠠᠵᠠᠢ᠃ | |