ᠦᠰᠦᠭᠲᠦ ᠲᠠᠶᠢᠯᠤᠮᠵᠢ ︵ᠬᠤᠶᠠᠷ︶᠄ ᠬᠥᠯᠥᠨ ᠪᠤᠶᠢᠷ ᠬᠤᠳᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠦᠪᠵᠢᠭᠦᠯᠭᠡ
ᠨᠡᠶᠢᠲᠡᠯᠡᠭᠰᠡᠨ ᠴᠠᠭ᠄
2023/9/25
        ᠬᠥᠭᠵᠢᠯᠲᠡ ᠶᠢᠨ ᠬᠠᠷᠠᠯᠲᠠ        ᠶᠡᠷᠦᠩᠬᠡᠢ ᠬᠠᠷᠠᠯᠲᠠ        2025 ᠣᠨ ᠪᠣᠯᠬᠤ ᠳᠤ᠂ ᠠᠮᠤᠷ ᠲᠦᠪᠰᠢᠨ᠂ ᠳᠥᠭᠦᠮ ᠳᠥᠲᠡ᠂ ᠥᠨᠳᠥᠷ ᠪᠦᠲᠦᠮᠵᠢᠲᠡᠢ᠂ ᠪᠣᠬᠢᠷᠲᠤᠯ ᠦᠭᠡᠢ᠂ ᠠᠷᠪᠢᠴᠢ ᠭᠠᠮᠲᠠᠢ ᠣᠳᠣᠬᠢᠴᠢᠯᠠᠭᠰᠠᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠭᠲᠠᠯᠴᠠᠭ᠎ᠠ ᠶᠢ ᠠᠩᠬ᠎ᠠ ᠠᠯᠬᠤᠮ ᠪᠠᠶᠢᠭᠤᠯᠵᠤ᠂ ︽ᠪᠦᠬᠦ ᠤᠯᠤᠰ ᠤᠨ 123 ᠠᠶᠠᠯᠠᠯ ᠤᠨ ᠵᠠᠮ ᠬᠠᠷᠢᠯᠴᠠᠭᠠᠨ ᠤ ᠴᠠᠭᠠᠷᠢᠭ︾ ᠪᠠ ︽ᠪᠦᠬᠦ ᠪᠥᠮᠪᠥᠷᠴᠡᠭ ᠤᠨ 123 ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠴᠠᠭᠠᠷᠢᠭ︾ ᠯᠤᠭ᠎ᠠ ᠲᠦᠷᠭᠡᠨ ᠠᠭᠤᠰᠤᠯᠴᠠᠵᠤ᠂ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ᠂ ᠵᠠᠮ ᠬᠠᠷᠢᠯᠴᠠᠭ᠎ᠠ ᠵᠤᠭᠠᠴᠠᠯ ᠤᠨ ᠠᠭᠤᠰᠤᠯᠴᠠᠨ ᠬᠥᠭᠵᠢᠬᠦ ᠶᠢ ᠡᠷᠴᠢᠮᠳᠡᠢ ᠲᠤᠯᠭᠠᠭᠤᠷᠢᠯᠠᠵᠤ᠂ ᠲᠤᠤᠷ ᠰᠦᠯᠵᠢᠶ᠎ᠡ ᠶᠢᠨ ᠶᠡᠷᠦᠩᠬᠡᠶᠢᠯᠡᠭᠰᠡᠨ ᠪᠣᠰᠤᠭ᠎ᠠ ᠴᠣᠭᠴᠠᠵᠢᠯᠲᠠ᠂ ᠣᠷᠣᠨ ᠪᠦᠰᠡ ᠶᠢᠨ ᠨᠡᠪᠳᠡᠷᠡᠯ ᠲᠦᠷᠭᠡᠵᠢᠯᠲᠡ᠂ ᠦᠢᠯᠡᠴᠢᠯᠡᠭᠡ ᠥᠨᠳᠥᠷ ᠪᠦᠲᠦᠮᠵᠢᠲᠡᠢ ᠴᠢᠨᠠᠷᠵᠢᠯᠲᠠ᠂ ᠵᠠᠮ ᠬᠠᠷᠢᠯᠴᠠᠭᠠᠨ ᠤ ᠵᠠᠰᠠᠯᠲᠠ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃       ᠬᠥᠭᠵᠢᠭᠦᠯᠦᠯᠲᠡ ᠶᠢᠨ ᠭᠤᠣᠯᠳᠠᠯᠭ᠎ᠠ       ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠪᠠᠶᠢᠭᠤᠯᠤᠯᠲᠠ       ᠲᠦᠷᠭᠡᠨ ᠵᠠᠮ ᠬᠠᠷᠢᠯᠴᠠᠭᠠᠨ ᠤ ᠰᠢᠪᠲᠤᠯᠤᠯᠲᠠ       ᠵᠢᠭᠤᠯᠴᠢᠯᠠᠯ ᠤᠨ ᠵᠠᠮ ᠬᠠᠷᠢᠯᠴᠠᠭᠠᠨ ᠤ ᠳᠡᠰ ᠳᠡᠪᠰᠢᠬᠦᠯᠬᠦ       ᠪᠣᠭᠤᠮᠲᠠ ᠶᠢᠨ ᠵᠠᠮ ᠬᠠᠷᠢᠯᠴᠠᠭᠠᠨ ᠤ ᠴᠢᠩᠭᠠᠷᠠᠯᠲᠠ       ᠴᠢᠨᠠᠷᠯᠢᠭ ᠵᠠᠮ ᠬᠠᠷᠢᠯᠴᠠᠭᠠᠨ ᠤ ᠳᠡᠯᠭᠡᠷᠡᠭᠦᠯᠦᠯᠲᠡ       ᠪᠣᠳᠠᠲᠠᠢ ᠬᠠᠷᠠᠯᠲᠠ       ︵1︶ ᠶᠡᠷᠦᠩᠬᠡᠶᠢᠯᠡᠭᠰᠡᠨ ᠲᠡᠭᠡᠭᠡᠪᠦᠷᠢ ᠶᠢᠨ ᠨᠡᠪᠲᠡᠷᠡᠬᠦ ᠵᠠᠮ ᠤᠨ ᠳᠤᠲᠤᠨ᠎ᠠ ᠪᠠᠨ ᠰᠠᠭᠠᠳ ᠦᠭᠡᠢ ᠭᠠᠳᠠᠨᠠᠬᠢ ᠲᠠᠢ ᠬᠤᠯᠪᠣᠭᠠᠯᠠᠬᠤ ᠶᠢ ᠪᠠᠭᠲᠠᠭᠠᠨ᠎ᠠ᠄       ᠬᠤᠳᠠ ᠶᠢᠨ ᠬᠡᠪᠴᠢᠶᠡᠨ ᠤ ︽ᠨᠢᠭᠡ ᠬᠥᠨᠳᠡᠯᠡᠨ ᠬᠤᠶᠠᠷ ᠭᠤᠯᠳᠤ︾ ᠶᠢᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠨᠡᠪᠲᠡᠷᠡᠬᠦ ᠵᠠᠮ ᠢ ᠡᠮᠬᠢ ᠵᠢᠷᠤᠮ ᠲᠠᠢ ᠪᠠᠷ ᠪᠠᠶᠢᠭᠤᠯᠤᠨ᠎ᠠ       ︵2︶ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷ ᠢ ᠨᠡᠩ ᠲᠡᠭᠦᠯᠳᠡᠷᠵᠢᠬᠦᠯᠦᠨ᠎ᠡ᠄       ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ ᠡᠩ ᠤᠨ ᠤᠯᠤᠰ ᠤᠨ ᠪᠠ ᠮᠤᠵᠢ ᠶᠢᠨ ᠭᠤᠣᠯ ᠱᠤᠭᠤᠮ ᠤᠨ ᠣᠷᠳᠣ 700 ᠺᠢᠯᠣᠮᠧᠲᠷ ᠢ ᠳᠠᠪᠠᠵᠤ᠂ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠵᠠᠰᠠᠮᠠᠯ ᠵᠠᠮ ᠤᠨ ᠡᠵᠡᠯᠡᠬᠦ ᠬᠠᠷᠢᠴᠠᠯ ᠢ 13% ᠳᠤ ᠬᠦᠷᠭᠡᠨ᠎ᠡ       ᠴᠢᠴᠢᠬᠠᠷ ᠬᠠᠶᠢᠯᠠᠷ ᠮᠠᠨᠵᠤᠤᠷ ᠤᠨ ᠳᠡᠭᠡᠳᠦ ᠬᠤᠷᠳᠤ ᠶᠢᠨ ᠲᠡᠮᠦᠷ ᠵᠠᠮ ᠤᠨ ᠴᠢᠴᠢᠬᠠᠷ ᠬᠠᠶᠢᠯᠠᠷ ᠤᠨ ᠬᠡᠰᠡᠭ ᠢ ᠡᠬᠢᠯᠡᠨ ᠪᠠᠶᠢᠭᠤᠯᠵᠤ᠂ ᠲᠡᠮᠦᠷ ᠵᠠᠮ ᠤᠨ ᠴᠢᠳᠠᠮᠵᠢ  ᠶᠢ ᠥᠷᠭᠡᠳᠬᠡᠬᠦ ᠥᠭᠡᠷᠡᠴᠢᠯᠡᠯᠲᠡ  ᠶᠢ ᠲᠦᠷᠭᠡᠪᠴᠢᠯᠡᠨ ᠬᠡᠷᠡᠭᠵᠢᠭᠦᠯᠦᠨ᠎ᠡ       ᠮᠠᠨᠵᠤᠤᠷ ᠤᠨ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ 1 ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠠᠵᠢᠯ ᠡᠬᠢᠯᠡᠭᠦᠯᠬᠦ ᠪᠠᠷ ᠴᠢᠷᠮᠠᠶᠢᠨ᠎ᠠ       ︵3︶ ᠶᠡᠷᠦᠩᠬᠡᠶᠢᠯᠡᠭᠰᠡᠨ ᠲᠡᠭᠡᠭᠡᠪᠦᠷᠢ ᠶᠢᠨ ᠬᠦᠢᠰᠦ ᠶᠢᠨ ᠰᠣᠯᠢᠭᠳᠠᠯ ᠢ ᠥᠨᠳᠥᠷ ᠪᠦᠲᠦᠮᠵᠢᠲᠡᠶ ᠪᠠᠶᠢᠯᠭᠠᠨ᠎ᠠ᠄       1 ᠶᠡᠷᠦᠩᠬᠡᠶᠢᠯᠡᠭᠰᠡᠨ ᠠᠶᠠᠨᠴᠢᠳ ᠤᠨ ᠲᠡᠭᠡᠭᠡᠪᠦᠷᠢ ᠶᠢᠨ ᠬᠦᠢᠰᠦ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 2 ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠲᠥᠪ ᠢ ᠴᠤᠭᠴᠠᠯᠠᠨ᠎ᠠ       ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠪᠠ ᠦᠢᠯᠡᠴᠢᠯᠡᠭᠡᠨ ᠤ ᠲᠦᠪᠰᠢᠨ ᠢ ᠢᠯᠡᠳᠲᠡ ᠳᠡᠭᠡᠭᠰᠢᠯᠡᠬᠦᠯᠦᠨ᠎ᠡ        ︵4︶ ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠢᠯᠡᠳᠲᠡ ᠨᠡᠮᠡᠭᠳᠡᠬᠦᠯᠦᠨ᠎ᠡ᠄       ᠬᠤᠲᠠ ᠶᠢᠨ ᠭᠤᠣᠯ ᠬᠤᠲᠠ ᠲᠣᠭᠤᠷᠢᠭ ᠤᠨ ᠵᠠᠮ ᠬᠠᠷᠢᠯᠴᠠᠭᠠᠨ ᠤ ᠪᠣᠬᠢᠷᠲᠤᠯ ᠦᠭᠡᠢ ᠠᠶᠠᠯᠠᠯ ᠤᠨ ᠨᠣᠷᠮ᠎ᠠ ᠶᠢ 65% ᠳᠤ ᠬᠦᠷᠭᠡᠨ᠎ᠡ       ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠶᠡᠷᠦᠩᠬᠡᠢ ᠵᠠᠷᠤᠳᠠᠯ ᠤᠨ GDP ᠳᠤ ᠡᠵᠡᠯᠡᠬᠦ ᠬᠠᠷᠢᠴᠠᠯ ᠢ ᠨᠡᠶᠢᠲᠡ 1 ᠵᠠᠭᠤᠨ ᠤ ᠨᠢᠭᠡᠴᠢ ᠪᠠᠭᠤᠷᠠᠭᠤᠯᠤᠨ᠎ᠠ       ᠰᠢᠤᠳᠠᠨ ᠤ ᠦᠢᠯᠡᠰ ᠤᠨ ᠲᠦᠷᠭᠡᠨ ᠬᠥᠭᠵᠢᠯᠲᠡ ᠶᠢ ᠪᠠᠲᠤᠯᠠᠵᠤ᠂ ᠲᠣᠰᠬᠤᠨ ᠪᠣᠯᠭᠠᠨ ᠳᠤ ᠲᠦᠷᠭᠡᠨ ᠬᠦᠷᠭᠡᠯᠲᠡ ᠨᠡᠪᠲᠡᠷᠡᠭᠦᠯᠬᠦ ᠶᠢ ᠪᠡᠶᠡᠯᠡᠭᠦᠯᠦᠨ᠎ᠡ       ︵5︶ ᠵᠠᠮ ᠬᠠᠷᠢᠯᠴᠠᠭᠠᠨ ᠤ ᠬᠥᠭᠵᠢᠯᠲᠡ ᠶᠢᠨ ᠵᠥᠭᠡᠯᠡᠨ ᠪᠣᠳᠠᠲᠤ ᠬᠦᠴᠦᠨ ᠲᠠᠰᠤᠷᠠᠯᠳᠠ ᠦᠭᠡᠢ ᠴᠢᠩᠭᠠᠷᠠᠭᠤᠯᠤᠨ᠎ᠠ᠄       ᠳᠡᠭᠡᠳᠤ ᠬᠤᠷᠳᠤ ᠶᠢᠨ ᠵᠠᠰᠠᠮᠠᠯ ᠵᠠᠮ ᠤᠨ ᠵᠠᠩᠭᠢᠯᠠᠭ᠎ᠠ ᠶᠢᠨ ᠴᠡᠭ ᠤᠨ ᠬᠢᠨᠠᠨ ᠬᠡᠮᠵᠢᠯᠲᠡ ᠶᠢᠨ ᠪᠦᠷᠬᠦᠯᠲᠡ ᠶᠢᠨ ᠨᠤᠷᠮ᠎ᠠ ᠶᠢ 100% ᠳᠤ ᠬᠦᠷᠭᠡᠨ᠎ᠡ       ᠣᠯᠠᠨ ᠬᠡᠯᠪᠡᠷᠢ ᠪᠠᠷ ᠬᠤᠯᠪᠤᠭᠠᠯᠠᠨ ᠲᠡᠭᠡᠭᠡᠪᠦᠷᠢᠯᠡᠬᠦ ᠠᠶᠠᠨᠴᠢᠨ ᠤ ᠪᠢᠯᠧᠲ ᠤᠨ ᠬᠤᠯᠪᠤᠭᠠᠳᠤ ᠰᠦᠯᠵᠢᠶ᠎ᠡ ᠰᠢᠪᠲᠤᠯᠤᠯᠲᠠ ᠲᠠᠢ ᠪᠣᠯᠪᠠ       ᠲᠡᠭᠡᠭᠡᠪᠦᠷᠢ ᠶᠢᠨ ᠪᠦᠲᠦᠴᠡ ᠶᠢᠨ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠳᠬᠡᠵᠦ᠂ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 10% ᠨᠡᠮᠡᠭᠳᠡᠬᠦᠯᠬᠦ ᠪᠠᠷ ᠴᠢᠷᠮᠠᠶᠢᠨ᠎ᠠ       ᠰᠢᠨ᠎ᠡ ᠡᠨᠧᠷᠭᠢ ᠶᠢᠨ ᠰᠤᠷᠪᠤᠯᠵᠢ ᠵᠢᠴᠢ ᠴᠡᠪᠡᠷ ᠡᠨᠧᠷᠭᠢᠲᠦ ᠨᠡᠶᠢᠲᠡ ᠶᠢᠨ ᠮᠠᠰᠢᠨ ᠲᠡᠷᠭᠡᠨ ᠤ ᠬᠠᠷᠢᠴᠠᠯ ᠢ 80% ᠬᠦᠷᠭᠡᠨ᠎ᠡ       ᠲᠡᠭᠡᠭᠡᠪᠦᠷᠢ ᠡᠵᠡᠩᠨᠡᠯᠲᠡ ᠶᠢᠨ ᠲᠡᠷᠭᠡ ᠬᠥᠰᠬᠡ ᠶᠢᠨ ᠵᠠᠮ ᠲᠡᠭᠡᠭᠡᠪᠦᠷᠢ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠠᠳᠡᠯ ᠢ ᠪᠠᠭᠠᠰᠬᠠᠬᠤ ᠶᠢ ᠪᠠᠲᠤᠯᠠᠨ᠎ᠠ       ︵6︶ ᠠᠵᠢᠯ ᠲᠦᠷᠦᠯ ᠤᠨ ᠵᠠᠰᠠᠯᠲᠠ ᠶᠢᠨ ᠴᠢᠳᠠᠪᠤᠷᠢ ᠮᠡᠳᠡᠭᠳᠡᠮ᠎ᠡ ᠳᠡᠭᠡᠭᠰᠢᠯᠡᠨ᠎ᠡ᠄       ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ       ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠦᠷᠭᠡᠳᠬᠡᠨ ᠠᠬᠢᠭᠤᠯᠵᠤ ︽ᠨᠢᠭᠡ ᠰᠦᠯᠵᠢᠶ᠎ᠡ ᠪᠠᠷ ᠭᠦᠢᠴᠡᠳᠬᠡᠬᠦ︾ ︽ᠠᠯᠠᠭᠠᠨ ᠳᠡᠭᠡᠷ᠎ᠡ ᠭᠦᠢᠴᠡᠳᠬᠡᠬᠦ︾ ︽ᠬᠤᠲᠠ ᠠᠯᠤᠰᠯᠠᠨ ᠭᠦᠢᠴᠡᠳᠬᠡᠬᠦ︾ ᠶᠢ ᠪᠡᠶᠡᠯᠡᠭᠦᠯᠦᠨ᠎ᠡ       ︽ᠢᠲᠡᠭᠡᠮᠵᠢᠲᠦ ᠵᠠᠮ ᠬᠠᠷᠢᠯᠴᠠᠭ᠎ᠠ︾ ᠶᠢ ᠪᠠᠶᠢᠭᠤᠯᠤᠨ᠎ᠠ
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ