ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠢᠭᠡᠳ ᠥᠪᠥᠷ ᠮᠣᠩᠭᠤᠯ ᠤᠨ ᠡᠸᠡᠩᠬᠢ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠵᠠᠰᠠᠭ ᠪᠠᠩᠬᠢ ᠶᠢᠨ ᠬᠠᠮᠲᠤᠷᠠᠯᠴᠠᠭᠠᠨ ᠤ ᠲᠣᠶᠢᠮᠣᠴᠢᠯᠠᠭᠰᠠᠨ ᠲᠣᠬᠢᠷᠠᠯᠴᠠᠭ᠎ᠠ ᠲᠣᠭᠲᠠᠪᠠ
ᠨᠡᠶᠢᠲᠡᠯᠡᠭᠰᠡᠨ ᠴᠠᠭ᠄
2023/9/26
       ︽ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ  ᠥᠢᠯᠡᠴᠢᠯᠡᠭᠡ ᠶᠢ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠪᠦᠬᠦ ᠲᠠᠯ᠎ᠠ  ᠪᠠᠷ ᠲᠦᠯᠬᠢᠨ ᠠᠬᠢᠭᠤᠯᠬᠤ ᠶᠢᠨ ᠲᠥᠯᠥᠭᠡ᠂ ︽ᠵᠠᠰᠠᠭ ᠤᠨ ᠶᠠᠪᠤᠳᠠᠯ + ᠮᠥᠩᠭᠦᠨ ᠭᠦᠢᠯᠭᠡᠭᠡᠨ︾ ᠤ ᠬᠠᠮᠲᠤᠷᠠᠯᠴᠠᠭᠠᠨ ᠤ ᠵᠠᠭᠪᠤᠷ ᠢ ᠠᠬᠢᠭᠤᠯᠵᠤ᠂ ᠵᠠᠰᠠᠭ ᠤᠨ ᠶᠠᠪᠤᠳᠠᠯ ᠢ ︽ᠣᠶᠢᠷ᠎ᠠ ᠬᠠᠪᠢ ᠳᠠᠭᠠᠨ ᠭᠦᠢᠴᠡᠳᠬᠡᠬᠦ᠂ ᠳᠠᠷᠤᠶᠢᠬᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠠᠵᠢᠯ ᠢ ᠲᠣᠭᠲᠠᠪᠣᠷᠢᠲᠠᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮᠴᠢᠯᠡᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠶᠢᠷ᠎ᠠ ᠶᠢᠨ ᠡᠳᠦᠷ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠣᠯᠣᠨ ᠥᠪᠥᠷ ᠮᠣᠩᠭᠤᠯ ᠤᠨ ᠡᠸᠡᠩᠬᠢ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠵᠠᠰᠠᠭ ᠪᠠᠩᠬᠢ ᠶᠢᠨ ᠬᠠᠮᠲᠤᠷᠠᠯᠴᠠᠭᠠᠨ ᠤ ᠲᠣᠶᠢᠮᠣᠴᠢᠯᠠᠭᠰᠠᠨ  ᠲᠣᠬᠢᠷᠠᠯᠴᠠᠭ᠎ᠠ ᠳᠤ ᠭᠠᠷ ᠤᠨ ᠥᠰᠥᠭ ᠵᠢᠷᠤᠬᠤ ᠶᠣᠰᠣᠯᠠᠯ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠪᠣᠯᠪᠠ᠃ 
0926-7.png
            ᠵᠠᠰᠠᠭ ᠪᠠᠩᠬᠢ ᠶᠢᠨ ᠬᠠᠮᠲᠤᠷᠠᠯᠴᠠᠭ᠎ᠠ ᠪᠣᠯ ᠴᠢᠬᠤᠯᠠ ᠶᠡᠭᠡ ᠠᠴᠢ ᠬᠤᠯᠪᠣᠭᠳᠠᠯ ᠲᠠᠢ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠳᠠᠪᠠᠭᠤᠯᠢᠭ ᠪᠣᠯᠣᠨ ᠪᠠᠩᠬᠢ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠳᠠᠪᠠᠭᠤᠯᠢᠭ ᠤᠨ ᠬᠠᠷᠢᠯᠴᠠᠨ ᠠᠰᠢᠭ ᠬᠦᠷᠲᠡᠭᠡᠬᠦ ᠪᠠᠷ ᠰᠠᠭᠤᠷᠢ ᠪᠣᠯᠭᠠᠵᠤ᠂ ᠤᠷᠳᠤ ᠬᠤᠭᠤᠴᠠᠭᠠᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠬᠤ ᠶᠢ ᠰᠠᠨᠠᠯ ᠨᠢᠭᠡᠲᠡᠢ ᠵᠥᠪᠰᠢᠶᠡᠷᠡᠵᠦ᠂ ᠵᠠᠰᠠᠭ ᠪᠠᠩᠬᠢ ᠶᠢᠨ ᠬᠠᠮᠲᠤᠷᠠᠯᠴᠠᠭᠠᠨ ᠤ ᠲᠣᠶᠢᠮᠣᠴᠢᠯᠠᠭᠰᠠᠨ  ᠲᠣᠬᠢᠷᠠᠯᠴᠠᠭ᠎ᠠ ᠲᠤᠭᠲᠠᠪᠠ᠃  
0926-8.png
           ᠳᠠᠷᠠᠭᠠᠴᠢ ᠶᠢᠨ ᠠᠯᠬᠤᠮ ᠳᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠣᠯᠣᠨ ᠥᠪᠥᠷ ᠮᠣᠩᠭᠤᠯ ᠤᠨ ᠡᠸᠡᠩᠬᠢ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ︽ᠬᠠᠤᠯᠢ ᠶᠣᠰᠣᠭᠠᠷ ᠠᠬᠢᠭᠤᠯᠬᠤ᠂ ᠤᠨᠢᠨ ᠳᠡᠭᠡᠷ᠎ᠡ ᠨᠢ ᠬᠦᠴᠦᠯᠡᠬᠦ᠂ ᠲᠣᠭᠲᠠᠭᠤᠨ ᠢᠶᠠᠷ ᠬᠡᠷᠡᠭᠵᠢᠭᠦᠯᠬᠦ᠂ ᠵᠠᠰᠠᠭ ᠪᠠᠩᠬᠢ ᠬᠠᠮᠵᠢᠯᠴᠠᠬᠤ︾ ᠠᠵᠢᠯ ᠤᠨ ᠵᠠᠷᠴᠢᠮ ᠶᠣᠰᠣᠭᠠᠷ᠂ ︽ᠮᠡᠳᠡᠭᠡ ᠵᠠᠩᠭᠢ ᠶᠢ ᠬᠤᠪᠢᠶᠠᠯᠴᠠᠬᠤ᠂ ᠬᠦᠭᠵᠢᠯ ᠬᠦᠷᠦᠩᠭᠡ ᠶᠢ ᠬᠤᠷᠰᠢᠶᠠᠯᠠᠬᠤ᠂ ᠳᠥᠭᠦᠮ ᠳᠥᠲᠡ ᠬᠡᠷᠡᠭᠯᠡᠬᠦ ᠳᠤ ᠬᠢᠯᠪᠠᠷ᠂ ᠣᠶᠤᠨᠴᠢ ᠪᠠᠷ ᠦᠢᠯᠡᠴᠢᠯᠡᠬᠦ︾ ᠣᠶᠢᠯᠠᠭᠠᠭᠳᠠᠬᠤᠨ ᠢᠶᠠᠷ ᠡᠸᠡᠩᠬᠢ ᠶᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠲᠣᠣᠷ ᠴᠡᠭ ᠤᠨ ᠬᠤᠲᠠ ᠬᠥᠳᠡᠭᠡ ᠶᠢ ᠬᠠᠮᠤᠷᠬᠤ᠂ ᠣᠯᠠᠨ ᠲᠦᠮᠡᠨ ᠲᠠᠢ ᠣᠶᠢᠷᠠᠳᠬᠤ᠂  ᠴᠢᠨᠠᠷ ᠰᠠᠶᠢᠲᠠᠢ ᠦᠢᠯᠡᠴᠢᠯᠡᠭᠡ  ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠦᠢᠯᠡᠴᠢᠯᠡᠭᠡᠨ ᠤ ᠡᠬᠢ ᠪᠠᠶᠠᠯᠢᠭ ᠢ ᠨᠡᠶᠢᠳᠭᠡᠵᠦ᠂ ᠵᠠᠰᠠᠭ ᠪᠠᠩᠬᠢ ᠶᠢᠨ ᠦᠢᠯᠡᠴᠢᠯᠡᠭᠡᠨ ᠤ ᠵᠦᠢᠯᠡᠰ ᠢ ᠳᠠᠪᠬᠤᠴᠠᠭᠤᠯᠤᠨ᠂ ᠪᠠᠩᠬᠢ ᠶᠢᠨ ᠲᠣᠣᠷ ᠴᠡᠭ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠣᠷ ᠴᠡᠭ ᠪᠣᠯᠭᠠᠨ ᠬᠤᠪᠢᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠣᠷ ᠴᠡᠭ ᠢ ᠪᠠᠩᠬᠢ ᠶᠢᠨ ᠦᠢᠯᠡᠴᠢᠯᠡᠭᠡᠨ ᠤ ᠲᠣᠣᠷ ᠴᠡᠭ ᠪᠣᠯᠭᠠᠨ ᠬᠤᠪᠢᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠣᠶᠢᠷ᠎ᠠ ᠬᠠᠪᠢ ᠳᠠᠭᠠᠨ ᠭᠦᠢᠴᠡᠳᠬᠡᠬᠦ᠂ ᠣᠯᠠᠨ ᠭᠠᠵᠠᠷ ᠲᠤ ᠭᠦᠢᠴᠡᠳᠬᠡᠬᠦ︾ ᠶᠢ ᠠᠬᠢᠭᠤᠯᠤᠨ᠂ ᠵᠠᠰᠠᠭ ᠪᠠᠩᠬᠢ ᠶᠢᠨ ᠬᠠᠮᠲᠤᠷᠠᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠨᠠᠩ ᠰᠠᠶᠢᠨ ᠪᠣᠯᠭᠠᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃  
0926-9.png
ᠢᠷᠡᠯᠲᠡ᠄ ᠡᠸᠡᠩᠭᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ