ᠣᠶᠢᠷ᠎ᠠ ᠳᠤ᠂ ᠭᠡᠭᠡᠨ ᠭᠤᠤᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠪᠠᠳᠠᠨ ᠵᠢᠯᠣᠭᠤᠳᠬᠤ ᠳᠤᠭᠤᠶᠢᠯᠠᠩ ᠠᠯᠦ᠋ᠩᠱᠠᠨ | ᠪᠠᠯᠭᠠᠰᠤᠨ ᠳᠤ ᠭᠦᠨᠵᠡᠭᠡᠶᠢᠷᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠶᠢ ᠭᠦᠶ᠋ᠴᠡᠳᠬᠡᠭᠰᠡᠨ ᠠᠬᠢᠴᠠ ᠶᠢᠨ ᠪᠠᠶᠢᠳᠠᠯ ᠢ ᠰᠢᠪᠠᠳᠠᠨ | ᠵᠢᠯᠣᠭᠤᠳᠴᠤ ᠪᠠᠶᠢᠴᠠᠭᠠᠪᠠ᠃ | ᠰᠢᠪᠠᠳᠠᠨ ᠵᠢᠯᠣᠭᠤᠳᠬᠤ ᠳᠤᠭᠤᠶᠢᠯᠠᠩ ᠤᠨ ᠬᠢᠨ ᠵᠧᠨ ᠪᠸᠢ ᠨᠡᠶᠢᠭᠡᠮ ᠲᠣᠭᠤᠷᠢᠭ ᠤᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠬᠡᠷ︾ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠵᠧᠨ ᠰᠢ ᠨᠡᠶᠢᠭᠡᠮ ᠲᠣᠭᠤᠷᠢᠭ ᠤᠨ | ᠵᠢᠵᠢᠭ ᠲᠠᠯᠠᠪᠠᠶ ᠶᠢᠨ ᠥᠭᠡᠷᠡᠴᠢᠯᠡᠯᠲᠡ᠂ ᠠᠯᠦ᠋ᠩᠱᠠᠨ ᠪᠠᠯᠭᠠᠰᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠳᠤᠮᠳᠠ ᠠᠩᠭᠢ ᠶᠢᠨ ᠪᠣᠯᠪᠠᠰᠤᠷᠠᠯ ᠤᠨ ᠲᠠᠯᠠᠪᠤᠷ ᠤᠨ | ᠪᠥᠲᠥᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠪᠠᠶᠢᠴᠠᠭᠠᠨ ᠦᠵᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠬᠢᠴᠠ ᠶᠢᠨ | ᠪᠠᠶᠢᠳᠠᠯ ᠢ ᠭᠦᠨᠵᠡᠭᠡᠶ ᠣᠶᠢᠯᠠᠭᠠᠪᠠ᠃ ᠡᠭᠦᠨ ᠤ ᠳᠠᠷᠠᠭ᠎ᠠ᠂ ᠰᠢᠪᠠᠳᠠᠨ ᠵᠢᠯᠣᠭᠤᠳᠬᠤ ᠳᠤᠭᠤᠶᠢᠯᠠᠩ ᠤᠨ ᠬᠢᠨ ᠵᠧᠨ ᠰᠢ ᠨᠡᠶᠢᠭᠡᠮ ᠲᠣᠭᠤᠷᠢᠭ ᠤᠨ ︽ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠡᠷ︾ ᠢ ᠲᠤᠬᠠᠶ ᠶᠢᠨ ᠭᠠᠵᠠᠷ ᠲᠤᠨᠢ ᠰᠤᠷᠪᠤᠯᠵᠢᠯᠠᠭᠰᠠᠨ ᠪᠥᠭᠡᠳ ᠰᠠᠨᠠᠭᠤᠯᠭ᠎ᠠ ᠳᠤᠷᠠᠳᠤᠭᠰᠠᠨ | ᠪᠠᠶᠢᠨ᠎ᠠ᠃ | ᠭᠦᠨᠵᠡᠭᠡᠶ ᠬᠢᠨᠠᠨ ᠵᠢᠯᠣᠭᠤᠳᠴᠤ ᠪᠠᠶᠢᠴᠠᠭᠠᠬᠤ ᠪᠠᠷ ᠳᠡᠮᠵᠢᠨ᠂ ᠬᠢᠨᠠᠨ ᠵᠢᠯᠣᠭᠤᠳᠬᠤ ᠳᠤᠭᠤᠶᠢᠯᠠᠩ ᠤᠨ ᠬᠢᠨ ᠠᠯᠦ᠋ᠩᠱᠠᠨ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠶᠢ ᠭᠦᠢᠴᠡᠳᠭᠡᠭᠰᠡᠨ ᠪᠠᠶᠢᠳᠠᠯ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠡᠷ | ᠪᠦᠯᠢ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠭᠦᠢᠴᠡᠳ ᠨᠤᠲᠠᠯᠠᠪᠠ᠃ | ᠬᠢᠨᠠᠨ ᠵᠢᠯᠣᠭᠤᠳᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠶᠢᠨ ᠴᠢᠬᠤᠯᠠ ᠠᠴᠢ | ᠬᠤᠯᠪᠣᠭᠳᠠᠯ ᠢ ᠭᠦᠢᠴᠡᠳ ᠲᠠᠨᠢᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ | ᠪᠡᠶᠡᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠯᠦ᠋ᠩᠱᠠᠨ ᠤ ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠤᠨ ᠬᠦᠴᠦᠨ ᠴᠢᠳᠠᠯ ᠣᠯᠭᠤᠵᠤ᠂ | ᠤᠯᠠᠨ ᠲᠦᠮᠡᠨ ᠳᠤ ᠰᠠᠶᠢᠨ ᠰᠠᠶᠢᠬᠠᠨ ᠡᠷᠡᠭᠦᠯ ᠰᠠᠷᠠᠭᠤᠯ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠬᠤ ᠬᠡᠷᠡᠭᠲᠡᠢ᠃ | | |