9 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠥᠬᠦᠳᠡ ᠬᠤᠷᠠᠯ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠨ ᠤ ᠬᠤᠳᠠ ᠶᠢᠨ ᠴᠢᠳᠠᠪᠤᠷᠢᠲᠠᠨ ᠤ ᠠᠵᠢᠯ ᠤᠨ ᠬᠤᠯᠪᠣᠭᠳᠠᠯ ᠪᠦᠬᠦᠢ ᠲᠦᠷᠦ ᠶᠢᠨ | ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠠᠷᠪᠠᠨ ᠨᠢᠭᠡ ᠶᠢᠨ | ᠴᠢᠳᠠᠪᠤᠷᠢᠲᠠᠨ ᠤ ᠲᠥᠯᠥᠪᠯᠡᠭᠡ︾ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠤᠰᠬᠠᠢ ᠰᠡᠳᠦᠪ ᠢᠶᠠᠷ ᠰᠣᠨᠣᠰᠴᠤ᠂ ᠭᠤᠣᠯᠳᠠᠯᠭ᠎ᠠ ᠲᠠᠢ ᠠᠵᠢᠯ ᠢ | ᠠᠬᠢᠭᠤᠯᠬᠤ ᠡᠭᠦᠷᠭᠡ ᠶᠢ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠣ ᠷᠦᠨ ᠰᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | | | ᠭᠤᠤ ᠷᠦᠨ ᠰᠢ ᠣᠶᠢᠷ᠎ᠠ ᠶᠢᠨ ᠵᠢᠯ ᠠᠴᠠ ᠨᠠᠰᠢᠬᠢ ᠪᠦᠬᠦ ᠬᠤᠳᠠ ᠶᠢᠨ ᠴᠢᠳᠠᠪᠤᠷᠢᠲᠠᠨ ᠤ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠨᠤᠲᠠᠯᠠᠪᠠ᠃ | ᠲᠡᠷᠡ᠂ ᠬᠥᠯᠥᠨ ᠪᠤᠶᠢᠷ ᠤᠳᠤ ᠶᠠᠭ ᠠᠵᠠ ᠲᠣᠬᠢᠶᠠᠯ ᠳᠠᠪᠬᠤᠴᠠᠬᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ᠂ ᠲᠠᠪᠠᠯᠳᠠᠳᠦ ᠬᠥᠭᠵᠢᠯᠲᠡ ᠶᠢᠨ | ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠶᠤᠮ᠃ | ᠪᠦᠬᠦ ᠬᠤᠲᠠ ᠶᠢᠨ ᠳᠡᠭᠡᠳᠦ ᠳᠣᠣᠷᠠᠳᠤ ᠱᠠᠲᠤ ᠪᠠᠷ ᠢᠶᠠᠨ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠠᠯᠬᠤᠮ | ᠴᠢᠨᠠᠭᠰᠢᠳᠠ ᠴᠢᠩᠭᠠᠳᠬᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠪᠠ ᠠᠵᠤ ᠦᠢᠯᠡᠰ ᠤᠨ ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ | ᠲᠥᠯᠥᠪᠯᠡᠭᠡ︾ ᠶᠢ ᠬᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠦᠢᠯᠡᠰ ᠤᠨ ᠬᠡᠷᠡᠭᠴᠡᠭᠡ | ᠶᠢᠨ ᠲᠤᠭᠤᠷᠢᠨ ᠳᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠴᠢᠳᠠᠪᠤᠷᠢᠲᠠᠨ ᠢ ᠬᠥᠮᠥᠵᠢᠭᠦᠯᠬᠦ᠂ ᠴᠢᠳᠠᠪᠤᠷᠢᠲᠠᠨ ᠢ ᠬᠡᠷᠡᠭᠯᠡᠬᠦ᠂ ᠴᠢᠳᠠᠪᠤᠷᠢᠲᠠᠨ ᠢ ᠪᠠᠲᠤᠯᠠᠬᠤ | ᠪᠠ ᠴᠢᠳᠠᠪᠤᠷᠢᠲᠠᠨ ᠢ ᠤᠷᠮᠠᠰᠢᠭᠤᠯᠬᠤ ᠶᠢ ᠨᠠᠩ ᠴᠢᠬᠤᠯᠠᠴᠢᠯᠠᠵᠤ᠂ ᠴᠢᠳᠠᠪᠤᠷᠢᠲᠠᠨ ᠤ ᠪᠤᠶᠢᠵᠢᠯᠲᠠ ᠪᠠ ᠭᠠᠵᠠᠷ ᠣᠷᠣᠨ ᠤ ᠬᠥᠭᠵᠢᠯᠲᠡ ᠶᠢᠨ ᠵᠡᠷᠭᠡᠪᠡᠷ ᠬᠦᠴᠦᠯᠡᠬᠦ᠂ | ᠬᠠᠷᠢᠯᠴᠠᠨ ᠠᠭᠤᠰᠤᠯᠴᠠᠵᠤ ᠬᠠᠮᠲᠤᠪᠠᠷ ᠤᠷᠤᠭᠰᠢᠯᠠᠬᠤ᠂ ᠬᠠᠷᠢᠯᠴᠠᠨ ᠠᠮᠵᠢᠯᠲᠠ ᠣᠯᠬᠤ ᠶᠢ ᠠᠬᠢᠭᠤᠯᠬᠤ ᠬᠡᠷᠡᠭᠳᠡᠢ ᠭᠡᠵᠦ ᠵᠢᠭᠠᠵᠤ ᠭᠠᠷᠭᠠᠪᠠ᠃ | | | ᠭᠤᠣ ᠷᠦᠨ ᠰᠢ᠂ ᠬᠦᠴᠦᠨ ᠢᠶᠠᠨ ᠲᠥᠪᠯᠡᠷᠡᠭᠦᠯᠦᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ᠂ ᠪᠦᠬᠦ ᠲᠠᠯ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ︽ᠲᠠᠳᠠᠬᠤ᠂ ᠬᠥᠮᠥᠵᠢᠭᠦᠯᠬᠦ᠂ ᠬᠡᠷᠡᠭᠯᠡᠬᠦ᠂ | ᠦᠯᠡᠳᠡᠭᠡᠬᠦ︾ ᠪᠦᠬᠦ ᠬᠡᠯᠬᠢᠶ᠎ᠡ ᠪᠦᠬᠦ ᠭᠤᠭᠴᠤᠭ᠎ᠠ ᠳᠤ ᠬᠦᠴᠦᠯᠡᠬᠦ ᠶᠢ ᠪᠠᠷᠢᠮᠲᠠᠯᠠᠵᠤ᠂ ᠡᠷᠳᠡᠮᠲᠡᠨ ᠮᠡᠷᠭᠡᠳ ᠢ ᠴᠤᠭᠯᠠᠭᠤᠯᠤᠨ ᠶᠠᠰᠤ ᠴᠢᠨᠠᠷ ᠢ ᠳᠡᠭᠡᠭᠰᠢᠯᠡᠭᠦᠯᠬᠦ᠂ | ᠦᠰᠦᠨ ᠪᠣᠶᠢᠵᠢᠵᠤ ᠴᠢᠳᠠᠪᠤᠷᠢ ᠣᠯᠭᠤᠬᠤ᠂ ᠥᠷᠢᠰᠦᠯᠳᠦᠭᠦᠯᠦᠨ ᠤᠷᠮᠠᠰᠢᠭᠤᠯᠬᠤ᠂ ᠠᠮᠢ ᠠᠬᠤᠢ ᠶᠢ ᠰᠢᠯᠢᠳᠡᠭᠵᠢᠭᠦᠯᠬᠦ ︽ᠲᠦᠷᠪᠡᠨ ᠶᠡᠭᠡ ᠠᠵᠢᠯᠯᠠᠭ᠎ᠠ︾ ᠶᠢ | ᠭᠦᠨᠵᠡᠭᠡᠶᠢᠷᠡᠬᠦᠯᠦᠨ ᠠᠬᠢᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ | ᠡᠯ᠎ᠡ ᠵᠦᠢᠯ ᠤᠨ ᠭᠤᠣᠯᠳᠠᠯᠭ᠎ᠠ ᠲᠠᠢ ᠲᠥᠯᠥᠪᠯᠡᠭᠡ ᠪᠠ ᠲᠥᠰᠥᠯ ᠢ ᠲᠡᠭᠦᠯᠳᠡᠷᠵᠢᠭᠦᠯᠦᠨ ᠠᠬᠢᠭᠤᠯᠵᠤ᠂ ᠴᠢᠳᠠᠪᠤᠷᠢᠲᠠᠨ ᠤ ᠰᠢᠨ᠎ᠡ ᠶᠢ ᠡᠭᠦᠳᠬᠦ ᠦᠢᠯᠡᠰ ᠪᠣᠰᠬᠠᠬᠤ | ᠠᠮᠢᠵᠢᠷᠠᠯ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠵᠦ᠂ ᠡᠯ᠎ᠡ ᠲᠠᠯ᠎ᠠ ᠶᠢᠨ ᠴᠢᠳᠠᠪᠤᠷᠢᠲᠠᠨ ᠳᠤ ᠬᠤᠪᠢ ᠬᠤᠪᠢᠨ ᠤ ᠣᠷᠣᠨ ᠪᠠᠶᠢᠷᠢ ᠣᠯᠭᠤᠵᠤ᠂ | ᠥᠪᠡᠷ ᠥᠪᠡᠷ ᠤᠨ ᠳᠠᠪᠠᠭᠤᠯᠢᠭ ᠢᠶᠠᠨ ᠪᠠᠳᠠᠷᠠᠭᠤᠯᠤᠨ᠂ ᠠᠪᠢᠶᠠᠰ ᠴᠢᠳᠠᠪᠤᠷᠢ ᠪᠠᠨ ᠭᠠᠷᠭᠠᠬᠤ ᠶᠢ ᠨᠢ ᠪᠠᠲᠤᠯᠠᠬᠤ ᠪᠠᠷ ᠴᠢᠷᠮᠠᠶᠢᠬᠤ ᠬᠡᠷᠡᠭᠳᠡᠢ ᠭᠡᠵᠦ ᠴᠢᠬᠤᠯᠠᠴᠢᠯᠠᠪᠠ᠃ | | | | ᠭᠤᠤ ᠷᠦᠨ ᠰᠢ᠂ ᠨᠠᠮ ᠠᠴᠠ ᠴᠢᠳᠠᠪᠤᠷᠢᠲᠠᠨ ᠢ ᠬᠠᠮᠢᠶᠠᠷᠬᠤ ᠵᠠᠷᠴᠢᠮ ᠢ ᠢᠮᠠᠭᠲᠠ ᠪᠠᠷᠢᠮᠲᠠᠯᠠᠵᠤ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠴᠢᠳᠠᠪᠤᠷᠢᠲᠠᠨ ᠤ ᠠᠮᠢ ᠠᠬᠤᠢ ᠶᠢ ᠦᠷᠭᠦᠯᠵᠢᠯᠡᠨ ᠰᠢᠯᠢᠳᠡᠭᠵᠢᠭᠦᠯᠵᠦ᠂ ᠴᠢᠳᠠᠪᠤᠷᠢᠲᠠᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠯᠢᠪᠠ | ᠦᠵᠡᠯ ᠰᠠᠨᠠᠭ᠎ᠠ ᠣᠶᠢᠯᠠᠭᠠᠭᠳᠠᠬᠤᠨ ᠪᠣᠯᠣᠨ ᠪᠠᠶᠢᠭᠤᠯᠤᠯ ᠤᠨ ᠬᠠᠷᠰᠢ ᠰᠠᠭᠠᠳ ᠢ ᠠᠷᠢᠯᠭᠠᠵᠤ᠂ ᠴᠢᠳᠠᠪᠤᠷᠢᠲᠠᠨ ᠢ ᠲᠠᠨᠢᠬᠤ ᠬᠠᠶᠢᠷᠠᠯᠠᠬᠤ ᠬᠦᠨᠳᠦᠳᠬᠡᠬᠦ ᠬᠡᠷᠡᠭᠯᠡᠬᠦ | ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠬᠤᠳᠠ ᠪᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠬᠡᠷᠡᠭᠲᠡᠢ ᠭᠡᠵᠦ ᠱᠠᠭᠠᠷᠳᠠᠪᠠ᠃ | |