ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠷ᠂ 9 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠸᠠᠩ ᠯᠢ ᠰᠢᠶᠠ | ᠣᠷᠳᠣᠰ ᠲᠤ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠵᠢᠯᠣᠭᠤᠳᠤᠨ ᠥᠷᠨᠢᠭᠦᠯᠪᠡ᠃ | | | ᠸᠠᠩ ᠯᠢ ᠰᠢᠶᠠ ᠣᠷᠳᠣᠰ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠳᠤ ᠣᠷᠣᠯᠴᠠᠬᠰᠠᠨ | ᠪᠥᠭᠡᠳ ᠵᠢᠭᠠᠨ ᠵᠢᠯᠣᠭᠤᠳᠪᠠ᠃ ᠲᠡᠷᠡ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠳᠤ᠂ ᠡᠷᠬᠡᠪᠰᠢ ᠦᠵᠡᠯ ᠰᠠᠨᠠᠭ᠎ᠠ | ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠱᠠᠭᠠᠷᠳᠠᠯᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠲᠠᠢ ᠳᠡᠭᠡᠳᠦ ᠬᠡᠮᠵᠢᠶ᠎ᠡ ᠪᠠᠷ ᠨᠢᠭᠡᠳᠬᠡᠵᠦ᠂ ︽ᠲᠠᠪᠤ ᠶᠢ ᠨᠡᠩ ᠴᠢᠬᠤᠯᠠᠴᠢᠯᠠᠬᠤ︾ ᠳᠡᠭᠡᠷ᠎ᠡ ᠬᠦᠴᠦ ᠪᠠᠨ ᠭᠦᠢᠴᠡᠳ ᠣᠷᠣᠭᠤᠯᠵᠤ᠂ | ︽ᠵᠢᠷᠭᠤᠭᠠᠨ ᠡᠷᠬᠡᠪᠰᠢ︾ ᠶᠢᠨ ᠱᠠᠭᠠᠷᠳᠠᠯᠭ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃ ᠦᠵᠡᠯ ᠰᠠᠨᠠᠭ᠎ᠠ ᠶᠢ ᠰᠤᠷᠤᠯᠴᠠᠬᠤ ᠲᠠᠯ᠎ᠠ ᠪᠠᠷ ᠰᠢᠨ᠎ᠡ | ᠣᠯᠣᠯᠲᠠ ᠲᠠᠢ ᠪᠠᠶᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ | ᠡᠨᠡ ᠬᠦ ᠴᠢᠬᠤᠯᠠ ᠦᠵᠡᠯ ᠰᠠᠨᠠᠭ᠎ᠠ ᠶᠢᠨ ︽ᠥᠪᠥᠷ ᠮᠣᠩᠭᠤᠯ ᠤᠨ ᠬᠠᠭᠤᠳᠠᠰᠤ︾ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ︽ᠬᠤᠶᠠᠷ ᠢ | ᠲᠣᠭᠲᠠᠭᠠᠭᠰᠠᠨ︾ ᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ︽ᠨᠠᠮ ᠤᠨ | ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠲᠠᠯ᠎ᠠ ᠪᠠᠷ | ᠰᠢᠨ᠎ᠡ ᠰᠦᠪᠡᠭᠴᠢᠯᠡᠯᠲᠡ ᠬᠢᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠶᠡᠷᠦᠩᠬᠡᠢ ᠱᠦᠵᠢ ᠶᠢ ᠰᠠᠯᠤᠯ ᠦᠭᠡᠢ ᠳᠠᠭᠠᠵᠤ᠂ ᠰᠢᠨ᠎ᠡ ᠠᠶᠠᠨ ᠳᠠᠭᠠᠨ | ᠡᠷᠡᠯᠬᠡᠭᠯᠡᠨ ᠤᠷᠤᠭᠰᠢᠯᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠲᠠᠯ᠎ᠠ ᠪᠠᠷ ᠰᠢᠨ᠎ᠡ ᠡᠭᠦᠷᠭᠡᠯᠡᠯ ᠢᠶᠠᠨ | ᠢᠯᠡᠷᠡᠭᠦᠯᠵᠦ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠭᠡᠬᠦ ᠡᠨᠡ ᠬᠦ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠳᠤᠨ ᠭᠤᠣᠯ ᠤᠨ ︽ | ᠲᠣᠬᠤᠢ ᠬᠡᠰᠡᠭ︾ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ | ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ᠃ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠤ᠂ | ᠬᠠᠲᠠᠭᠤ ᠲᠠᠢ ᠨᠢ ᠬᠠᠯᠳᠠᠵᠤ ᠠᠰᠠᠭᠤᠳᠠᠯ ᠢ ᠰᠢᠢᠳᠪᠦᠷᠢᠯᠡᠵᠦ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠭᠠᠪᠢᠶ᠎ᠠ ᠪᠠᠶᠢᠭᠤᠯᠵᠤ᠂ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠤᠯᠭᠠᠵᠤ᠂ ᠰᠢᠨ᠎ᠡ ᠡᠨᠧᠷᠭᠢ ᠶᠢ | ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ ᠪᠠ ᠲᠣᠨᠣᠭᠯᠠᠯ ᠦᠢᠯᠡᠳᠬᠦ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠵᠤ᠂ ᠠᠵᠤ ᠦᠢᠯᠡᠰ ᠤᠨ ᠳᠡᠭᠡᠳᠦ | ᠲᠡᠰᠵᠢᠯᠳᠡ᠂ ᠣᠶᠤᠨᠴᠢᠯᠠᠯᠲᠠ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠵᠤ᠂ ︽ᠳᠤᠯᠠᠭᠠᠨ ᠬᠤᠳᠠ︾ ᠶᠢᠨ ᠨᠡᠷ᠎ᠡ ᠶᠢᠨ ᠬᠠᠭᠤᠳᠠᠰᠤ ᠶᠢ ᠤᠯᠠᠮ | ᠭᠢᠯᠠᠯᠵᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | ᠸᠠᠩ ᠯᠢ ᠰᠢᠶᠠ ᠪᠠᠰᠠ ᠳ᠋ᠦᠩᠱᠧᠩ ᠲᠣᠭᠤᠷᠢᠭ ᠤᠨ ᠠᠨᠳᠠ ᠨᠡᠶᠢᠭᠡᠮ ᠲᠣᠭᠤᠷᠢᠭ ᠪᠠ ᠬᠠᠩᠭᠢᠨ ᠬᠤᠰᠢᠭᠤᠨ ᠳᠤ ᠭᠦᠨᠵᠡᠭᠡᠶᠢᠷᠡᠵᠦ᠂ ᠺᠠᠳ᠋ᠷ ᠣᠯᠠᠨ | ᠲᠦᠮᠡᠨ ᠲᠠᠢ ᠨᠢᠭᠤᠷᠳᠠᠨ ᠶᠠᠷᠢᠯᠴᠠᠵᠤ᠂ ᠦᠨᠳᠦᠰᠦᠨ ᠱᠠᠲᠤᠨ ᠤ ᠭᠤᠣᠯ ᠰᠡᠳᠦᠪᠲᠦ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ︽ | ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ | ᠱᠠᠭᠠᠷᠳᠠᠯᠭ᠎ᠠ ᠶᠢ ᠰᠠᠶᠢᠲᠤᠷ ᠡᠵᠡᠮᠳᠡᠵᠦ᠂ ᠭᠤᠣᠯ ᠰᠡᠳᠦᠪᠲᠦ ᠬᠥᠮᠦᠵᠢᠯ ᠢ ᠦᠨᠡᠨ ᠬᠦ ᠴᠢᠨᠠᠷ ᠰᠠᠶᠢᠲᠠᠢ᠂ ᠰᠠᠶᠢᠨ ᠦᠷ᠎ᠡ ᠪᠦᠲᠦᠮᠵᠢ ᠲᠠᠢ ᠪᠣᠯᠭᠠᠨ ᠠᠳᠬᠤᠬᠤ | ᠬᠡᠷᠡᠭᠲᠡᠢ ᠭᠡᠵᠦ ᠵᠠᠬᠢᠪᠠ᠃ | | | ᠸᠠᠩ ᠯᠢ ᠰᠢᠶᠠ ᠢ ᠳ᠋ᠢᠩ ᠠᠮᠢ ᠠᠬᠤᠢ ᠶᠢᠨ ᠬᠥᠳᠡᠭᠡ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠤᠮᠫᠠᠨᠢ ᠳᠤ ᠬᠦᠷᠴᠦ᠂ 9 | ᠰᠠᠷ᠎ᠠ ᠶᠢᠨ 7 ᠤ ᠡᠳᠦᠷ ᠤᠨ ᠥᠨᠳᠥᠷ ᠳᠠᠷᠤᠯᠲᠠᠲᠤ ᠬᠡᠢ ᠪᠡᠶᠡᠲᠦ ᠰᠦᠷᠴᠢᠨ ᠭᠠᠷᠤᠭᠰᠠᠨ ᠠᠳᠡᠯ ᠢ ᠰᠢᠢᠳᠪᠦᠷᠢᠯᠡᠭᠰᠡᠨ ᠪᠠ ᠭᠡᠮ ᠰᠣᠭᠤᠭ ᠢ ᠵᠢᠭᠰᠠᠭᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠪᠠ᠃ ᠲᠡᠷᠡ᠂ ᠵᠢᠷᠤᠮᠵᠢᠭᠤᠯᠬᠤ ᠲᠠᠯ᠎ᠠ ᠪᠠᠷ ᠪᠢᠰᠢᠷᠡᠨ | ᠵᠢᠷᠦᠬᠡᠰᠢᠶᠡᠬᠦ ᠰᠡᠳᠬᠢᠯᠭᠡ ᠲᠠᠢ ᠪᠠᠶᠢᠬᠤ ᠪᠣᠯ ᠳᠠᠷᠤᠢ ᠠᠮᠢ ᠨᠠᠰᠤ ᠶᠢ ᠪᠢᠰᠢᠷᠡᠨ ᠵᠢᠷᠦᠬᠡᠰᠢᠶᠡᠵᠦ ᠪᠠᠶᠢᠭ᠎ᠠ ᠶᠠᠪᠤᠳᠠᠯ ᠮᠥᠨ᠂ ᠭᠤᠷᠢᠳᠠᠬᠤ ᠪᠤᠳᠣᠯ ᠢ ᠡᠷᠡᠰ ᠲᠡᠪᠴᠢᠵᠦ᠂ | ᠠᠵᠢᠯ ᠤᠨ ᠪᠠᠶᠢᠷᠢ ᠨᠢᠭᠡ ᠪᠦᠷᠢ᠂ ᠠᠵᠢᠯᠲᠠᠨ ᠠᠵᠢᠯᠴᠢᠨ ᠨᠢᠭᠡ ᠪᠦᠷᠢ ᠴᠥᠮ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠬᠡᠷᠡᠭᠲᠡᠢ᠃ ᠦᠷᠡᠭᠳᠡᠯ ᠠᠳᠡᠯ ᠠᠴᠠ ᠰᠤᠷᠭᠠᠮᠵᠢ ᠠᠪᠴᠤ᠂ ᠡᠷᠬᠡᠪᠰᠢ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠳᠠᠯᠳᠠ ᠭᠡᠮ ᠢ ᠪᠦᠭᠦ | ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠬᠠᠷᠠᠰᠠᠯᠲᠤ ᠬᠡᠷᠡᠭ ᠳᠠᠭᠢᠨ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠢ᠃ ᠪᠦᠭᠦ ᠣᠷᠣᠨ ᠤ | ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠦᠨᠳᠦᠰᠦᠨ ᠱᠠᠲᠤ ᠶᠢ ᠴᠢᠩᠭ᠎ᠠ ᠠᠩᠬᠠᠷᠴᠤ᠂ ᠰᠣᠯᠪᠢᠴᠠᠭᠤᠯᠤᠨ ᠬᠠᠤᠯᠢ | ᠬᠡᠷᠡᠭᠵᠢᠭᠦᠯᠬᠦ ᠶᠢ ᠶᠠᠪᠤᠭᠤᠯᠵᠤ᠂ ᠦᠢᠯᠡᠳᠪᠦᠷᠢᠯᠡᠯ ᠳᠤᠮᠳᠠᠬᠢ ᠡᠯ᠎ᠡ ᠲᠥᠷᠥᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠨ | ᠵᠣᠭᠰᠤᠭᠠᠬᠤ ᠬᠡᠷᠡᠭᠲᠡᠢ ᠭᠡᠵᠡᠢ᠃ |