ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠣᠨ ᠵᠧᠵᠢᠶᠠᠩ ᠶᠡᠭᠡ ᠰᠤᠷᠭᠠᠭᠤᠯᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ ᠸᠠᠩ ᠯᠢ ᠰᠢᠶᠠ ᠷᠧᠨ ᠱᠤᠤ ᠪᠦᠸᠧ ᠲᠠᠢ ᠠᠭᠤᠯᠵᠠᠭᠰᠠᠨ ᠪᠥᠭᠡᠳ ᠵᠥᠪᠯᠡᠯᠴᠡᠭᠡᠷ ᠲᠣᠭᠲᠠᠬᠤ ᠶᠢ ᠭᠡᠷᠡᠴᠢᠯᠡᠵᠡᠢ
ᠨᠡᠶᠢᠲᠡᠯᠡᠭᠰᠡᠨ ᠴᠠᠭ᠄
2023/9/27
       9 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠣᠨ ᠵᠧᠵᠢᠶᠠᠩ ᠶᠡᠭᠡ ᠰᠤᠷᠭᠠᠭᠤᠯᠢ ᠭᠦᠭᠡᠬᠤᠲᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠧᠵᠢᠶᠠᠩ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠷᠧᠨ ᠱᠤᠤ ᠪᠦᠸᠧ ᠨᠠᠷ ᠲᠠᠢ ᠠᠭᠤᠯᠵᠠᠭᠰᠠᠨ ᠪᠥᠭᠡᠳ ᠵᠥᠪᠯᠡᠯᠴᠡᠭᠡᠷ ᠲᠣᠭᠲᠠᠬᠤ ᠶᠢ ᠬᠠᠮᠲᠤ ᠪᠠᠷ ᠭᠡᠷᠡᠴᠢᠯᠡᠪᠡ᠃
0927-2.jpg
       9 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ
0927-3.jpg
       ᠸᠠᠩ ᠯᠢ ᠰᠢᠶᠠ ᠵᠧᠵᠢᠶᠠᠩ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠷᠧᠨ ᠱᠤᠤ ᠪᠦᠸᠧ ᠨᠠᠷ ᠲᠠᠢ ᠠᠭᠤᠯᠵᠠᠪᠠ        ᠸᠠᠩ ᠯᠢ ᠰᠢᠶᠠ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠳᠡᠭᠡᠷ᠎ᠡ ᠳᠣᠣᠷ᠎ᠠ ᠱᠠᠲᠤ ᠪᠠᠷ ᠢᠶᠠᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠬᠦᠴᠦᠨ ᠢᠶᠠᠨ ᠲᠥᠪᠯᠡᠷᠡᠭᠦᠯᠵᠦ ᠪᠤᠢ᠂ ᠵᠧᠵᠢᠶᠠᠩ ᠶᠡᠭᠡ ᠰᠤᠷᠭᠠᠭᠤᠯᠢ ᠯᠤᠭ᠎ᠠ ᠶᠢᠨ ᠬᠠᠮᠲᠤᠷᠠᠯᠴᠠᠭᠠᠨ ᠤ ᠣᠷᠣᠨ ᠵᠠᠢ ᠥᠷᠭᠡᠨ᠂ ᠲᠠᠯᠳᠠ ᠬᠦᠴᠦᠨ ᠶᠡᠭᠡ ᠪᠠᠶᠢᠨ᠎ᠠ᠂ ᠣᠷᠣᠨ ᠨᠤᠲᠤᠭ ᠪᠠ ᠰᠤᠷᠭᠠᠭᠤᠯᠢ ᠬᠤᠶᠠᠷ ᠲᠠᠯ᠎ᠠ ᠪᠠᠷ ᠢᠶᠠᠨ ᠡᠯ᠎ᠡ ᠬᠦᠷᠢᠶᠡᠨ ᠤ ᠵᠣᠯᠭᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠢᠯᠠᠩᠭᠤᠶ᠎ᠠ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠲᠠᠯ᠎ᠠ ᠪᠠᠷ ᠭᠠᠷ ᠬᠤᠯᠪᠣᠯᠴᠠᠨ᠂ ᠬᠠᠮᠲᠤ ᠪᠠᠷ ᠴᠢᠷᠮᠠᠶᠢᠵᠤ ᠪᠠᠶᠢᠭᠠᠳ ᠥᠪᠥᠷ ᠮᠣᠩᠭᠤᠯ ᠤᠨ ︽ᠲᠤᠭ᠎ᠠ ᠬᠡᠮᠵᠢᠶ᠎ᠡ︾ ᠶᠢᠨ ᠡᠬᠢ ᠪᠠᠶᠠᠯᠢᠭ ᠤᠨ ᠳᠠᠪᠠᠭᠤᠯᠢᠭ ᠢ ︽ᠴᠢᠨᠠᠷ ᠴᠢᠨᠰᠠᠭ᠎ᠠ︾ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠤᠯᠠᠷᠢᠭᠤᠯᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃ ᠷᠧᠨ ᠱᠤᠤ ᠪᠦᠸᠧ᠂ ᠶᠡᠷᠦᠩᠬᠡᠢ ᠱᠦᠵᠢ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠨᠠᠩ ᠰᠠᠶᠢᠲᠤᠷ ᠨᠠᠶᠢᠳᠠᠪᠤᠷᠢᠵᠢᠭᠤᠯᠬᠤ ᠶᠢ ᠳᠡᠮᠵᠢᠬᠦ ᠪᠣᠯ ᠵᠧᠵᠢᠶᠠᠩ ᠶᠡᠭᠡ ᠰᠤᠷᠭᠠᠭᠤᠯᠢ ᠶᠢᠨ ᠡᠭᠦᠷᠭᠡᠯᠡᠪᠡᠰᠦ ᠵᠣᠬᠢᠬᠤ ᠡᠭᠦᠷᠭᠡ ᠮᠥᠨ᠂ ᠥᠪᠥᠷ ᠮᠣᠩᠭᠤᠯ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ ᠥᠷᠭᠡᠳᠬᠡᠬᠦ ᠪᠠᠷ ᠳᠠᠮᠵᠢᠭᠤᠯᠤᠨ᠂ ︽ᠬᠤᠣᠰ ᠲᠡᠷᠢᠭᠦᠨ ᠵᠡᠷᠭᠡ ︾ ᠶᠢᠨ ᠲᠦᠪᠰᠢᠨ ᠢ ᠳᠡᠭᠡᠭᠰᠢᠯᠡᠭᠦᠯᠭᠦ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠰᠤᠷᠭᠠᠭᠤᠯᠢ ᠪᠠ ᠣᠷᠣᠨ ᠨᠤᠲᠤᠭ ᠤᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃
0927-4.jpg
       9 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠣᠨ ᠵᠧᠵᠢᠶᠠᠩ ᠶᠡᠭᠡ ᠰᠤᠷᠭᠠᠭᠤᠯᠢ ᠭᠦᠭᠡᠬᠤᠲᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃        ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠪᠣᠯᠣᠨ ᠵᠧᠵᠢᠶᠠᠩ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠵᠠᠬᠢᠷᠤᠯ ᠬᠤᠸᠠᠩ ᠰᠢᠶᠠᠨ ᠬᠠᠢ ᠲᠤᠰ ᠲᠤᠰ ᠬᠤᠶᠠᠷ ᠲᠠᠯ᠎ᠠ ᠶᠢ ᠲᠥᠯᠥᠭᠡᠯᠡᠨ ᠵᠥᠪᠯᠡᠯᠴᠡᠭᠡᠷ ᠲᠤ ᠭᠠᠷ ᠤᠨ ᠦᠰᠦᠭ ᠵᠢᠷᠤᠵᠤ᠂ ᠬᠤᠶᠠᠷ ᠲᠠᠯ᠎ᠠ ᠪᠠᠷ ᠢᠶᠠᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠶᠢ ᠴᠢᠩᠭᠠᠳᠬᠠᠬᠤ᠂ ᠴᠢᠳᠠᠪᠤᠷᠢᠲᠠᠨ ᠢ ᠬᠥᠮᠥᠵᠢᠭᠦᠯᠵᠦ ᠰᠣᠯᠢᠯᠴᠠᠬᠤ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠪᠣᠯᠣᠨ᠎ᠠ᠃ᠶᠠᠩ ᠵᠢᠶᠧ᠂ ᠰᠦᠨ ᠵᠢᠶᠦ᠋ᠨ ᠴᠢᠩ ᠠᠵᠢᠯᠯᠠᠭ᠎ᠠ ᠳᠤ ᠣᠷᠣᠯᠴᠠᠵᠠᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ