9 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠲᠤᠰᠬᠠᠢ ᠰᠡᠳᠦᠪᠲᠦ | ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠬᠠᠷᠰᠢᠮᠠᠲᠠᠭᠠᠢ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠪᠣᠳᠠᠲᠠᠢ ᠰᠢᠢᠳᠪᠦᠷᠢᠯᠡᠬᠦ ᠠᠷᠭ᠎ᠠ ᠶᠢ ᠰᠤᠳᠤᠯᠤᠨ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠤᠳᠤᠷᠢᠳᠤᠯᠭ᠎ᠠ | ᠰᠦᠨ ᠸᠧᠢ᠂ ᠬᠥᠩ ᠹᠧᠢ ᠲᠢᠶᠠᠨ ᠵᠢᠴᠢ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ | ᠣᠷᠣᠯᠴᠠᠵᠠᠢ᠃ | | | ᠬᠤᠷᠠᠯ ᠠᠴᠠ᠂ ᠬᠠᠷᠰᠢᠮᠠᠲᠠᠭᠠᠢ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠠᠵᠢᠯ ᠪᠣᠯ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠳᠤ | ᠬᠤᠯᠪᠣᠭᠳᠠᠵᠤ᠂ ᠪᠠᠴᠢᠮ ᠰᠢᠢᠳᠪᠦᠷᠢᠯᠡᠬᠦ ᠴᠢᠬᠤᠯᠠᠲᠠᠢ ᠠᠷᠠᠳ ᠤᠨ ᠠᠮᠢᠳᠤᠷᠠᠯ ᠤᠨ ᠠᠰᠠᠭᠤᠳᠠᠯ ᠮᠥᠨ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠤᠷᠢᠳᠴᠢᠯᠠᠨ | ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠰᠢᠨᠵᠢᠯᠡᠬᠦ | ᠤᠬᠠᠭᠠᠨᠴᠢ ᠪᠠᠷ ᠰᠡᠷᠭᠡᠶᠢᠯᠡᠨ ᠵᠠᠰᠠᠬᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠥᠷᠭᠡᠨ ᠤᠯᠠᠨ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ | ᠪᠦᠲᠦᠮᠵᠢᠲᠡᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠲᠥᠰᠥᠯ ᠲᠣᠭᠲᠠᠭᠠᠵᠤ᠂ ᠡᠷᠡᠭᠦᠯ ᠮᠡᠨᠳᠦ ᠶᠢᠨ | ᠪᠠᠶᠢᠴᠠᠭᠠᠯᠲᠠ ᠬᠢᠬᠦ᠂ ᠤᠷᠢᠳᠴᠢᠯᠠᠨ ᠰᠡᠷᠭᠡᠶᠢᠯᠡᠵᠦ ᠭᠠᠷ ᠲᠦᠷᠦᠭᠦ᠂ ᠡᠮᠴᠢᠯᠡᠭᠡᠨ ᠤ ᠠᠪᠤᠷᠠᠨ ᠵᠠᠰᠠᠬᠤ ᠵᠡᠷᠭᠡ ᠠᠵᠢᠯ ᠢ ᠬᠠᠨᠳᠤᠯᠭᠠᠲᠤ ᠴᠢᠨᠠᠷᠲᠠᠢ ᠪᠠᠷ ᠥᠷᠨᠢᠭᠦᠯᠵᠦ᠂ | ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠶ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠢᠨᠵᠢᠯᠡᠬᠦ | ᠤᠬᠠᠭᠠᠨᠴᠢ ᠰᠤᠳᠤᠯᠭᠠᠨ ᠤ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠵᠤ᠂ ᠪᠡᠭᠡᠵᠢᠩ᠂ ᠬᠥᠬᠡᠬᠤᠲᠠ ᠵᠡᠷᠭᠡ ᠭᠠᠵᠠᠷ ᠣᠷᠣᠨ ᠤ ᠲᠤᠰᠬᠠᠢ ᠡᠮᠴᠢᠯᠡᠭᠡᠨ ᠤ | ᠪᠠᠶᠢᠭᠤᠯᠤᠮᠵᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠲᠠᠢ ᠢᠳᠡᠪᠬᠢᠲᠡᠢ ᠪᠠᠷ ᠬᠠᠮᠲᠤᠷᠠᠯᠴᠠᠭ᠎ᠠ ᠥᠷᠨᠢᠭᠦᠯᠵᠦ᠂ ᠲᠡᠷᠢᠭᠦᠨ ᠤ ᠭᠠᠵᠠᠷ ᠣᠷᠣᠨ ᠤ | ᠰᠡᠷᠭᠡᠶᠢᠯᠡᠨ ᠵᠠᠰᠠᠬᠤ ᠲᠤᠷᠰᠢᠯᠭ᠎ᠠ ᠶᠢ ᠰᠤᠷᠤᠯᠴᠠᠵᠤ᠂ ᠬᠠᠷᠰᠢᠮᠠᠲᠠᠭᠠᠢ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠬᠦᠴᠢᠷ ᠠᠰᠠᠭᠤᠳᠠᠯ ᠢ ᠰᠢᠰᠲ᠋ᠧᠮᠲᠤ | ᠴᠢᠨᠠᠷᠲᠠᠢ ᠪᠠᠷ ᠰᠢᠢᠳᠪᠦᠷᠢᠯᠡᠬᠦ ᠬᠡᠷᠡᠭᠲᠡᠢ᠃ ᠠᠮᠢ ᠠᠬᠤᠢ ᠶᠢᠨ ᠣᠷᠴᠢᠨ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠡᠯᠡᠰᠦ ᠶᠢ ᠵᠠᠰᠠᠵᠤ ᠣᠶᠢᠵᠢᠭᠤᠯᠬᠤ ᠪᠠ | ᠭᠤᠣᠯᠳᠠᠯᠭ᠎ᠠ ᠲᠠᠢ ᠣᠷᠣᠨ ᠪᠦᠰᠡ ᠶᠢᠨ ᠤᠶᠢᠵᠢᠭᠤᠯᠤᠯᠳᠠ ᠶᠢ ᠬᠡᠷᠡᠭᠵᠢᠭᠦᠯᠬᠦ ᠵᠡᠷᠭᠡ ᠠᠵᠢᠯ ᠤᠨ ᠳᠤᠮᠳᠠ᠂ ᠬᠠᠷᠰᠢᠬᠤ ᠴᠢᠨᠠᠷᠲᠠᠢ ᠤᠷᠭᠤᠮᠠᠯ ᠲᠠᠷᠢᠬᠤ ᠠᠴᠠ | ᠵᠠᠶᠢᠯᠠᠰᠬᠢᠵᠦ᠂ ᠤᠩᠭᠠᠷᠢᠯ ᠪᠠ ᠰᠢᠷᠠᠯᠵᠢ ᠡᠪᠡᠰᠦᠨ ᠤ ᠴᠡᠴᠡᠭ ᠤᠨ ᠲᠣᠭᠤᠰᠣ ᠶᠢ ᠰᠢᠨᠵᠢᠯᠡᠬᠦ ᠤᠬᠠᠭᠠᠨᠴᠢ ᠪᠠᠷ ᠵᠠᠰᠠᠵᠤ᠂ ᠬᠠᠷᠰᠢᠮᠠᠲᠠᠭᠠᠢ ᠬᠠᠮᠠᠷ ᠤᠨ | ᠦᠷᠪᠢᠰᠦᠯ ᠤᠨ ᠤᠯᠠᠷᠢᠯ ᠤᠨ ᠴᠢᠨᠠᠷᠲᠠᠢ ᠶᠡᠭᠡ ᠳᠡᠯᠭᠡᠷᠡᠬᠦ ᠪᠠᠶᠢᠳᠠᠯ ᠢ ᠨᠠᠮᠳᠠᠭᠤᠯᠬᠤ ᠬᠡᠷᠡᠭᠲᠡᠢ᠃ ᠣᠨᠣᠰᠢᠯᠠᠨ ᠡᠮᠨᠡᠬᠦ ᠴᠢᠳᠠᠪᠤᠷᠢ ᠶᠢᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ᠂ ᠣᠲᠣ ᠶᠢᠨ ᠪᠠᠶᠢᠭ᠎ᠠ ᠡᠮᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠲᠡᠷᠢᠭᠦᠨ ᠤ ᠬᠡᠮᠵᠢᠭᠦᠷᠯᠢᠭ ᠲᠥᠬᠦᠭᠡᠷᠦᠮᠵᠢ ᠪᠠ | ᠰᠢᠨ᠎ᠡ ᠡᠮᠨᠡᠬᠦ ᠠᠷᠭ᠎ᠠ ᠶᠢ ᠣᠷᠣᠭᠤᠯᠤᠨ ᠠᠪᠴᠢᠷᠠᠵᠤ᠂ ᠪᠣᠳᠠᠭᠠᠯᠢ ᠪᠡᠶ᠎ᠡ᠂ ᠣᠯᠠᠨ ᠰᠢᠨᠵᠢᠯᠡᠭᠡᠨ ᠤ ᠶᠡᠷᠦᠩᠬᠡᠶᠢᠯᠡᠭᠰᠡᠨ ᠣᠨᠣᠰᠢᠯᠠᠨ ᠡᠮᠨᠡᠬᠦ ᠶᠢ ᠥᠷᠨᠢᠭᠦᠯᠵᠦ᠂ ᠠᠳᠠᠯᠢ | ᠪᠤᠰᠤ ᠡᠪᠡᠳᠴᠢᠲᠡᠨ ᠤ ᠣᠨᠣᠰᠢᠯᠠᠨ ᠡᠮᠨᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ᠡᠷᠡᠭᠦᠯ ᠮᠡᠨᠳᠦ ᠶᠢᠨ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠣᠯᠠᠨ ᠲᠦᠮᠡᠨ ᠤ ᠬᠠᠷᠰᠢᠮᠠᠲᠠᠭᠠᠢ ᠬᠠᠮᠠᠷ ᠤᠨ ᠦᠷᠪᠢᠰᠦᠯ ᠤᠨ ᠲᠤᠬᠠᠢ ᠲᠠᠨᠢᠯᠲᠠ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ |