ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠭᠦᠯᠦᠭᠰᠡᠨ ᠬᠡᠷᠡᠭ ᠢ ᠱᠠᠯᠠᠪᠳᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠥᠭᠡᠷᠡᠴᠢᠯᠡᠬᠦ ᠲᠤᠬᠠᠢ ᠢᠯᠡ ᠪᠤᠯᠭᠠᠬᠰᠠᠨ ​ᠪᠠᠶᠢᠳᠠᠯ ︵ᠶᠢᠰᠦ︶
ᠨᠡᠶᠢᠲᠡᠯᠡᠭᠰᠡᠨ ᠴᠠᠭ᠄
2023/9/26
       2023 ᠣᠨ ᠤ 9 ᠰᠠᠷ᠎ᠠ ᠶᠢᠨ 11 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠬᠥᠯᠥᠨ ᠪᠤᠶᠢᠷ ᠬᠤᠲᠠ ᠳᠤ ᠣᠷᠴᠢᠨ ᠲᠣᠭᠤᠷᠢᠨ ᠤ ᠬᠦᠷᠢᠶᠡᠨ ᠳᠠᠬᠢ ᠣᠯᠠᠨ ᠲᠦᠮᠡᠨ ᠳᠤ ᠬᠤᠯᠪᠣᠭᠳᠠᠬᠤ 10 ᠪᠦᠯᠦᠭ ᠤᠳᠠᠭ᠎ᠠ ᠶᠢᠨ ᠢᠯᠡᠴᠢᠯᠡᠨ ᠮᠡᠳᠡᠭᠦᠯᠦᠭᠰᠡᠨ137 ᠬᠡᠷᠡᠭ ᠢ ᠲᠤᠰᠢᠶᠠᠨ ᠰᠢᠢᠳᠪᠦᠷᠢᠯᠡᠭᠦᠯᠵᠦ᠂ ᠡᠭᠦᠨ ᠳᠤ ᠭᠤᠣᠯᠳᠠᠯᠭ᠎ᠠ  ᠲᠠᠢ ᠠᠩᠬᠠᠷᠴᠤ ᠪᠠᠶᠢᠭ᠎ᠠ ᠬᠡᠷᠡᠭ 37 ᠪᠠᠶᠢᠵᠤ᠂ ᠵᠠᠯᠠᠨ ᠠᠶᠢᠯ ᠬᠤᠲᠠ᠂ ᠠᠷᠤᠨ ᠬᠤᠰᠢᠭᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠶᠠᠭᠰᠢ ᠬᠤᠲᠠ᠂ ᠰᠢᠨ᠎ᠡ ᠪᠠᠷᠭᠤ ᠪᠠᠷᠠᠭᠤᠨ ᠬᠤᠰᠢᠭᠤ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠭᠡᠭᠡᠨ ᠭᠤᠣᠯ ᠬᠤᠲᠠ᠂ ᠰᠢᠨ᠎ᠡ ᠪᠠᠷᠭᠤ ᠵᠡᠭᠦᠨ ᠬᠤᠰᠢᠭᠤ᠂ ᠡᠷᠭᠦᠨ᠎ᠡ ᠬᠤᠲᠠ ᠲᠠᠢ ᠬᠤᠯᠪᠣᠭᠳᠠᠵᠤ ᠪᠤᠢ᠃       ᠪᠣᠬᠢᠷᠳᠤᠯ ᠤᠨ ᠲᠥᠷᠥᠯ ᠢᠶᠠᠷ ᠨᠢ ᠬᠤᠪᠢᠶᠠᠪᠠᠯ ︵ᠬᠡᠰᠡᠭ ᠬᠡᠷᠡᠭ  ᠨᠢ ᠣᠯᠠᠨ ᠵᠦᠢᠯ ᠤᠨ  ᠪᠣᠬᠢᠷᠳᠤᠯ ᠳᠤ  ᠬᠤᠯᠪᠣᠭᠳᠠᠵᠤ ᠪᠤᠢ︶᠂ ᠠᠮᠢ ᠠᠬᠤᠢ ᠶᠢᠨ ᠲᠥᠷᠥᠯ 64 ᠬᠤᠪᠢ︵46.72% ᠤᠨ ᠬᠠᠷᠢᠴᠠᠯ ᠢ ᠡᠵᠡᠯᠡᠨ᠎ᠡ︶᠂ ᠠᠭᠠᠷ ᠮᠠᠨᠳᠠᠯ ᠤᠨ ᠪᠣᠬᠢᠷᠳᠤᠯ ᠤᠨ ᠲᠥᠷᠥᠯ 35 ᠬᠤᠪᠢ ( 25.55% ᠶᠢᠨ ᠬᠠᠷᠢᠴᠠᠯ ᠢ ᠡᠵᠡᠯᠡᠨ᠎ᠡ )᠂ ᠤᠰᠤᠨ ᠤ ᠪᠣᠬᠢᠷᠳᠤᠯ ᠤᠨ ᠲᠥᠷᠥᠯ 19 ᠬᠤᠪᠢ︵13.87% ᠶᠢᠨ ᠬᠠᠷᠢᠴᠠᠯ ᠢ ᠡᠵᠡᠯᠡᠨ᠎ᠡ︶᠂ ᠲᠠᠭᠤ ᠱᠤᠤᠭᠢᠶᠠᠨ ᠤ ᠪᠣᠬᠢᠷᠳᠤᠯ ᠤᠨ ᠲᠥᠷᠥᠯ 9 ᠬᠤᠪᠢ ︵6.57% ᠶᠢᠨ ᠬᠠᠷᠢᠴᠠᠯ ᠢ ᠡᠵᠡᠯᠡᠨ᠎ᠡ︶᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠳᠤᠯ ᠤᠨ ᠲᠥᠷᠥᠯ 7 ᠬᠤᠪᠢ ( 5.1% ᠶᠢᠨ ᠬᠠᠷᠢᠴᠠᠯ ᠢ ᠡᠵᠡᠯᠡᠨ᠎ᠡ )᠂ ᠬᠥᠷᠥᠰᠥ ᠰᠢᠷᠣᠢ ᠶᠢᠨ ᠪᠣᠬᠢᠷᠳᠤᠯ ᠤᠨ ᠲᠥᠷᠥᠯ 2 ᠬᠤᠪᠢ ( 1.46% ᠶᠢᠨ ᠬᠠᠷᠢᠴᠠᠯ ᠢ ᠡᠵᠡᠯᠡᠨ᠎ᠡ )᠂ ᠪᠤᠰᠤᠳ ᠪᠣᠬᠢᠷᠳᠤᠯ ᠤᠨ ᠲᠥᠷᠥᠯ 1 ᠬᠤᠪᠢ ( 0.7% ᠶᠢᠨ ᠬᠠᠷᠢᠴᠠᠯ ᠢ ᠡᠵᠡᠯᠡᠨ᠎ᠡ )᠃ ᠲᠤᠭ᠎ᠠ ᠬᠡᠮᠵᠢᠶ᠎ᠡ ᠪᠠᠷ ᠨᠢ ᠵᠢᠭᠰᠠᠭᠠᠪᠠᠯ᠂ ᠵᠠᠯᠠᠨ ᠠᠶᠢᠯ ᠬᠤᠲᠠ 35᠂ ᠬᠠᠶᠢᠯᠠᠷ ᠲᠣᠭᠤᠷᠢᠭ 29᠂ ᠠᠷᠤᠨ ᠬᠤᠰᠢᠭᠤ 21᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ 12︵ᠡᠭᠦᠨ ᠳᠤ 1 ᠬᠤᠪᠢ ᠶᠢ ᠨᠢ ᠬᠥᠯᠥᠨ ᠪᠤᠶᠢᠷ ᠬᠤᠳᠡ ᠶᠢᠨ ᠤᠢ ᠰᠢᠭᠤᠢ ᠪᠠ ᠲᠠᠯ᠎ᠠ ᠨᠤᠲᠤᠭ ᠤᠨ ᠲᠣᠪᠴᠢᠶ᠎ᠠ ᠠᠴᠠ ᠰᠢᠢᠳᠪᠦᠷᠢᠯᠡᠨ᠎ᠡ︶᠂ ᠶᠠᠭᠰᠢ ᠬᠤᠲᠠ 11 ︵ᠡᠭᠦᠨ ᠳᠤ 1 ᠬᠤᠪᠢ ᠶᠢ ᠨᠢ ᠬᠥᠯᠥᠨ ᠪᠤᠶᠢᠷ ᠬᠤᠳᠡ ᠶᠢᠨ ᠤᠢ ᠰᠢᠭᠤᠢ ᠪᠠ ᠲᠠᠯ᠎ᠠ ᠨᠤᠲᠤᠭ ᠤᠨ ᠲᠣᠪᠴᠢᠶ᠎ᠠ ᠠᠴᠠ ᠰᠢᠢᠳᠪᠦᠷᠢᠯᠡᠨ᠎ᠡ︶᠂ ᠬᠠᠭᠤᠴᠢᠨ ᠪᠠᠷᠭᠤ ᠬᠤᠰᠢᠭᠤ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠲᠤᠰ ᠪᠦᠷᠢ 6᠂ ᠣᠷᠴᠣᠨ ᠤ ᠥᠪᠡᠷᠲᠡᠭᠡᠨ ᠵᠠᠰᠠᠬᠤ ᠬᠤᠰᠢᠭᠤ 5᠂ ᠰᠢᠨ᠎ᠡ ᠪᠠᠷᠭᠤ ᠪᠠᠷᠠᠭᠤᠨ ᠬᠤᠰᠢᠭᠤ 3᠂ ᠭᠡᠭᠡᠨ ᠭᠤᠣᠯ ᠬᠤᠲᠠ᠂ ᠵᠠᠯᠠᠶᠢᠨᠠᠭᠤᠷ ᠲᠣᠭᠤᠷᠢᠭ᠂ ᠡᠷᠭᠦᠨ᠎ᠡ ᠬᠤᠲᠠ ᠲᠣᠰ ᠪᠦᠷᠢ 2᠂ ᠰᠢᠨ᠎ᠡ ᠪᠠᠷᠭᠤ ᠵᠡᠭᠦᠨ ᠬᠤᠰᠢᠭᠤ᠂ ᠮᠠᠨᠵᠤᠤᠷ ᠬᠤᠲᠠ᠂ ᠬᠥᠯᠥᠨ ᠪᠤᠶᠢᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ  ᠶᠢᠨ ᠲᠣᠭᠤᠷᠢᠭ ᠲᠣᠰ ᠪᠦᠷᠢ 1 ᠬᠤᠪᠢ ᠪᠤᠶ᠃ ᠳᠡᠭᠡᠷᠡᠬᠢ ᠬᠡᠷᠡᠭ ᠢ ᠴᠥᠮ ᠬᠤᠯᠪᠣᠭᠳᠠᠯ ᠪᠦᠬᠦᠢ ᠬᠤᠰᠢᠭᠤ ᠬᠤᠲᠠ ᠲᠣᠭᠤᠷᠢᠭ ᠲᠤ ᠰᠢᠯᠵᠢᠭᠦᠯᠦᠨ ᠰᠢᠢᠳᠪᠦᠷᠢᠯᠡᠵᠦ ᠪᠤᠢ᠃       ᠣᠳᠣᠬᠠᠨ ᠳᠤ᠂ ᠪᠦᠭᠦ ᠬᠤᠲᠠ ᠶᠢᠨ 4 ᠪᠦᠯᠦᠭ ᠤᠳᠠᠭ᠎ᠠ ᠶᠢᠨ 41 ᠬᠤᠪᠢ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠨᠢᠭᠡᠨᠲᠡ ᠵᠠᠷᠯᠠᠨ ᠨᠡᠶᠢᠲᠡᠯᠡᠵᠦ᠂ ᠡᠭᠦᠨ ᠳᠤ 24 ᠬᠤᠪᠢ ᠶᠢ ᠨᠢ ᠨᠢᠭᠡᠨᠲᠡ ᠰᠢᠢᠳᠪᠦᠷᠢᠯᠡᠵᠦ ᠳᠠᠭᠤᠰᠬᠠᠨ᠂ 9 ᠬᠤᠪᠢ ᠶᠢ ᠨᠢ ᠶᠠᠭ ᠰᠢᠢᠳᠪᠦᠷᠢᠯᠡᠵᠦ ᠪᠠᠶᠢᠭ᠎ᠠ ᠱᠠᠲᠤᠨ ᠳᠠᠭᠠᠨ ᠪᠠᠶᠢᠵᠤ᠂ 8 ᠬᠤᠪᠢ ᠶᠢ ᠨᠢ ᠰᠢᠢᠳᠪᠦᠷᠢᠯᠡᠵᠦ ᠳᠠᠭᠤᠰᠬᠠᠭᠠᠳᠤᠢ᠃ ᠰᠢᠢᠳᠪᠦᠷᠢᠯᠡᠵᠦ ᠪᠠᠶᠢᠭ᠎ᠠ ᠱᠠᠲᠤᠨ ᠳᠠᠭᠠᠨ ᠪᠠᠶᠢᠭ᠎ᠠ ᠵᠢᠴᠢ ᠰᠢᠢᠳᠪᠦᠷᠢᠯᠡᠵᠦ ᠳᠠᠭᠤᠰᠬᠠᠭᠠᠳᠤᠢ ᠬᠡᠷᠡᠭ ᠢ ᠨᠢᠭᠡᠨᠲᠡ ᠴᠡᠭᠴᠡᠯᠡᠨ ᠰᠠᠶᠢᠵᠢᠷᠠᠭᠤᠯᠬᠤ ᠲᠥᠰᠥᠯ ᠲᠣᠭᠲᠠᠭᠠᠵᠤ᠂ ᠲᠥᠰᠥᠯ ᠳᠤ ᠲᠣᠭᠲᠠᠭᠠᠭᠰᠠᠨ ᠴᠠᠭ ᠤᠨ ᠬᠢᠵᠠᠭᠠᠷ ᠶᠣᠰᠣᠭᠠᠷ ᠰᠢᠢᠳᠪᠦᠷᠢᠯᠡᠵᠦ ᠳᠠᠭᠤᠰᠬᠠᠨ᠎ᠠ᠃ ᠲᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠱᠠᠯᠠᠪᠳᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠠᠬᠢᠭᠤᠯᠤᠨ᠎ᠠ᠃                                                        2023 ᠣᠨ ᠤ 9 ᠰᠠᠷ᠎ᠠ ᠶᠢᠨ 11 ᠤ ᠡᠳᠦᠷ 
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ