ᠣᠶᠢᠷ᠎ᠠ ᠳᠤ᠂ ︽ᠬᠥᠯᠥᠨ ᠪᠤᠶᠢᠷ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠬᠥᠭᠵᠢᠯᠲᠡ ᠶᠢᠨ ᠲᠥᠯᠦᠪᠵᠢᠭᠦᠯᠭᠡ︾ ᠶᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠠᠴᠠ ᠵᠢᠩᠬᠢᠨᠢ ᠪᠠᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ | ᠲᠣᠰ ᠲᠥᠯᠦᠪᠵᠢᠭᠦᠯᠭᠡ ᠳᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠥᠯᠥᠨ ᠪᠤᠶᠢᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠬᠥᠭᠵᠢᠯᠲᠡ ᠶᠢᠨ ᠪᠠᠶᠢᠳᠠᠯ᠂ ᠶᠡᠷᠦᠩᠬᠡᠢ ᠱᠠᠭᠠᠷᠳᠠᠯᠭ᠎ᠠ᠂ ᠭᠤᠣᠯᠳᠠᠯᠭ᠎ᠠ ᠲᠠᠢ ᠡᠭᠦᠷᠭᠡ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠵᠠᠢ᠃ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠥᠯᠥᠨ ᠪᠤᠶᠢᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢ ᠵᠢᠯᠤᠭᠤᠳᠬᠤ | ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠣᠨ᠎ᠠ᠃ | ᠬᠥᠭᠵᠢᠯᠲᠡ ᠶᠢᠨ ᠰᠠᠭᠤᠷᠢ | 1. ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠲᠠᠰᠣᠷᠠᠯᠲᠠ ᠦᠭᠡᠢ ᠲᠡᠭᠦᠯᠳᠡᠷᠵᠢᠪᠡ | ᠲᠦᠷᠭᠡᠨ ᠬᠤᠷᠳᠤᠴᠠᠲᠤ ᠵᠠᠮ ᠬᠠᠷᠢᠯᠴᠠᠭᠠᠨ ᠤ ᠰᠦᠯᠵᠢᠶ᠎ᠡ ᠦᠳᠳᠡᠷ ᠲᠦᠷᠭᠡᠨ ᠪᠦᠷᠢᠯᠳᠦᠵᠡᠢ᠄ | ᠳᠡᠭᠡᠳᠤ ᠬᠤᠷᠳᠤ ᠶᠢᠨ ᠵᠠᠰᠠᠮᠠᠯ ᠵᠠᠮ ᠢ 207 ᠺᠢᠯᠣᠮᠧᠲᠷ ᠰᠢᠨ᠎ᠡ ᠪᠠᠷ ᠨᠡᠮᠡᠭᠳᠡᠭᠦᠯᠪᠡ | ᠴᠢᠴᠢᠬᠠᠷ ᠬᠠᠶᠢᠯᠠᠷ ᠮᠠᠨᠵᠤᠤᠷ ᠤᠨ ᠳᠡᠭᠡᠳᠦ ᠬᠤᠷᠳᠤ ᠶᠢᠨ ᠲᠡᠮᠦᠷ ᠵᠠᠮ ᠤᠨ ᠴᠢᠴᠢᠬᠠᠷ ᠬᠠᠶᠢᠯᠠᠷ ᠤᠨ ᠬᠡᠰᠡᠭ ᠢ ᠤᠯᠤᠰ ᠤᠨ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠡᠮᠦᠷ ᠵᠠᠮ ᠤᠨ ᠬᠥᠭᠵᠢᠭᠦᠯᠦᠯᠲᠡ ᠶᠢᠨ ᠲᠥᠯᠦᠪᠵᠢᠭᠦᠯᠭᠡ ᠳᠤ ᠣᠷᠣᠭᠤᠯᠪᠠ | ︽4+6︾ ᠨᠢᠰᠬᠡᠯ ᠤᠨ ᠪᠠᠭᠤᠳᠠᠯ ᠤᠨ ᠪᠥᠭᠡᠮᠨᠡᠷᠡᠯ ᠤᠨ ᠲᠤᠭᠲᠠᠮᠵᠢ ᠶᠢ ᠪᠦᠷᠢᠯᠳᠦᠬᠦᠯᠪᠡ | ᠭᠤᠣᠯ ᠱᠤᠭᠤᠮ ᠤᠨ ᠵᠠᠮ ᠬᠠᠷᠢᠯᠴᠠᠭᠠᠨ ᠤ ᠲᠣᠣᠷ ᠠᠭᠠᠵᠢᠮ ᠢᠶᠠᠷ ᠲᠡᠭᠦᠯᠳᠡᠷᠵᠢᠵᠡᠢ | ᠣᠷᠣᠨ ᠪᠦᠰᠡ ᠶᠢᠨ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠨᠣᠷᠮ᠎ᠠ ᠪᠠ ᠳᠠᠪᠬᠤᠷ ᠱᠤᠭᠤᠮ ᠤᠨ ᠨᠣᠷᠮ᠎ᠠ 45% ᠳᠤ ᠬᠥᠷᠪᠡ | ᠪᠥᠬᠦ ᠬᠤᠲᠠ ᠶᠢᠨ ᠵᠠᠰᠠᠮᠠᠯ ᠵᠠᠮ ᠤᠨ ᠲᠣᠣᠷ ᠤᠨ ᠨᠢᠭᠲᠠᠴᠠ 11.4 ᠺᠢᠯᠣᠮᠧᠲᠷ/ᠵᠠᠭᠤᠨ ᠲᠡᠭᠰᠢ ᠳᠥᠷᠪᠡᠯᠵᠢᠨ ᠺᠢᠯᠣᠮᠧᠲᠷ ᠲᠤ ᠬᠥᠷᠪᠡ | ᠰᠠᠭᠤᠷᠢ ᠵᠠᠮ ᠬᠠᠷᠢᠯᠴᠠᠭᠠᠨ ᠤ ᠰᠦᠯᠵᠢᠶ᠎ᠡ ᠢᠯᠡᠳᠲᠡ ᠥᠷᠭᠡᠳᠪᠡ᠄ | ᠪᠥᠬᠦ ᠬᠤᠲᠠ ᠶᠢᠨ ᠨᠥᠬᠦᠴᠡᠯ ᠪᠦᠷᠢᠳᠦᠭᠰᠡᠨ ᠰᠢᠶᠠᠩ ᠪᠠᠯᠭᠠᠰᠤ ︵ᠰᠤᠮᠤ︶ ᠶᠢᠨ ᠵᠠᠰᠠᠭ ᠵᠠᠬᠢᠷᠭᠠᠨ ᠤ ᠲᠣᠰᠬᠤᠨ ︵ᠭᠠᠴᠠᠭ᠎ᠠ︶ ᠳᠤ ᠴᠥᠮ | ᠬᠠᠲᠠᠭᠤᠷᠠᠭᠤᠯᠤᠭᠰᠠᠨ ᠵᠠᠮ ᠨᠡᠪᠳᠡᠷᠡᠵᠡᠢ | ᠨᠢᠭᠡ ᠪᠦᠯᠦᠭ ᠠᠶᠠᠨᠴᠢᠳ ᠤᠨ ᠲᠡᠭᠡᠭᠡᠪᠦᠷᠢ᠂ ᠣᠯᠣᠮ ᠭᠠᠷᠠᠮ ᠵᠢᠴᠢ ᠲᠡᠯᠡᠶ ᠶᠢᠨ ᠶᠠᠪᠤᠳᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠳᠠᠭᠤᠰᠬᠠᠪᠠ | 2. ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠠᠭᠠᠵᠢᠮ ᠢᠶᠠᠷ ᠳᠡᠭᠡᠭᠰᠢᠯᠡᠪᠡ | ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠴᠢᠨᠠᠷ ᠪᠦᠲᠦᠮᠵᠢ ᠶᠢ ᠳᠡᠭᠡᠭᠰᠢᠯᠡᠬᠦᠯᠪᠡ | ᠲᠥᠪ ᠬᠤᠲᠠ ᠲᠣᠭᠤᠷᠢᠭ ᠤᠨ ᠨᠡᠶᠢᠲᠡ ᠶᠢᠨ ᠵᠠᠮ ᠬᠠᠷᠢᠯᠴᠠᠭᠠᠨ ᠤ ᠬᠤᠪᠢᠶᠠᠨ ᠡᠭᠦᠷᠭᠡᠯᠡᠬᠦ ᠨᠣᠷᠮ᠎ᠠ 51.5% ᠬᠦᠷᠪᠡ | ᠰᠢᠨ᠎ᠡ ᠡᠨᠧᠷᠬᠢᠲᠦ ᠤᠯᠠᠨ ᠨᠡᠶᠢᠲᠡ ᠶᠢᠨ ᠮᠠᠰᠢᠨ ᠲᠡᠷᠭᠡ ᠶᠢᠨ ᠡᠵᠡᠯᠡᠬᠦ ᠬᠠᠷᠢᠴᠠᠯ ᠨᠢ 43.5% ᠳᠤ ᠬᠦᠷᠪᠡ | ᠪᠥᠬᠦ ᠬᠤᠲᠠ ᠶᠢᠨ ᠠᠶᠠᠨᠴᠢᠳ ᠤᠨ ᠲᠡᠷᠭᠡ ᠨᠡᠪᠲᠡᠷᠡᠬᠦ ᠨᠥᠬᠦᠴᠡᠯ ᠲᠠᠢ ᠪᠠᠶᠢᠭᠤᠯᠤᠯᠲᠤ ᠲᠣᠰᠬᠤᠨ ᠭᠠᠴᠠᠭ᠎ᠠ ᠳᠤ ᠨᠢᠭᠡᠨᠲᠡ ᠠᠶᠠᠨᠴᠢᠳ ᠤᠨ ᠲᠡᠷᠭᠡ | ᠨᠡᠪᠲᠡᠷᠡᠬᠦ ᠶᠢ ᠪᠡᠶᠡᠯᠡᠬᠦᠯᠪᠡ | ᠬᠠᠶᠢᠯᠠᠷ — ᠡᠸᠡᠩᠬᠢ ᠶᠢᠨ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ 9 ᠵᠤᠷᠪᠤᠰ ᠨᠡᠪᠲᠡᠷᠡᠪᠡ | ᠪᠠᠷᠠᠭᠠᠨ ᠤ ᠲᠡᠭᠡᠭᠡᠪᠦᠷᠢ ᠶᠢᠨ ᠬᠡᠯᠪᠡᠷᠢ ᠶᠢ ᠬᠤᠪᠢᠷᠠᠭᠤᠯᠬᠤ ᠠᠯᠬᠤᠴᠠ ᠲᠠᠰᠤᠷᠠᠯᠲᠠ ᠦᠭᠡᠢ ᠲᠦᠷᠭᠡᠳᠴᠡᠢ | 2021 ᠣᠨ ᠤ ᠲᠡᠮᠦᠷ ᠵᠠᠮ᠂ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠲᠦᠷᠦᠭᠦᠸ ᠵᠢᠯ ᠤᠨ ᠬᠢ ᠠᠴᠠ 11.9% ᠪᠠᠷ ᠨᠡᠮᠡᠭᠳᠡᠪᠡ | ᠲᠦᠷᠭᠡᠨ ᠬᠦᠷᠭᠡᠬᠦ ᠠᠵᠢᠯ ᠤᠨ ᠬᠡᠮᠵᠢᠶ᠎ᠡ ᠨᠢ ︿ᠠᠷᠪᠠᠨ ᠭᠤᠷᠪᠠᠳᠤᠭᠠᠷ ᠲᠠᠪᠤᠨ ᠵᠢᠯ﹀ ᠤᠨ ᠰᠡᠭᠦᠯᠴᠢ ᠶᠢᠨ 6 ᠳᠠᠬᠢᠨ ᠪᠤᠯᠪᠠ | ᠰᠢᠶᠠᠩ ᠪᠠᠯᠭᠠᠰᠤᠨ ᠤ ᠰᠢᠤᠳᠠᠨ ᠤ ᠲᠣᠣᠷ ᠴᠡᠭ ᠤᠨ ᠪᠦᠷᠬᠦᠯᠲᠡ ᠶᠢᠨ ᠨᠤᠷᠮ᠎ᠠ 100% ᠬᠦᠷᠪᠡ | 3. ᠠᠵᠢᠯ ᠳᠣᠶᠢᠷᠣᠯ ᠤᠨ ᠵᠠᠰᠠᠯᠲᠠ ᠶᠢᠨ ᠴᠢᠳᠠᠪᠤᠷᠢ ᠢᠯᠡᠳᠲᠡ ᠳᠡᠭᠡᠭᠰᠢᠯᠡᠪᠡ | ᠪᠣᠬᠢᠷᠲᠤᠯ ᠦᠭᠡᠢ ᠠᠮᠤᠷ ᠠᠮᠤᠭᠤᠯᠠᠩ ᠣᠶᠤᠨᠴᠢ ᠵᠠᠮ ᠬᠠᠷᠢᠯᠴᠠᠭ᠎ᠠ ᠲᠣᠭᠲᠠᠭᠤᠨ ᠢᠶᠠᠷ ᠬᠥᠭᠵᠢᠪᠡ᠄ | ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠬᠦᠴᠦᠯᠡᠨ ᠠᠬᠢᠭᠤᠯᠪᠠ | ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠪᠠ | ᠵᠠᠮ ᠬᠠᠷᠢᠯᠴᠠᠭᠠᠨ ᠤ ᠠᠵᠢᠯᠯᠠᠭᠠᠨ ᠤ ᠬᠢᠨᠠᠨ ᠬᠡᠮᠵᠢᠬᠦ ᠲᠤᠭᠲᠠᠯᠴᠠᠭ᠎ᠠ ᠶᠢ ᠪᠦᠷᠢᠨᠰᠢᠬᠦᠯᠪᠡ | ᠠᠵᠢᠯ ᠲᠥᠷᠥᠯ ᠤᠨ ᠥᠭᠡᠷᠡᠴᠢᠯᠡᠯᠲᠡ ᠪᠠ ᠬᠠᠤᠯᠢ ᠪᠠᠷ ᠵᠠᠰᠠᠬᠤ ᠵᠠᠰᠠᠯᠲᠠ ᠢᠯᠡᠳᠲᠡ ᠦᠷ᠎ᠡ ᠪᠦᠲᠦᠮᠵᠢ ᠣᠯᠪᠠ᠄ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠳᠬᠠᠵᠤ᠂ ᠬᠡᠲᠦ ᠬᠠᠤᠯᠢ ᠬᠡᠷᠡᠭᠵᠢᠭᠦᠯᠦᠯᠲᠡ ᠶᠢ ᠬᠦᠴᠦᠯᠡᠨ ᠵᠠᠰᠠᠪᠠ | ᠠᠵᠢᠯ ᠲᠥᠷᠥᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠰᠢᠯᠢᠳᠡᠭᠵᠢᠪᠡ | | | |