2023 ᠣᠨ ᠤ 9 ᠰᠠᠷ᠎ᠠ ᠶᠢᠨ 14 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠬᠥᠯᠥᠨ ᠪᠤᠶᠢᠷ ᠬᠤᠲᠠ ᠳᠤ ᠣᠷᠴᠢᠨ ᠲᠣᠭᠤᠷᠢᠨ ᠤ ᠬᠦᠷᠢᠶᠡᠨ ᠳᠠᠬᠢ ᠣᠯᠠᠨ | ᠲᠦᠮᠡᠨ ᠳᠤ ᠬᠤᠯᠪᠣᠭᠳᠠᠬᠤ 13 ᠪᠦᠯᠦᠭ ᠤᠳᠠᠭ᠎ᠠ ᠶᠢᠨ ᠢᠯᠡᠴᠢᠯᠡᠨ ᠮᠡᠳᠡᠭᠦᠯᠦᠭᠰᠡᠨ 184 ᠬᠡᠷᠡᠭ ᠢ ᠲᠤᠰᠢᠶᠠᠨ ᠰᠢᠢᠳᠪᠦᠷᠢᠯᠡᠭᠦᠯᠵᠦ᠂ ᠡᠭᠦᠨ ᠳᠤ ᠭᠤᠣᠯᠳᠠᠯᠭ᠎ᠠ | ᠲᠠᠢ ᠠᠩᠬᠠᠷᠴᠤ ᠪᠠᠶᠢᠭ᠎ᠠ ᠬᠡᠷᠡᠭ 47 ᠪᠠᠶᠢᠵᠤ᠂ ᠵᠠᠯᠠᠨ ᠠᠶᠢᠯ ᠬᠤᠲᠠ᠂ ᠠᠷᠤᠨ ᠬᠤᠰᠢᠭᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ | ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠶᠠᠭᠰᠢ ᠬᠤᠲᠠ᠂ ᠰᠢᠨ᠎ᠡ ᠪᠠᠷᠭᠤ ᠪᠠᠷᠠᠭᠤᠨ ᠬᠤᠰᠢᠭᠤ᠂ ᠵᠠᠯᠠᠶᠢᠨᠠᠭᠤᠷ ᠲᠣᠭᠤᠷᠢᠭ᠂ | ᠬᠠᠭᠤᠴᠢᠨ ᠪᠠᠷᠭᠤ ᠬᠤᠰᠢᠭᠤ᠂ ᠭᠡᠭᠡᠨ ᠭᠤᠣᠯ ᠬᠤᠲᠠ᠂ ᠰᠢᠨ᠎ᠡ ᠪᠠᠷᠭᠤ ᠵᠡᠭᠦᠨ ᠬᠤᠰᠢᠭᠤ᠂ ᠡᠷᠭᠦᠨ᠎ᠡ ᠬᠤᠲᠠ᠂ ᠬᠠᠶᠢᠯᠠᠷ ᠲᠣᠭᠤᠷᠢᠭ ᠲᠠᠢ ᠬᠤᠯᠪᠣᠭᠳᠠᠵᠤ ᠪᠤᠢ᠃ | ᠪᠣᠬᠢᠷᠳᠤᠯ ᠤᠨ ᠲᠥᠷᠥᠯ ᠢᠶᠠᠷ ᠨᠢ ᠬᠤᠪᠢᠶᠠᠪᠠᠯ ︵ᠬᠡᠰᠡᠭ ᠬᠡᠷᠡᠭ ᠨᠢ ᠣᠯᠠᠨ ᠵᠦᠢᠯ ᠤᠨ ᠪᠣᠬᠢᠷᠳᠤᠯ ᠳᠤ ᠬᠤᠯᠪᠣᠭᠳᠠᠵᠤ ᠪᠤᠢ︶᠂ ᠠᠮᠢ ᠠᠬᠤᠢ ᠶᠢᠨ | ᠲᠥᠷᠥᠯ 86 ᠬᠤᠪᠢ︵46.74% ᠶᠢᠨ ᠬᠠᠷᠢᠴᠠᠯ ᠢ ᠡᠵᠡᠯᠡᠨ᠎ᠡ︶᠂ ᠠᠭᠠᠷ ᠮᠠᠨᠳᠠᠯ ᠤᠨ ᠪᠣᠬᠢᠷᠳᠤᠯ ᠤᠨ ᠲᠥᠷᠥᠯ 58 ᠬᠤᠪᠢ ( 31.52% ᠤᠨ ᠬᠠᠷᠢᠴᠠᠯ ᠢ | ᠡᠵᠡᠯᠡᠨ᠎ᠡ )᠂ ᠤᠰᠤᠨ ᠤ ᠪᠣᠬᠢᠷᠳᠤᠯ ᠤᠨ ᠲᠥᠷᠥᠯ 35 ᠬᠤᠪᠢ︵19.02% ᠤᠨ ᠬᠠᠷᠢᠴᠠᠯ ᠢ ᠡᠵᠡᠯᠡᠨ᠎ᠡ︶᠂ ᠲᠠᠭᠤ ᠱᠤᠤᠭᠢᠶᠠᠨ ᠤ ᠪᠣᠬᠢᠷᠳᠤᠯ ᠤᠨ ᠲᠥᠷᠥᠯ 23 | ᠬᠤᠪᠢ︵12.5% ᠶᠢᠨ ᠬᠠᠷᠢᠴᠠᠯ ᠢ ᠡᠵᠡᠯᠡᠨ᠎ᠡ︶᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠳᠤᠯ ᠤᠨ ᠲᠥᠷᠥᠯ 14 ᠬᠤᠪᠢ ( 7.6% ᠶᠢᠨ ᠬᠠᠷᠢᠴᠠᠯ ᠢ | ᠡᠵᠡᠯᠡᠨ᠎ᠡ ) ᠬᠥᠷᠥᠰᠥ ᠰᠢᠷᠣᠢ ᠶᠢᠨ ᠪᠣᠬᠢᠷᠳᠤᠯ ᠤᠨ ᠲᠥᠷᠥᠯ 5 ᠬᠤᠪᠢ ( 2.72% ᠤᠨ ᠬᠠᠷᠢᠴᠠᠯ ᠢ ᠡᠵᠡᠯᠡᠨ᠎ᠡ )᠂ ᠪᠤᠰᠤᠳ ᠪᠣᠬᠢᠷᠳᠤᠯ ᠤᠨ ᠲᠥᠷᠥᠯ 2 | ᠬᠤᠪᠢ ( 1.09% ᠶᠢᠨ ᠬᠠᠷᠢᠴᠠᠯ ᠢ ᠡᠵᠡᠯᠡᠨ᠎ᠡ )᠃ ᠲᠤᠭ᠎ᠠ ᠬᠡᠮᠵᠢᠶ᠎ᠡ ᠪᠠᠷ ᠨᠢ ᠵᠢᠭᠰᠠᠭᠠᠪᠠᠯ᠂ ᠵᠠᠯᠠᠨ ᠠᠶᠢᠯ ᠬᠤᠲᠠ 44᠂ ᠬᠠᠶᠢᠯᠠᠷ ᠲᠣᠭᠤᠷᠢᠭ 41᠂ ᠠᠷᠤᠨ | ᠬᠤᠰᠢᠭᠤ 28᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ 17︵ᠡᠭᠦᠨ ᠳᠤ 1 ᠬᠤᠪᠢ ᠶᠢ ᠨᠢ ᠬᠥᠯᠥᠨ ᠪᠤᠶᠢᠷ ᠬᠤᠳᠡ ᠶᠢᠨ ᠤᠢ ᠰᠢᠭᠤᠢ ᠪᠠ | ᠲᠠᠯ᠎ᠠ ᠨᠤᠲᠤᠭ ᠤᠨ ᠲᠣᠪᠴᠢᠶ᠎ᠠ ᠪᠠᠷ ᠰᠢᠢᠳᠪᠦᠷᠢᠯᠡᠭᠦᠯᠦᠨ᠎ᠡ︶᠂ ᠶᠠᠭᠰᠢ ᠬᠤᠲᠠ 14︵ᠡᠭᠦᠨ ᠳᠤ 1 ᠬᠤᠪᠢ ᠶᠢ ᠨᠢ ᠬᠥᠯᠥᠨ ᠪᠤᠶᠢᠷ ᠬᠤᠳᠡ ᠶᠢᠨ ᠤᠢ ᠰᠢᠭᠤᠢ ᠪᠠ | ᠲᠠᠯ᠎ᠠ ᠨᠤᠲᠤᠭ ᠤᠨ ᠲᠣᠪᠴᠢᠶ᠎ᠠ ᠪᠠᠷ ᠰᠢᠢᠳᠪᠦᠷᠢᠯᠡᠭᠦᠯᠦᠨ᠎ᠡ︶᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ 9᠂ ᠬᠠᠭᠤᠴᠢᠨ ᠪᠠᠷᠭᠤ | ᠬᠤᠰᠢᠭᠤ 7᠂ ᠣᠷᠴᠣᠨ ᠤ ᠥᠪᠡᠷᠲᠡᠭᠡᠨ ᠵᠠᠰᠠᠬᠤ ᠬᠤᠰᠢᠭᠤ 6᠂ ᠰᠢᠨ᠎ᠡ ᠪᠠᠷᠭᠤ ᠪᠠᠷᠠᠭᠤᠨ ᠬᠤᠰᠢᠭᠤ 5᠂ ᠵᠠᠯᠠᠶᠢᠨᠠᠭᠤᠷ ᠲᠣᠭᠤᠷᠢᠭ᠂ ᠡᠷᠭᠦᠨ᠎ᠡ ᠬᠤᠲᠠ ᠲᠣᠰ ᠪᠦᠷᠢ | 4᠂ ᠭᠡᠭᠡᠨ ᠭᠤᠣᠯ ᠬᠤᠲᠠ 2᠂ ᠰᠢᠨ᠎ᠡ ᠪᠠᠷᠭᠤ ᠵᠡᠭᠦᠨ ᠬᠤᠰᠢᠭᠤ᠂ ᠮᠠᠨᠵᠤᠤᠷ ᠬᠤᠲᠠ᠂ ᠬᠥᠯᠥᠨ ᠪᠤᠶᠢᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠲᠣᠰ ᠪᠦᠷᠢ 1 ᠬᠤᠪᠢ ᠪᠤᠶ᠃ ᠳᠡᠭᠡᠷᠡᠬᠢ ᠬᠡᠷᠡᠭ ᠢ ᠴᠥᠮ ᠬᠤᠯᠪᠣᠭᠳᠠᠯ ᠪᠦᠬᠦᠢ ᠬᠤᠰᠢᠭᠤ ᠬᠤᠲᠠ ᠲᠣᠭᠤᠷᠢᠭ ᠲᠤ ᠰᠢᠯᠵᠢᠭᠦᠯᠦᠨ ᠰᠢᠢᠳᠪᠦᠷᠢᠯᠡᠵᠦ | ᠪᠤᠢ᠃ | ᠣᠳᠣᠬᠠᠨ ᠳᠤ᠂ ᠪᠦᠭᠦ ᠬᠤᠲᠠ ᠶᠢᠨ 7 ᠪᠦᠯᠦᠭ ᠤᠳᠠᠭ᠎ᠠ ᠶᠢᠨ 92 ᠬᠤᠪᠢ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ | ᠨᠢᠭᠡᠨᠲᠡ ᠵᠠᠷᠯᠠᠨ ᠨᠡᠶᠢᠲᠡᠯᠡᠵᠦ᠂ ᠡᠭᠦᠨ ᠳᠤ 52 ᠬᠤᠪᠢ ᠶᠢ ᠨᠢ ᠨᠢᠭᠡᠨᠲᠡ ᠰᠢᠢᠳᠪᠦᠷᠢᠯᠡᠵᠦ ᠳᠠᠭᠤᠰᠬᠠᠨ᠂ 19 ᠬᠤᠪᠢ ᠶᠢ ᠨᠢ ᠶᠠᠭ ᠰᠢᠢᠳᠪᠦᠷᠢᠯᠡᠵᠦ ᠪᠠᠶᠢᠭ᠎ᠠ | ᠱᠠᠲᠤᠨ ᠳᠠᠭᠠᠨ ᠪᠠᠶᠢᠵᠤ᠂ 21 ᠬᠤᠪᠢ ᠶᠢ ᠨᠢ ᠰᠢᠢᠳᠪᠦᠷᠢᠯᠡᠵᠦ ᠳᠠᠭᠤᠰᠬᠠᠭᠠᠳᠤᠢ᠃ ᠰᠢᠢᠳᠪᠦᠷᠢᠯᠡᠵᠦ ᠪᠠᠶᠢᠭ᠎ᠠ ᠱᠠᠲᠤᠨ ᠳᠠᠭᠠᠨ ᠪᠠᠶᠢᠭ᠎ᠠ ᠵᠢᠴᠢ ᠰᠢᠢᠳᠪᠦᠷᠢᠯᠡᠵᠦ | ᠳᠠᠭᠤᠰᠬᠠᠭᠠᠳᠤᠢ ᠬᠡᠷᠡᠭ ᠢ ᠨᠢᠭᠡᠨᠲᠡ ᠴᠡᠭᠴᠡᠯᠡᠨ ᠰᠠᠶᠢᠵᠢᠷᠠᠭᠤᠯᠬᠤ ᠲᠥᠰᠥᠯ ᠲᠣᠭᠲᠠᠭᠠᠵᠤ᠂ ᠲᠥᠰᠥᠯ ᠳᠤ ᠲᠣᠭᠲᠠᠭᠠᠭᠰᠠᠨ ᠴᠠᠭ ᠤᠨ ᠬᠢᠵᠠᠭᠠᠷ ᠶᠣᠰᠣᠭᠠᠷ | ᠰᠢᠢᠳᠪᠦᠷᠢᠯᠡᠵᠦ ᠳᠠᠭᠤᠰᠬᠠᠨ᠎ᠠ᠃ ᠲᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠱᠠᠯᠠᠪᠳᠠᠭᠤᠯᠤᠨ | ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ | ᠦᠷᠭᠦᠯᠵᠢᠯᠡᠨ ᠠᠬᠢᠭᠤᠯᠤᠨ᠎ᠠ᠃ | | 2023 ᠣᠨ ᠤ 9 ᠰᠠᠷ᠎ᠠ ᠶᠢᠨ 14 ᠤ ᠡᠳᠦᠷ | |