ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ  ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠭᠦᠯᠦᠭᠰᠡᠨ ᠬᠡᠷᠡᠭ ᠢ ᠱᠠᠯᠠᠪᠳᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠥᠭᠡᠷᠡᠴᠢᠯᠡᠬᠦ ᠲᠤᠬᠠᠢ ᠢᠯᠡ ᠪᠤᠯᠭᠠᠬᠰᠠᠨ ᠪᠠᠶᠢᠳᠠᠯ ︵ᠠᠷᠪᠠ︶
ᠨᠡᠶᠢᠲᠡᠯᠡᠭᠰᠡᠨ ᠴᠠᠭ᠄
2023/9/26
       2023 ᠣᠨ ᠤ 9 ᠰᠠᠷ᠎ᠠ ᠶᠢᠨ 12 ᠤᠨ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠬᠥᠯᠥᠨ ᠪᠤᠶᠢᠷ ᠬᠤᠲᠠ ᠳᠤ ᠣᠷᠴᠢᠨ ᠲᠣᠭᠤᠷᠢᠨ ᠤ ᠬᠦᠷᠢᠶᠡᠨ ᠳᠠᠬᠢ ᠣᠯᠠᠨ ᠲᠦᠮᠡᠨ ᠳᠤ ᠬᠤᠯᠪᠣᠭᠳᠠᠬᠤ 11 ᠪᠦᠯᠦᠭ ᠤᠳᠠᠭ᠎ᠠ ᠶᠢᠨ ᠢᠯᠡᠴᠢᠯᠡᠨ ᠮᠡᠳᠡᠭᠦᠯᠦᠭᠰᠡᠨ 151 ᠬᠡᠷᠡᠭ ᠢ ᠲᠤᠰᠢᠶᠠᠨ ᠰᠢᠢᠳᠪᠦᠷᠢᠯᠡᠭᠦᠯᠵᠦ᠂ ᠡᠭᠦᠨ ᠳᠤ ᠭᠤᠣᠯᠳᠠᠯᠭ᠎ᠠ  ᠲᠠᠢ ᠠᠩᠬᠠᠷᠴᠤ ᠪᠠᠶᠢᠭ᠎ᠠ ᠬᠡᠷᠡᠭ 40 ᠪᠠᠶᠢᠵᠤ᠂ ᠵᠠᠯᠠᠨ ᠠᠶᠢᠯ ᠬᠤᠲᠠ᠂ ᠠᠷᠤᠨ ᠬᠤᠰᠢᠭᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠶᠠᠭᠰᠢ ᠬᠤᠲᠠ᠂ ᠰᠢᠨ᠎ᠡ ᠪᠠᠷᠭᠤ ᠪᠠᠷᠠᠭᠤᠨ ᠬᠤᠰᠢᠭᠤ᠂ ᠬᠠᠭᠤᠴᠢᠨ ᠪᠠᠷᠭᠤ ᠬᠤᠰᠢᠭᠤ᠂ ᠭᠡᠭᠡᠨ ᠭᠤᠣᠯ ᠬᠤᠲᠠ᠂ ᠰᠢᠨ᠎ᠡ ᠪᠠᠷᠭᠤ ᠵᠡᠭᠦᠨ ᠬᠤᠰᠢᠭᠤ᠂ ᠡᠷᠭᠦᠨ᠎ᠡ ᠬᠤᠲᠠ᠂ ᠵᠠᠯᠠᠶᠢᠨᠠᠭᠤᠷ ᠲᠣᠭᠤᠷᠢᠭ᠂ ᠬᠠᠶᠢᠯᠠᠷ ᠲᠣᠭᠤᠷᠢᠭ ᠲᠠᠢ ᠬᠤᠯᠪᠣᠭᠳᠠᠵᠤ ᠪᠤᠢ᠃       ᠪᠣᠬᠢᠷᠳᠤᠯ ᠤᠨ ᠲᠥᠷᠥᠯ ᠢᠶᠠᠷ ᠨᠢ ᠬᠤᠪᠢᠶᠠᠪᠠᠯ ︵ᠬᠡᠰᠡᠭ ᠬᠡᠷᠡᠭ ᠨᠢ ᠣᠯᠠᠨ ᠵᠦᠢᠯ ᠤᠨ ᠪᠣᠬᠢᠷᠳᠤᠯ ᠳᠤ ᠬᠤᠯᠪᠣᠭᠳᠠᠵᠤ ᠪᠤᠢ︶᠂ ᠠᠮᠢ ᠠᠬᠤᠢ ᠶᠢᠨ ᠲᠥᠷᠥᠯ 70 ᠬᠤᠪᠢ︵46.36% ᠶᠢᠨ ᠬᠠᠷᠢᠴᠠᠯ ᠢ ᠡᠵᠡᠯᠡᠨ᠎ᠡ︶᠂ ᠠᠭᠠᠷ ᠮᠠᠨᠳᠠᠯ ᠤᠨ ᠪᠣᠬᠢᠷᠳᠤᠯ ᠤᠨ ᠲᠥᠷᠥᠯ 38 ᠬᠤᠪᠢ ( 25.17% ᠶᠢᠨ ᠬᠠᠷᠢᠴᠠᠯ ᠢ ᠡᠵᠡᠯᠡᠨ᠎ᠡ )᠂ ᠤᠰᠤᠨ ᠤ ᠪᠣᠬᠢᠷᠳᠤᠯ ᠤᠨ ᠲᠥᠷᠥᠯ 21 ᠬᠤᠪᠢ︵13.91% ᠶᠢᠨ ᠬᠠᠷᠢᠴᠠᠯ ᠢ ᠡᠵᠡᠯᠡᠨ᠎ᠡ︶᠂ ᠲᠠᠭᠤ ᠱᠤᠤᠭᠢᠶᠠᠨ ᠤ ᠪᠣᠬᠢᠷᠳᠤᠯ ᠤᠨ ᠲᠥᠷᠥᠯ 11 ᠬᠤᠪᠢ︵7.28% ᠶᠢᠨ ᠬᠠᠷᠢᠴᠠᠯ ᠢ ᠡᠵᠡᠯᠡᠨ᠎ᠡ︶᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠳᠤᠯ ᠤᠨ ᠲᠥᠷᠥᠯ 7 ᠬᠤᠪᠢ ( 4.64% ᠶᠢᠨ ᠬᠠᠷᠢᠴᠠᠯ ᠢ ᠡᠵᠡᠯᠡᠨ᠎ᠡ) ᠬᠥᠷᠥᠰᠥ ᠰᠢᠷᠣᠢ ᠶᠢᠨ ᠪᠣᠬᠢᠷᠳᠤᠯ ᠤᠨ ᠲᠥᠷᠥᠯ 2 ᠬᠤᠪᠢ ( 1.32% ᠤᠨ ᠬᠠᠷᠢᠴᠠᠯ ᠢ ᠡᠵᠡᠯᠡᠨ᠎ᠡ )᠂ ᠪᠤᠰᠤᠳ ᠪᠣᠬᠢᠷᠳᠤᠯ ᠤᠨ ᠲᠥᠷᠥᠯ 2 ᠬᠤᠪᠢ ( 1.32% ᠤᠨ ᠬᠠᠷᠢᠴᠠᠯ ᠢ ᠡᠵᠡᠯᠡᠨ᠎ᠡ )᠃ ᠲᠤᠭ᠎ᠠ ᠬᠡᠮᠵᠢᠶ᠎ᠡ ᠪᠠᠷ ᠨᠢ ᠵᠢᠭᠰᠠᠭᠠᠪᠠᠯ᠂ ᠵᠠᠯᠠᠨ ᠠᠶᠢᠯ ᠬᠤᠲᠠ 38᠂ ᠬᠠᠶᠢᠯᠠᠷ ᠲᠣᠭᠤᠷᠢᠭ 32᠂ ᠠᠷᠤᠨ ᠬᠤᠰᠢᠭᠤ 21᠂ ᠶᠠᠭᠰᠢ ᠬᠤᠲᠠ 13︵ᠡᠭᠦᠨ ᠳᠤ 1 ᠬᠤᠪᠢ ᠶᠢ ᠨᠢ ᠬᠥᠯᠥᠨ ᠪᠤᠶᠢᠷ ᠬᠤᠳᠡ ᠶᠢᠨ ᠤᠢ ᠰᠢᠭᠤᠢ ᠪᠠ ᠲᠠᠯ᠎ᠠ ᠨᠤᠲᠤᠭ ᠤᠨ ᠲᠣᠪᠴᠢᠶ᠎ᠠ ᠠᠴᠠ ᠰᠢᠢᠳᠪᠦᠷᠢᠯᠡᠨ᠎ᠡ︶᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ 12︵ᠡᠭᠦᠨ ᠳᠤ 1 ᠬᠤᠪᠢ ᠶᠢ ᠨᠢ ᠬᠥᠯᠥᠨ ᠪᠤᠶᠢᠷ ᠬᠤᠳᠡ ᠶᠢᠨ ᠤᠢ ᠰᠢᠭᠤᠢ ᠪᠠ ᠲᠠᠯ᠎ᠠ ᠨᠤᠲᠤᠭ ᠤᠨ ᠲᠣᠪᠴᠢᠶ᠎ᠠ ᠠᠴᠠ ᠰᠢᠢᠳᠪᠦᠷᠢᠯᠡᠨ᠎ᠡ︶᠂ ᠬᠠᠭᠤᠴᠢᠨ ᠪᠠᠷᠭᠤ ᠬᠤᠰᠢᠭᠤ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠲᠤᠰ ᠪᠦᠷᠢ 7᠂ ᠣᠷᠴᠣᠨ ᠤ ᠥᠪᠡᠷᠲᠡᠭᠡᠨ ᠵᠠᠰᠠᠬᠤ ᠬᠤᠰᠢᠭᠤ 6᠂ ᠰᠢᠨ᠎ᠡ ᠪᠠᠷᠭᠤ ᠪᠠᠷᠠᠭᠤᠨ ᠬᠤᠰᠢᠭᠤ 4᠂ ᠵᠠᠯᠠᠶᠢᠨᠠᠭᠤᠷ ᠲᠣᠭᠤᠷᠢᠭ᠂ ᠡᠷᠭᠦᠨ᠎ᠡ ᠬᠤᠲᠠ ᠲᠣᠰ ᠪᠦᠷᠢ 3᠂ ᠰᠢᠨ᠎ᠡ ᠪᠠᠷᠭᠤ ᠵᠡᠭᠦᠨ ᠬᠤᠰᠢᠭᠤ᠂ ᠮᠠᠨᠵᠤᠤᠷ ᠬᠤᠲᠠ᠂ ᠬᠥᠯᠥᠨ ᠪᠤᠶᠢᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠣᠰ ᠪᠦᠷᠢ 1 ᠬᠤᠪᠢ ᠪᠤᠶ᠃ ᠳᠡᠭᠡᠷᠡᠬᠢ ᠬᠡᠷᠡᠭ ᠢ ᠴᠥᠮ ᠬᠤᠯᠪᠣᠭᠳᠠᠯ ᠪᠦᠬᠦᠢ ᠬᠤᠰᠢᠭᠤ ᠬᠤᠲᠠ ᠲᠣᠭᠤᠷᠢᠭ ᠲᠤ ᠰᠢᠯᠵᠢᠭᠦᠯᠦᠨ ᠰᠢᠢᠳᠪᠦᠷᠢᠯᠡᠵᠦ ᠪᠤᠢ᠃       ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠢᠷᠡᠵᠦ ᠠᠵᠢᠯᠯᠠᠬᠤ ᠬᠤᠭᠤᠴᠠᠭᠠᠨ ᠳᠤ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠬᠦ ᠲᠤᠰᠬᠠᠢ ᠤᠲᠠᠰᠤ᠄ 0470 — 8295058 ᠪᠣᠯᠣᠨ᠎ᠠ᠃       ᠣᠳᠣᠬᠠᠨ ᠳᠤ᠂ ᠪᠦᠭᠦ ᠬᠤᠲᠠ ᠶᠢᠨ 5 ᠪᠦᠯᠦᠭ ᠤᠳᠠᠭ᠎ᠠ ᠶᠢᠨ 61 ᠬᠤᠪᠢ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠨᠢᠭᠡᠨᠲᠡ ᠵᠠᠷᠯᠠᠨ ᠨᠡᠶᠢᠲᠡᠯᠡᠵᠦ᠂ ᠡᠭᠦᠨ ᠳᠤ 37 ᠬᠤᠪᠢ ᠶᠢ ᠨᠢ ᠨᠢᠭᠡᠨᠲᠡ ᠰᠢᠢᠳᠪᠦᠷᠢᠯᠡᠵᠦ ᠳᠠᠭᠤᠰᠬᠠᠨ᠂ 13 ᠬᠤᠪᠢ ᠶᠢ ᠨᠢ ᠶᠠᠭ ᠰᠢᠢᠳᠪᠦᠷᠢᠯᠡᠵᠦ ᠪᠠᠶᠢᠭ᠎ᠠ ᠱᠠᠲᠤᠨ ᠳᠠᠭᠠᠨ ᠪᠠᠶᠢᠵᠤ᠂ 11 ᠬᠤᠪᠢ ᠶᠢ ᠨᠢ ᠰᠢᠢᠳᠪᠦᠷᠢᠯᠡᠵᠦ ᠳᠠᠭᠤᠰᠬᠠᠭᠠᠳᠤᠢ᠃ ᠰᠢᠢᠳᠪᠦᠷᠢᠯᠡᠵᠦ ᠪᠠᠶᠢᠭ᠎ᠠ ᠱᠠᠲᠤᠨ ᠳᠠᠭᠠᠨ ᠪᠠᠶᠢᠭ᠎ᠠ ᠵᠢᠴᠢ ᠰᠢᠢᠳᠪᠦᠷᠢᠯᠡᠵᠦ ᠳᠠᠭᠤᠰᠬᠠᠭᠠᠳᠤᠢ ᠬᠡᠷᠡᠭ ᠢ ᠨᠢᠭᠡᠨᠲᠡ ᠴᠡᠭᠴᠡᠯᠡᠨ ᠰᠠᠶᠢᠵᠢᠷᠠᠭᠤᠯᠬᠤ ᠲᠥᠰᠥᠯ ᠲᠣᠭᠲᠠᠭᠠᠵᠤ᠂ ᠲᠥᠰᠥᠯ ᠳᠤ ᠲᠣᠭᠲᠠᠭᠠᠭᠰᠠᠨ ᠴᠠᠭ ᠤᠨ ᠬᠢᠵᠠᠭᠠᠷ ᠶᠣᠰᠣᠭᠠᠷ ᠰᠢᠢᠳᠪᠦᠷᠢᠯᠡᠵᠦ ᠳᠠᠭᠤᠰᠬᠠᠨ᠎ᠠ᠃ ᠲᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠱᠠᠯᠠᠪᠳᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠠᠬᠢᠭᠤᠯᠤᠨ᠎ᠠ᠃                                                                                  2023 ᠣᠨ ᠤ 9 ᠰᠠᠷ᠎ᠠ ᠶᠢᠨ 12 ᠤᠨ ᠡᠳᠦᠷ 
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ