ᠠᠷᠤᠨ ᠬᠤᠰᠢᠭᠤ ᠮᠥᠩᠭᠦᠨ ᠭᠦᠢᠯᠭᠡᠭᠡᠨ ᠢᠶᠠᠷ ᠮᠠᠯ ᠠᠵᠤ ᠠᠬᠤᠶ ᠲᠠᠷᠢᠶᠠᠯᠠᠩ ᠢ ᠳᠡᠮᠵᠢᠵᠦ᠂ ᠠᠵᠤ ᠦᠢᠯᠡᠰ ᠤᠨ ᠰᠢᠨ᠎ᠡ ᠦᠵᠡᠮᠵᠢ ᠶᠢ ᠬᠠᠮᠲᠤ ᠪᠠᠷ ᠴᠣᠭᠴᠠᠯᠠᠨ᠎ᠠ
ᠨᠡᠶᠢᠲᠡᠯᠡᠭᠰᠡᠨ ᠴᠠᠭ᠄
2023/9/26
       9 ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠢᠶᠠᠷ ᠮᠠᠯ ᠠᠵᠤ ᠠᠬᠤᠶ ᠲᠠᠷᠢᠶᠠᠯᠠᠩ ᠢ ᠳᠡᠮᠵᠢᠭᠰᠡᠨ ᠨᠡᠶᠢᠲᠡᠯᠢᠭ ᠵᠢᠱᠢᠶ᠎ᠡ᠂ ᠰᠢᠨ᠎ᠡ ᠶᠢ ᠡᠭᠦᠳᠬᠦ ᠵᠠᠭᠪᠤᠷ ᠤᠨ ᠲᠤᠬᠠᠶ ᠶᠢᠨ ᠲᠠᠯᠠᠪᠠᠶ ᠶᠢᠨ ᠲᠠᠨᠢᠯᠴᠠᠭᠤᠯᠭ᠎ᠠ ᠵᠢᠴᠢ ᠲᠤᠷᠰᠢᠯᠭ᠎ᠠ ᠰᠣᠯᠢᠯᠴᠠᠬᠤ ᠬᠤᠷᠠᠯ ᠠᠷᠤᠨ ᠬᠤᠰᠢᠭᠤᠨ ᠳᠤ ᠬᠤᠷᠠᠯᠳᠤᠵᠤ᠂ ᠮᠥᠩᠭᠦᠨ ᠭᠦᠢᠯᠭᠡᠭᠡᠨ ᠢᠶᠠᠷ ᠮᠠᠯ ᠠᠵᠤ ᠠᠬᠤᠶ ᠲᠠᠷᠢᠶᠠᠯᠠᠩ ᠢ ᠳᠡᠮᠵᠢᠭᠰᠡᠨ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠵᠦ᠂ ᠮᠥᠩᠭᠦᠨ ᠭᠦᠢᠯᠭᠡᠭᠡᠨ ᠢᠶᠠᠷ ᠲᠠᠷᠢᠶᠠᠴᠢᠳ ᠲᠤ ᠠᠰᠢᠭ ᠬᠦᠷᠲᠡᠭᠡᠬᠦ ᠰᠢᠨ᠎ᠡ ᠶᠢ ᠡᠭᠦᠳᠬᠦ ᠵᠠᠭᠪᠤᠷ ᠤᠨ ᠬᠡᠷᠡᠭ ᠤᠨ ᠵᠢᠱᠢᠶ᠎ᠡ ᠶᠢ ᠰᠤᠷᠤᠯᠴᠠᠵᠤ᠂ ︽ᠵᠠᠰᠠᠭ ᠤᠨ ᠣᠷᠳᠣᠨ᠂ ᠮᠥᠩᠭᠦᠨ ᠭᠦᠢᠯᠭᠡᠭᠡᠨ᠂ ᠠᠵᠤ ᠠᠬᠤᠶᠢᠯᠠᠯ︾ ᠤᠨ ᠬᠠᠮᠲᠤᠷᠠᠯᠴᠠᠵᠤ ᠪᠠᠢᠭᠠᠳ ᠬᠠᠮᠲᠤ ᠪᠠᠷ ᠠᠰᠢᠭ ᠭᠥᠷᠳᠡᠬᠦ ᠲᠠᠪᠴᠠᠩ ᠢ ᠪᠠᠶᠢᠭᠤᠯᠵᠤ᠂ ᠮᠥᠩᠭᠦᠨ ᠭᠦᠢᠯᠭᠡᠭᠡᠨ ᠢᠶᠠᠷ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ ᠠᠷᠭ᠎ᠠ ᠵᠠᠮ ᠢ ᠬᠠᠶᠢᠨ ᠰᠦᠪᠡᠭᠴᠢᠯᠡᠬᠦ ᠶᠢ ᠵᠣᠷᠢᠭᠰᠠᠨ ᠪᠠᠶᠢᠨ᠎ᠠ᠃  
0926-3.jpg
          ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠠᠯᠪᠠᠨ ᠬᠡᠷ ᠤᠨ ᠡᠷᠬᠢᠯᠡᠭᠴᠢ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢᠦ ᠶᠦᠩ ᠮᠢᠩ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠰᠢᠶᠤ ᠳ᠋ᠦᠩ᠂ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠬᠤᠤ ᠬᠦᠶ ᠵᠢᠤᠸᠠᠨ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠠᠩ ᠭᠦᠸᠧ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠽᠦᠩ ᠵᠧ ᠵᠢᠴᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠣᠯᠤᠨ ᠡᠯ᠎ᠡ ᠠᠶᠢᠮᠠᠭ ᠬᠤᠲᠠ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠤᠯᠴᠠᠪᠠ᠃ 
0926-4.jpg
           ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠽᠦᠩ ᠵᠧ ᠮᠥᠩᠭᠦᠨ ᠭᠦᠢᠯᠭᠡᠭᠡᠨ ᠢᠶᠠᠷ ᠮᠠᠯ ᠠᠵᠤ ᠠᠬᠤᠶ ᠲᠠᠷᠢᠶᠠᠯᠠᠩ ᠢ ᠳᠡᠮᠵᠢᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠣᠯᠤᠭᠰᠠᠨ ᠠᠮᠵᠢᠯᠲᠠ ᠪᠦᠲᠦᠮᠵᠢ ᠪᠠᠨ ᠲᠠᠨᠢᠯᠴᠠᠭᠤᠯᠪᠠ᠃ ᠠᠶᠢᠮᠠᠭ ᠬᠤᠲᠠ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠪᠣᠯᠤᠨ ᠪᠠᠩᠬᠢ᠂ ᠳᠠᠭᠠᠳᠬᠠᠯ ᠤᠨ ᠪᠠᠶᠢᠭᠤᠯᠤᠮᠵᠢ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠲᠥᠯᠥᠭᠡᠯᠡᠭᠴᠢ ᠲᠣᠰ ᠲᠣᠰ ᠰᠠᠨᠠᠯ ᠢᠶᠠᠨ ᠰᠣᠯᠢᠯᠴᠠᠬᠤ ᠦᠭᠡ ᠬᠡᠯᠡᠪᠡ᠃  
0926-5.jpg
          ᠭᠦᠸᠧ ᠵᠠᠨ ᠵᠢᠶᠠᠩ ᠪᠥᠬᠦ ᠣᠷᠣᠨ ᠤ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠮᠠᠯ ᠠᠵᠤ ᠠᠬᠤᠶ ᠶᠢ ᠳᠡᠮᠵᠢᠬᠦ ᠠᠵᠢᠯ ᠤᠨ ᠴᠢᠬᠤᠯᠠ ᠴᠢᠨᠠᠷ ᠢ ᠪᠥᠬᠦ ᠲᠠᠯ᠎ᠠ ᠪᠠᠷ ᠲᠣᠳᠣᠷᠬᠠᠶᠢᠯᠠᠨ ᠥᠭᠦᠯᠡᠪᠡ᠃ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠪᠣᠯ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠤᠨ᠎ᠠ᠃ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ ᠪᠣᠯ ᠨᠡᠩ ᠴᠤ ᠥᠷᠭᠡᠨ ᠤᠯᠠᠨ ᠮᠠᠯ ᠠᠵᠤ ᠠᠬᠤᠢ ᠲᠠᠷᠢᠶᠠᠯᠠᠩ ᠤᠨ ᠠᠵᠢᠯᠳᠠᠨ ᠤ ᠢᠷᠠᠭᠤ ᠠᠯᠳᠠᠷᠲᠤ ᠡᠭᠦᠷᠭᠡ ᠪᠣᠯᠤᠨ᠎ᠠ᠃ ᠪᠦᠬᠦ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠤ ᠪᠤᠳᠠᠭᠠᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠲᠠᠢ ᠰᠢᠭᠤᠳ ᠬᠤᠯᠪᠣᠭᠳᠠᠵᠤ᠂ ᠤᠯᠤᠰ ᠤᠨ ︽ᠠᠮᠤ ᠶᠢᠨ ᠰᠠᠩ︾᠂ ︽ᠮᠢᠬᠠᠨ ᠤ ᠬᠥᠮᠥᠷᠭᠡ︾᠂ ︽ᠰᠦᠨ ᠰᠠᠪᠠ︾ ︽ᠨᠣᠯᠤᠤᠷ ᠤᠨ ᠬᠤᠲᠠ︾ ᠭᠡᠬᠦ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠨ᠎ᠠ᠃  
0926-6.jpg
          ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠠᠭᠤᠷᠢᠨ ᠢ ᠰᠢᠯᠢᠳᠡᠭ ᠪᠠᠶᠢᠭᠤᠯᠵᠤ ᠬᠦᠴᠦᠷᠬᠡᠭᠵᠢᠭᠦᠯᠬᠦ ᠪᠣᠯ ᠮᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠃ ᠮᠥᠩᠭᠦᠨ ᠭᠦᠢᠯᠭᠡᠭᠡ ᠪᠣᠯ ᠠᠵᠤ ᠠᠬᠤᠢ ᠶᠢᠨ ᠠᠮᠢᠨ ᠰᠤᠳᠠᠰᠤ ᠮᠥᠨ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠴᠢᠬᠤᠯᠠ ᠬᠦᠴᠦᠨ ᠮᠥᠨ᠃ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠮᠠᠯ ᠠᠵᠤ ᠠᠬᠤᠶ ᠶᠢ ᠳᠡᠮᠵᠢᠬᠦ ᠶᠢ ᠠᠬᠢᠭᠤᠯᠬᠤ ᠳᠤ᠂ ᠬᠢᠬᠦ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠠᠰᠠᠭᠤᠳᠠᠯ᠂ ᠬᠦᠷᠢᠶ᠎ᠡ ᠴᠠᠷᠠᠭ᠎ᠠ᠂ ᠠᠷᠭ᠎ᠠ ᠵᠠᠮ ︽ᠭᠤᠷᠪᠠᠨ ᠵᠠᠩᠭᠢᠯᠠᠭ᠎ᠠ︾ ᠶᠢ ᠣᠨᠣᠪᠴᠢᠲᠠᠶ ᠡᠷᠢᠵᠦ᠂ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠮᠠᠯ ᠠᠵᠤ ᠠᠬᠤᠶ ᠶᠢ ᠳᠡᠮᠵᠢᠬᠦ ᠬᠦᠴᠦᠯᠡᠴᠡ ᠶᠢᠨ ᠴᠡᠭ ᠪᠠ ᠰᠢᠪᠲᠤᠯᠤᠯᠲᠠ ᠶᠢᠨ ᠴᠡᠭ ᠢ ᠣᠨᠣᠪᠴᠢᠲᠠᠶ ᠡᠷᠢᠵᠦ᠂ ᠮᠥᠩᠭᠦᠨ ᠭᠦᠢᠯᠭᠡᠭᠡᠨ ᠤ ᠳᠠᠭᠠᠳᠬᠠᠯ ᠢ ᠶᠡᠬᠡᠪᠡᠷ ᠠᠳᠬᠤᠬᠤ᠂ ︽ᠲᠥᠷᠥᠯ ᠵᠦᠢᠯ ᠢᠶᠠᠷ ᠭᠤᠤᠯ ᠪᠣᠯᠭᠠᠬᠤ︾ ᠣᠶᠢᠯᠠᠭᠠᠭᠳᠠᠬᠤᠨ ᠢ ᠪᠣᠶ ᠪᠣᠯᠭᠠᠵᠤ᠂ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠮᠠᠯ ᠠᠵᠤ ᠠᠬᠤᠶ ᠶᠢ ᠳᠡᠮᠵᠢᠬᠦ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠶ᠃      ᠬᠤᠷᠠᠯ ᠤᠨ ᠬᠤᠭᠤᠴᠠᠭᠠᠨ ᠳᠤ᠂ ︽ᠪᠥᠬᠦ ᠣᠷᠣᠨ ᠤ 2023 ᠣᠨ ᠤ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠮᠠᠯ ᠠᠵᠤ ᠠᠬᠤᠶ ᠶᠢ ᠳᠡᠮᠵᠢᠭᠰᠡᠨ ᠠᠷᠪᠠᠨ ᠶᠡᠭᠡ ᠨᠡᠶᠢᠲᠡᠯᠢᠭ ᠵᠢᠱᠢᠶ᠎ᠡ︾᠂ ︽ᠪᠥᠬᠦ ᠣᠷᠣᠨ ᠤ 2023 ᠣᠨ ᠤ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠮᠠᠯ ᠠᠵᠤ ᠠᠬᠤᠶ ᠶᠢ ᠳᠡᠮᠵᠢᠭᠰᠡᠨ ᠠᠷᠪᠠᠨ ᠶᠡᠭᠡ ᠰᠢᠨ᠎ᠡ ᠶᠢ ᠡᠭᠦᠳᠬᠦ ᠵᠠᠭᠪᠤᠷ︾ ᠢ ᠢᠷᠠᠭᠤ ᠠᠯᠳᠠᠷᠲᠠᠶ ᠪᠠᠷ ᠭᠥᠷᠳᠡᠭᠰᠡᠨ ᠮᠥᠩᠭᠦᠨ ᠭᠦᠢᠯᠭᠡᠭᠡᠨ᠂ ᠳᠠᠭᠠᠳᠬᠠᠯ ᠤᠨ ᠪᠠᠶᠢᠭᠤᠯᠤᠮᠵᠢ ᠳᠤ ᠱᠠᠩᠨᠠᠯ ᠣᠯᠭᠤᠵᠤ᠂ ᠡᠯ᠎ᠡ ᠠᠵᠤ ᠠᠬᠤᠶᠢᠯᠠᠯ ᠤᠨ ᠬᠤᠶᠢᠰᠢᠳᠠ ᠶᠢᠨ ᠠᠵᠢᠯ ᠤᠨ ᠳᠤᠮᠳᠠ ᠨᠠᠩ ᠣᠯᠠᠨ ᠰᠠᠶᠢᠨ ᠦᠢᠯᠡᠳᠭᠦᠨ᠂ ᠬᠡᠷᠡᠭ ᠤᠨ ᠵᠢᠱᠢᠶ᠎ᠡ ᠪᠠ ᠦᠢᠯᠡᠴᠢᠯᠡᠭᠡᠨ ᠤ ᠵᠠᠭᠪᠤᠷ ᠲᠠᠢ ᠪᠣᠯᠬᠤ ᠶᠢ ᠵᠣᠷᠢᠭᠵᠢᠭᠤᠯᠪᠠ᠃ ᠡᠭᠦᠨ ᠤ ᠬᠠᠮᠲᠤ ᠪᠠᠰᠠ ᠠᠷᠤᠨ ᠬᠤᠰᠢᠭᠤᠨ ᠤ ︽ᠮᠥᠩᠭᠦᠨ ᠭᠦᠢᠯᠭᠡᠭᠡᠨ ᠤ ᠳᠡᠳ᠋ ᠳᠠᠷᠤᠭ᠎ᠠ︾ ᠳᠤ ᠮᠥᠩᠭᠦᠨ ᠭᠦᠢᠯᠭᠡᠭᠡᠨ ᠤ ᠲᠠᠷᠢᠶᠠᠯᠠᠩ ᠮᠠᠯ ᠠᠵᠤ ᠠᠬᠤᠶ ᠶᠢ ᠳᠡᠮᠵᠢᠬᠦ ᠦᠢᠯᠡᠳᠭᠦᠨ ᠤ ᠭᠠᠷ ᠳᠡᠪᠲᠡᠷ᠂ ᠲᠥᠷᠥ ᠶᠢᠨ ᠪᠣᠳᠣᠯᠭ᠎ᠠ ᠶᠢᠨ ᠡᠮᠬᠢᠳᠬᠡᠯ ᠣᠯᠭᠤᠪᠠ᠃            ᠡᠯ᠎ᠡ ᠪᠠᠩᠬᠢ᠂ ᠳᠠᠭᠠᠳᠬᠠᠯ ᠤᠨ ᠪᠠᠶᠢᠭᠤᠯᠤᠮᠵᠢ ᠨᠢ ᠪᠠᠰᠠ ᠲᠤᠬᠠᠶ ᠶᠢᠨ ᠲᠠᠯᠠᠪᠠᠶ ᠳᠤ ᠥᠪᠡᠷ ᠥᠪᠡᠷ ᠤᠨ ᠦᠢᠯᠡᠴᠢᠯᠡᠭᠡᠨ ᠤ ᠵᠠᠭᠪᠤᠷ ᠪᠠ ᠮᠥᠩᠭᠦᠨ ᠭᠦᠢᠯᠭᠡᠭᠡᠨ ᠤ ᠨᠡᠷᠡᠳᠬᠦᠨ ᠢᠶᠠᠨ ᠲᠠᠨᠢᠯᠴᠠᠭᠤᠯᠵᠤ᠂ ᠠᠳᠠᠯᠢ ᠪᠤᠰᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠬᠠᠷᠢᠯᠴᠠᠨ ᠵᠣᠯᠭᠠᠯᠳᠤᠬᠤ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠣᠨᠴᠠᠯᠢᠭ ᠲᠤ ᠨᠡᠶᠢᠴᠡᠭᠰᠡᠨ᠂ ᠮᠠᠯᠴᠢᠨ ᠲᠠᠷᠢᠶᠠᠴᠢᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠮᠥᠩᠭᠦᠨ ᠭᠦᠢᠯᠭᠡᠭᠡᠨ ᠤ ᠨᠡᠷᠡᠳᠬᠦᠨ ᠪᠠ ᠦᠢᠯᠡᠴᠢᠯᠡᠭᠡ ᠶᠢ ᠨᠡᠭᠡᠭᠡᠨ ᠬᠥᠭᠵᠢᠭᠦᠯᠵᠦ ᠡᠭᠦᠳᠦᠨ ᠪᠠᠶᠢᠭᠤᠯᠤᠨ᠎ᠠ᠃    
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ