ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠭᠤᠴᠢᠨ ᠭᠤᠷᠪᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/27
       9 ᠰᠠᠷ᠎ᠠ ᠶᠢᠨ 25 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠭᠤᠴᠢᠨ ᠭᠤᠷᠪᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢ ᠵᠢᠢ ᠷᠦᠩ ᠬᠤᠷᠠᠯ ᠡᠷᠭᠢᠯᠡᠪᠡ᠃       ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠡᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠵᠢᠴᠢ ᠪᠠᠶᠢᠭᠤᠯᠭ᠎ᠠ ᠶᠢᠨ ᠭᠤᠣᠯ ᠰᠡᠳᠦᠪᠲᠦ ᠬᠥᠮᠦᠵᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠬᠥᠯᠥᠨ ᠪᠤᠶᠢᠷ ᠬᠤᠳᠠ ᠳᠤ ᠪᠠᠶᠢᠩᠭᠤ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠵᠠᠰᠠᠬᠤ ᠠᠵᠢᠯ ᠤᠨ ᠬᠠᠮᠢᠶ᠎ᠠ ᠪᠦᠬᠦᠢ ᠵᠦᠢᠯᠡᠰ ᠢ ᠰᠤᠳᠤᠯᠤᠨ ᠬᠢᠨᠠᠨ ᠵᠦᠪᠯᠡᠪᠡ᠃       ᠬᠤᠷᠠᠯ ᠠᠴᠠ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ  ᠶᠢ ᠭᠦᠨᠵᠡᠭᠡᠢ ᠲᠤᠭᠤᠰᠢᠯᠠᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠠᠯᠬᠤᠮ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠭᠤᠣᠯ ᠰᠡᠳᠦᠪᠲᠦ ᠬᠥᠮᠦᠵᠢᠯ ᠢ ᠡᠷᠴᠢᠮᠳᠡᠢ ᠪᠦᠲᠦᠮᠵᠢᠲᠡᠶ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠬᠥᠯᠥᠨ ᠪᠤᠶᠢᠷ ᠤᠨ  ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠨ ᠪᠠᠶᠢᠴᠠᠭᠠᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ