ᠰᠦᠨ ᠱᠤᠤ ᠴᠧᠩ ᠶᠢᠨ ᠹᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠦ᠋ ᠭᠠᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2023/9/27
       9 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠭᠦᠭᠡᠬᠤᠲᠠ ᠳᠤ ᠶᠢᠨ ᠹᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠦ᠋ ᠭᠠᠩ ᠲᠠᠢ ᠠᠭᠤᠯᠵᠠᠪᠠ᠃
0927-5.jpg
       ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠦ᠋ ᠭᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠥᠪᠥᠷ ᠮᠣᠩᠭᠤᠯ ᠶᠠᠭ ᠰᠢᠨ᠎ᠡ ᠡᠨᠧᠷᠭᠢ ᠶᠢ ᠶᠡᠭᠡ ᠪᠠᠷ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠵᠤ᠂ ᠤᠯᠤᠰ ᠲᠤ ᠨᠠᠩ ᠣᠯᠠᠨ ᠪᠣᠬᠢᠷᠳᠤᠯ ᠦᠭᠡᠢ ᠴᠠᠭᠢᠯᠭᠠᠨ ᠢ ᠨᠡᠮᠡᠷᠢᠯᠡᠬᠦ ᠪᠠᠷ ᠴᠢᠷᠮᠠᠶᠢᠵᠤ᠂ ᠭᠠᠵᠠᠷ ᠣᠷᠣᠨ ᠤ ᠡᠨᠧᠷᠭᠢ ᠬᠡᠷᠡᠭᠯᠡᠬᠦ ᠪᠦᠲᠦᠴᠡ ᠶᠢ ᠲᠦᠷᠭᠡᠳᠬᠡᠨ ᠰᠠᠶᠢᠵᠢᠷᠠᠭᠤᠯᠵᠤ ᠪᠠᠶᠢᠨ᠎ᠠ᠃ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠪᠠᠶᠢᠬᠤ ᠨᠢ ᠪᠣᠬᠢᠷᠳᠤᠯ ᠶᠡᠬᠡᠲᠡᠢ ᠭᠡᠰᠡᠨ ᠦᠭᠡ ᠪᠢᠰᠢ᠂ ᠪᠣᠬᠢᠷᠳᠤᠯ ᠦᠭᠡᠢ ᠴᠠᠭᠢᠯᠭᠠᠨ ᠢᠶᠠᠷ ᠣᠷᠣᠯᠠᠭᠤᠯᠬᠤ ᠶᠢ ᠠᠬᠢᠭᠤᠯᠬᠤ ᠨᠢ ᠶᠡᠭᠡ ᠡᠷᠡᠮᠡᠯᠵᠡᠯ ᠲᠠᠢ ᠶᠤᠮ᠃ ᠥᠪᠥᠷ ᠮᠣᠩᠭᠤᠯ ᠪᠣᠯ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠤᠲᠣᠭᠤᠷ ᠭᠠᠵᠠᠷ ᠪᠣᠯᠣᠨ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠪᠠᠷ ᠥᠨᠳᠥᠷ ᠲᠥᠷᠥᠯ ᠵᠦᠢᠯ ᠢ ᠪᠢᠳᠡ ᠴᠥᠮ ᠪᠦᠭᠦ ᠬᠦᠴᠦᠨ ᠢᠶᠠᠷ ᠢᠶᠠᠨ ᠳᠡᠮᠵᠢᠨ᠎ᠡ᠃ ᠶᠢᠨ ᠹᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠨ ᠳᠤ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠭᠢᠯᠭᠠᠨ ᠲᠣᠣᠷ ᠤᠨ ᠥᠪᠡᠷᠮᠢᠴᠡ ᠳᠠᠪᠠᠭᠤᠯᠢᠭ ᠲᠤ ᠲᠦᠰᠢᠭᠯᠡᠨ᠂ ᠮᠡᠷᠭᠡᠵᠢᠯ ᠤᠨ ᠪᠣᠭᠤᠮᠲᠠ ᠰᠢᠪᠲᠤᠯᠤᠯᠲᠠ ᠪᠠ ᠠᠵᠤ ᠦᠢᠯᠡᠰ ᠤᠨ ᠬᠡᠷᠡᠭᠯᠡᠭᠡ ᠶᠢ ᠴᠢᠩᠭᠠᠳᠬᠠᠵᠤ᠂ ᠮᠠᠨ ᠤ ᠣᠷᠣᠨ ᠤ ᠪᠣᠬᠢᠷᠳᠤᠯ ᠦᠭᠡᠢ ᠴᠠᠭᠢᠯᠭᠠᠨ ᠢᠶᠠᠷ ᠣᠷᠣᠯᠠᠭᠤᠯᠬᠤ ᠠᠯᠬᠤᠴᠠ ᠶᠢ ᠲᠦᠷᠭᠡᠳᠬᠡᠬᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢᠨ ᠲᠦᠪᠰᠢᠨ ᠢ ᠳᠡᠭᠡᠭᠰᠢᠯᠡᠭᠦᠯᠭᠦ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠶᠡᠭᠡ ᠪᠠᠷ ᠴᠢᠯᠦᠭᠡᠯᠡᠵᠦ᠂ ︽ᠤᠷᠢᠳ ᠢᠶᠠᠷ ᠳᠠᠶᠢᠯᠠᠯᠳᠤᠭᠠᠨ ᠬᠢᠬᠦ︾ ᠶᠢ ᠪᠠᠷᠢᠮᠲᠠᠯᠠᠵᠤ᠂ ᠰᠢᠨ᠎ᠡ ᠡᠨᠧᠷᠭᠢ ᠶᠢᠨ ᠲᠦᠷᠦᠯ ᠵᠦᠢᠯ ᠢ ᠲᠦᠷᠭᠡᠨ ᠬᠢᠨᠠᠨ ᠵᠥᠪᠰᠢᠶᠡᠷᠡᠵᠦ᠂ ᠲᠦᠷᠭᠡᠨ ᠪᠦᠲᠦᠭᠡᠨ ᠪᠠᠶᠢᠭᠤᠯᠵᠤ᠂ ᠬᠢᠵᠦ ᠳᠡᠶᠢᠯᠭᠦ ᠶᠢ ᠨᠢ ᠱᠠᠯᠠᠪᠳᠠᠨ ᠬᠢᠬᠦ ᠬᠡᠷᠡᠭᠲᠡᠢ ᠭᠡᠪᠡ᠃       ᠦ᠋ ᠭᠠᠩ ᠶᠢᠨ ᠹᠧᠩ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠺᠤᠮᠫᠠᠨᠢ ᠶᠢᠨ ᠬᠤᠯᠪᠣᠭᠳᠠᠯ ᠪᠦᠬᠦᠢ ᠪᠠᠶᠢᠳᠠᠯ ᠵᠢᠴᠢ ᠥᠪᠥᠷ ᠮᠣᠩᠭᠤᠯ ᠳᠠᠬᠢ ᠠᠵᠤ ᠦᠢᠯᠡᠰ ᠤᠨ ᠪᠠᠶᠢᠷᠢᠰᠢᠭᠤᠯᠤᠯᠲᠠ ᠪᠠ ᠲᠥᠷᠥᠯ ᠵᠦᠢᠯ ᠪᠡᠯᠡ ᠣᠷᠣᠭᠤᠯᠤᠯᠲᠠ ᠶᠢᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ᠂ ᠶᠢᠨ ᠹᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠨᠢ ᠪᠡᠶ᠎ᠡ ᠪᠠᠨ ᠳᠠᠭᠠᠭᠠᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠥᠷ ᠮᠣᠩᠭᠤᠯ ᠳᠠᠬᠢ ᠬᠥᠭᠵᠢᠯᠲᠡ ᠶᠢ ᠮᠠᠰᠢ ᠴᠢᠬᠤᠯᠠᠴᠢᠯᠠ᠂ ᠳᠠᠭᠢᠨ ᠠᠶᠠᠯᠠᠬᠤ ᠲᠥᠯᠥᠪᠯᠡᠭᠡ ᠶᠢ ᠬᠡᠷᠡᠭᠵᠢᠭᠦᠯᠬᠦ ᠪᠣᠯᠣᠨ᠎ᠠ᠂ ᠰᠠᠯᠬᠢᠨ ᠬᠦᠴᠦᠨ ᠤ ᠴᠠᠭᠢᠯᠭᠠᠨ ᠤ ᠰᠢᠨ᠎ᠡ ᠶᠢ ᠡᠭᠦᠳᠬᠦ ᠲᠥᠪ᠂ ᠰᠠᠯᠬᠢᠨ ᠬᠦᠴᠦᠨ ᠤ ᠴᠠᠭᠢᠯᠭᠠᠨ ᠤ ᠲᠤᠷᠰᠢᠯᠲᠠ ᠶᠢᠨ ᠲᠠᠯᠠᠪᠠᠶ᠂ ᠪᠣᠬᠢᠷᠳᠤᠯ ᠦᠭᠡᠢ ᠦᠢᠯᠡᠳᠬᠡᠯ᠂ ᠤᠰᠤᠲᠥ᠋ᠷᠥᠭᠴᠢ ᠦᠢᠯᠡᠳᠬᠦ᠂ ᠴᠢᠳᠠᠪᠤᠷᠢᠲᠠᠨ ᠬᠥᠮᠥᠵᠢᠭᠦᠯᠬᠦ ᠵᠡᠷᠭᠡ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠯᠤᠭ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠬᠦᠰᠡᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠰᠠᠶᠢᠨ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠶᠣᠣ ᠶᠦᠩ ᠪᠦᠸᠧ ᠠᠭᠤᠯᠵᠠᠯᠲᠠ ᠳᠤ ᠣᠷᠣᠯᠴᠠᠵᠠᠢ᠃ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ