ᠪᠥᠬᠦ ᠬᠤᠲᠠ ᠶᠢᠨ ᠰᠣᠶᠣᠯ ᠤᠨ ᠡᠵᠡᠩᠨᠡᠯᠲᠡ ᠶᠢᠨ ᠲᠠᠯᠠᠪᠤᠷ ᠤᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠰᠣᠶᠣᠯ ᠤᠨ ᠡᠵᠡᠩᠨᠡᠯᠲᠡ ᠶᠢᠨ ᠲᠠᠯᠠᠪᠤᠷ ᠤᠨ ᠠᠶᠤᠯᠭᠦᠶ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠰᠣᠶᠣᠯ ᠤᠨ ᠡᠵᠡᠩᠨᠡᠯᠲᠡ ᠶᠢᠨ ᠥᠮᠴᠢᠲᠡᠨ ᠤ ᠬᠠᠤᠯᠢ ᠶᠢ ᠰᠠᠬᠢᠵᠤ ᠡᠵᠡᠩᠨᠡᠬᠦ ᠤᠬᠠᠮᠰᠠᠷ ᠢ ᠴᠢᠩᠭᠠᠳᠬᠠᠵᠤ᠂ ᠡᠯ᠎ᠡ ᠲᠥᠷᠥᠯ ᠤᠨ ᠠᠮᠤᠷ | ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠤᠶᠢᠷ᠎ᠠ ᠶᠢᠨ ᠡᠳᠦᠷ᠂ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠢᠨᠲ᠋ᠤᠷ ᠰᠦᠯᠵᠢᠶᠡᠨ ᠤ ᠰᠦᠯᠵᠢᠶᠡᠨ ᠳᠤ ᠭᠠᠷᠬᠤ ᠦᠢᠯᠡᠴᠢᠯᠡᠭᠡᠨ ᠤ ᠲᠠᠯᠠᠪᠤᠷ ᠤᠨ | ᠶᠠᠷᠢᠯᠴᠠᠬᠤ ᠬᠤᠷᠠᠯ ᠬᠤᠷᠠᠯᠳᠤᠭᠤᠯᠪᠠ᠃ | ᠬᠤᠷᠠᠯ ᠠᠴᠠ ᠠᠶᠤᠯᠭᠦᠶ ᠦᠢᠯᠡᠳᠪᠦᠷᠢᠯᠡᠯ ᠤᠨ ᠠᠵᠢᠯ ᠪᠣᠯᠤᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠠᠵᠢᠯ ᠤᠨ ᠬᠠᠮᠢᠶ᠎ᠠ ᠪᠦᠬᠦᠢ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠭᠦᠨ ᠤ ᠬᠠᠮᠲᠤ ᠣᠶᠢᠷ᠎ᠠ ᠶᠢᠨ ᠬᠤᠭᠤᠴᠠᠭᠠᠨ ᠤ ᠠᠵᠢᠯ ᠳᠤ ᠪᠠᠶᠢᠷᠢᠯᠠᠭᠤᠯᠤᠯᠲᠠ ᠬᠢᠵᠦ᠂ ᠡᠵᠡᠩᠨᠡᠯᠲᠡ | ᠡᠵᠡᠩᠨᠡᠯᠲᠡ ᠳᠤ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠰᠠᠶᠢᠲᠤᠷ ᠭᠦᠢᠴᠡᠳᠬᠡᠵᠦ᠂ ᠠᠮᠤᠷ | ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠢ ᠬᠢᠨᠠᠮᠠᠭᠠᠶ ᠥᠷᠨᠢᠭᠦᠯᠦᠨ᠂ | ᠠᠶᠤᠯᠭᠦᠶ ᠦᠢᠯᠡᠳᠪᠦᠷᠢᠯᠡᠯ ᠤᠨ ᠲᠠᠩᠰᠠ ᠡᠪᠬᠡᠮᠡᠯ ᠢ ᠪᠠᠶᠢᠭᠤᠯᠤᠨ ᠪᠦᠷᠢᠨᠰᠢᠬᠦᠯᠵᠦ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠦᠨᠡᠨ ᠬᠦ ᠪᠣᠳᠠᠲᠠᠶ ᠳᠤ | ᠨᠠᠶᠢᠳᠠᠪᠤᠷᠢᠵᠢᠭᠤᠯᠬᠤ ᠶᠢᠨ ᠬᠠᠮᠲᠤ ᠤᠳᠠᠯ ᠥᠬᠡᠶ ᠬᠦᠷᠴᠦ ᠢᠷᠡᠬᠦ ᠭᠡᠵᠦ ᠪᠠᠶᠢᠭ᠎ᠠ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠬᠠᠤᠯᠢ ᠲᠣᠭᠲᠠᠭᠠᠯ | ᠶᠣᠰᠣᠭᠠᠷ ᠡᠵᠡᠩᠨᠡᠵᠦ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ | ᠬᠤᠷᠠᠯ ᠤᠨ ᠳᠠᠷᠠᠭ᠎ᠠ᠂ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠢᠨᠲ᠋ᠧᠷ | ᠰᠦᠯᠵᠢᠶᠡᠨ ᠤ ᠰᠦᠯᠵᠢᠶᠡᠨ ᠳᠤ ᠭᠠᠷᠬᠤ 13 ᠦᠢᠯᠡᠴᠢᠯᠡᠭᠡᠨ ᠤ ᠲᠠᠯᠠᠪᠤᠷ ᠤᠨ ᠬᠠᠷᠢᠭᠤᠴᠠᠯᠭᠠᠲᠠᠨ ᠲᠠᠢ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠪᠢᠴᠢᠭ ᠲᠤ ᠭᠠᠷ ᠤᠨ ᠥᠰᠥᠭ ᠵᠢᠷᠤᠪᠠ᠃ | | |