9 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠬᠤᠷᠠᠯ ᠡᠬᠢᠯᠡᠭᠰᠡᠨ ᠪᠥᠭᠡᠳ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ᠃ ᠥᠪᠡᠷᠲᠡᠭᠡᠨ | ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ | ᠣᠲᠣ 73 ᠬᠥᠮᠥᠨ ᠪᠤᠶ᠂ 63 ᠬᠥᠮᠥᠨ ᠨᠢ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠪᠠᠶᠢᠩᠭᠤ ᠶᠢᠨ ᠳᠡᠳ᠋ ᠡᠷᠭᠢᠯᠡᠭᠴᠢ ᠯᠢᠨ ᠱᠤᠤ ᠴᠦᠨ᠂ ᠳᠡᠳ᠋ ᠡᠷᠭᠢᠯᠡᠭᠴᠢ ᠳ᠋ᠤᠸᠠᠨ ᡁᠢ ᠴᠢᠶᠠᠩ᠂ ᠯᠢ ᠪᠢᠩ ᠷᠦᠩ᠂ ᠦ᠋ ᠶᠠᠨ ᠭᠠᠩ᠂ ᠨᠠᠷᠢᠨ | ᠪᠢᠴᠢᠭ ᠤᠨ ᠳᠠᠷᠤᠭ᠎ᠠ ᠱᠢ ᠸᠧᠨ ᠰᠢᠤᠸᠠᠢ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠬᠤᠷᠠᠯ ᠳᠤ | ᠰᠤᠯᠠ ᠣᠷᠣᠯᠴᠠᠪᠠ᠃ | | | 9 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠬᠤᠷᠠᠯ ᠡᠬᠢᠯᠡᠭᠰᠡᠨ ᠪᠥᠭᠡᠳ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ᠃ | ᠬᠤᠷᠠᠯ ᠤᠨ ᠵᠥᠪᠯᠡᠬᠦ ᠵᠦᠢᠯ ᠢ ᠪᠠᠲᠤᠯᠠᠭᠰᠠᠨ ᠤ ᠳᠠᠷᠠᠭ᠎ᠠ᠂ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠯᠠ ᠵᠢᠶᠦ᠋ᠨ᠂ ᠵᠧᠩ ᠶᠢᠨ ᠴᠦᠨ᠂ ᠵᠠᠩ ᠽᠦᠸᠧ ᠾᠧᠦ ᠶᠢᠨ ᠬᠢᠭᠰᠡᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠢ ᠠᠬᠢᠭᠤᠯᠬᠤ ᠪᠠ ᠬᠠᠮᠠᠭᠠᠯᠠᠬᠤ ᠳᠦᠷᠢᠮ ︵ᠲᠥᠰᠥᠯ︶︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ ᠨᠢᠮᠭᠡᠨ ᠰᠦᠯᠢᠶᠥᠦ ᠪᠦᠷᠬᠦᠪᠴᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠳᠦᠷᠢᠮ ︵ᠲᠥᠰᠥᠯ︶︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠦᠷᠢᠮ ︵ᠲᠥᠰᠥᠯ︶︾ ᠢ ᠬᠢᠨᠠᠨ ᠵᠥᠪᠯᠡᠭᠰᠡᠨ | ᠦᠷ᠎ᠡ ᠳ᠋ᠦᠩ ᠤᠨ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ | ᠡᠷᠭᠢᠯᠡᠭᠴᠢ ᠭᠡᠰᠢᠭᠦᠨ ᠰᠠᠷᠠᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠥᠯ︶︾ ᠶᠢ ᠬᠢᠨᠠᠨ ᠵᠥᠪᠯᠡᠭᠰᠡᠨ ᠦᠷ᠎ᠡ | ᠳ᠋ᠦᠩ ᠤᠨ ᠲᠤᠬᠠᠢ ᠮᠡᠳᠡᠭᠦᠯᠦᠯᠲᠡ ᠶᠢ ᠳᠤᠰ ᠳᠤᠰ ᠰᠣᠨᠣᠰᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠦᠨᠳᠦᠰᠦᠲᠡᠨ | ᠬᠠᠷᠢᠶᠠᠲᠤ ᠶᠢᠨ ᠶᠠᠪᠤᠳᠠᠯ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠡᠷᠭᠢᠯᠡᠭᠴᠢ ᠸᠠᠩ ᠰᠢᠤ ᠮᠢᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠢᠯᠢ ᠬᠢᠵᠠᠭᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠦᠷᠢᠮ ︵ᠲᠥᠰᠥᠯ︶︾ ᠤᠨ ᠲᠤᠬᠠᠢ ᠲᠣᠳᠣᠷᠬᠠᠶᠢᠯᠠᠯᠲᠠ︔ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠤᠨ ᠡᠷᠭᠢᠯᠡᠭᠴᠢ ᠭᠡᠰᠢᠭᠦᠨ ᠱᠢ | ᠸᠠᠨ ᠵᠢᠶᠦ᠋ᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠬᠥᠭᠵᠢᠯᠲᠡ ᠶᠢ ᠠᠬᠢᠭᠤᠯᠬᠤ ᠳᠦᠷᠢᠮ ︵ᠲᠥᠰᠥᠯ︶︾ | ᠤᠨ ᠲᠤᠬᠠᠢ ᠲᠣᠳᠣᠷᠬᠠᠶᠢᠯᠠᠯᠲᠠ︔ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ | ᠳᠠᠷᠤᠭ᠎ᠠ ᠭᠦᠸᠧ ᠵᠠᠨ ᠵᠢᠶᠠᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠢᠬᠠᠨ ᠤ ᠦᠢᠯᠡᠰ ᠢ ᠬᠥᠭᠵᠢᠭᠦᠯᠦᠨ ᠮᠠᠨᠳᠤᠭᠤᠯᠬᠤ | ᠳᠦᠷᠢᠮ ︵ᠲᠥᠰᠥᠯ︶︾ ᠤᠨ ᠲᠤᠬᠠᠢ ᠲᠣᠳᠣᠷᠬᠠᠶᠢᠯᠠᠯᠲᠠ︔ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠳᠠᠷᠤᠭ᠎ᠠ ᠦ᠋ ᠵᠧᠨ ᠴᠢᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠤᠨ ᠭᠠᠵᠠᠷ | ᠵᠢᠵᠢᠭ ᠬᠤᠭᠤᠯᠠᠨ ᠭᠡᠷ ᠰᠤᠯᠠ ᠢᠳᠡᠭᠡᠨ ᠤ ᠳᠡᠯᠭᠡᠭᠦᠷ ᠪᠠ ᠢᠳᠡᠭᠡᠨ ᠤ ᠶᠠᠪᠤᠭᠤᠯ ᠬᠤᠳᠠᠯᠳᠤᠭ᠎ᠠ ᠶᠢᠨ ᠬᠠᠮᠢᠶᠠᠷᠤᠯᠲᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ | ᠲᠥᠰᠥᠯ︶︾ ᠤᠨ ᠲᠤᠬᠠᠢ ᠲᠣᠳᠣᠷᠬᠠᠶᠢᠯᠠᠯᠲᠠ︔ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠤᠨ ᠳᠠᠷᠤᠭ᠎ᠠ ᠵᠠᠢ ᠶᠢᠩ ᠵᠢᠶᠦ᠋ᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠳᠦᠷᠢᠮ ︵ | ᠵᠠᠰᠠᠪᠤᠷᠢ ᠣᠷᠣᠭᠤᠯᠤᠭᠰᠠᠨ ᠲᠥᠰᠥᠯ︶︾ ᠤᠨ ᠲᠤᠬᠠᠢ ᠲᠣᠳᠣᠷᠬᠠᠶᠢᠯᠠᠯᠲᠠ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ᠂ ᠠᠵᠢᠯᠲᠠᠨ ᠤ ᠶᠠᠪᠤᠳᠠᠯ ᠤᠨ ᠲᠥᠯᠥᠭᠡᠯᠡᠭᠴᠢ ᠶᠢ ᠰᠣᠩᠭᠤᠬᠤ ᠠᠵᠢᠯ ᠤᠨ | ᠵᠥᠪᠯᠡᠯ ᠤᠨ ᠡᠷᠭᠢᠯᠡᠭᠴᠢ ᠭᠦᠸᠧ ᠰᠢᠨ ᠤ ᠬᠢᠭᠰᠡᠨ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠭᠦᠢᠴᠡᠳᠬᠡᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠥᠯ︶︾ ᠶᠢᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃ | ᠬᠤᠷᠠᠯ ᠠᠴᠠ ᠪᠠᠰᠠ ᠲᠣᠭᠤᠷᠢᠭ ᠪᠠᠶᠢᠭᠤᠯᠤᠭᠰᠠᠨ ᠬᠡᠰᠡᠭ ᠬᠤᠳᠠ ᠶᠢᠨ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ | ᠲᠣᠭᠲᠠᠭᠠᠯ ᠢ ᠬᠢᠨᠠᠨ ᠵᠥᠪᠯᠡᠪᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ᠂ | ᠭᠡᠰᠢᠭᠦᠨ᠂ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠠᠵᠢᠯ ᠤᠨ ᠪᠠᠶᠢᠭᠤᠯᠤᠮᠵᠢ᠂ ᠠᠶᠢᠮᠠᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠭ ᠪᠠᠶᠢᠭᠤᠯᠤᠭᠰᠠᠨ | ᠬᠤᠳᠠ᠂ ᠲᠥᠯᠥᠪᠯᠡᠭᠡ ᠳᠤ ᠲᠤᠰᠠᠭᠠᠷ ᠵᠢᠭᠰᠠᠭᠠᠭᠰᠠᠨ ᠬᠤᠳᠠ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠪᠣᠯᠣᠨ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ |