ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠬᠦᠨᠵᠡᠭᠡᠶᠢᠷᠡᠬᠦᠯᠦᠨ ᠪᠤᠳᠠᠳᠠᠶᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2023/9/28
       9 ᠰᠠᠷ᠎ᠠ ᠶᠢᠨ 26 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠭᠤᠤ ᠷᠦᠨ ᠰᠢ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠰᠢᠷᠢᠰ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠠᠬᠢᠨ ᠳᠠᠪᠲᠠᠨ ᠰᠤᠷᠤᠯᠴᠠᠵᠤ᠂ ᠦᠵᠡᠯ ᠰᠠᠨᠠᠭ᠎ᠠ ᠪᠠᠨ ᠤᠯᠠᠮ ᠴᠢᠨᠠᠭᠰᠢᠳᠠ ᠨᠢᠭᠡᠳᠬᠡᠵᠦ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠵᠢᠱᠢᠶ᠎ᠡ ᠦᠵᠡᠭᠦᠯᠦᠨ ᠲᠠᠶᠢᠴᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃
0928-2.jpg
       ᠬᠤᠷᠠᠯ ᠳᠡᠭᠡᠷ᠎ᠡ᠂ ᠭᠤᠣᠯ ᠳᠤᠭᠤᠶᠢᠯᠠᠩ ᠤᠨ ᠪᠦᠷᠢᠯᠳᠦᠭᠦᠨ ᠨᠠᠷ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠠᠮᠲᠤ ᠶᠢᠨ ᠰᠤᠷᠤᠯᠴᠠᠯᠭ᠎ᠠ ᠶᠢ ᠬᠠᠮᠲᠤ ᠪᠠᠷ ᠰᠤᠷᠤᠯᠴᠠᠵᠤ᠂ ᠲᠥᠪ ᠤᠨ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ᠂ ᠰᠧᠴᠤᠸᠠᠨ ᠳᠤ ᠰᠢᠨᠵᠢᠯᠡᠨ ᠪᠠᠶᠢᠴᠠᠭᠠᠬᠤ᠂ ᠰᠢᠨᠵᠢᠶᠠᠩ ᠤᠨ ᠤᠶᠢᠭᠤᠷ ᠦᠨᠳᠦᠰᠦᠳᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠠᠵᠢᠯ ᠤᠨ ᠬᠠᠷᠢᠭᠤ ᠮᠡᠳᠡᠭᠦᠯᠦᠯᠲᠡ᠂ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠵᠡᠷᠭᠡ ᠣᠶᠢᠷ᠎ᠠ ᠶᠢᠨ ᠬᠤᠭᠤᠴᠠᠭᠠᠨ ᠤ ᠰᠢᠷᠢᠰ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠨᠤᠰᠴᠤ᠂ ︽ᠰᠢ ᠶᠢᠨ ᠫᠢᠩ ᠤᠨ ᠵᠣᠬᠢᠶᠠᠯ ᠤᠨ ᠰᠣᠩᠭᠤᠮᠠᠯ︾ ︽ᠰᠢ ᠶᠢᠨ ᠫᠢᠩ ᠤᠨ ᠪᠠᠶᠢᠴᠠᠭᠠᠨ ᠰᠤᠳᠤᠯᠤᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠵᠡᠷᠭᠡ ᠰᠤᠷᠤᠯᠴᠠᠬᠤ ᠮᠠᠲ᠋ᠧᠷᠢᠶᠡᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠬᠤᠷᠠᠯ ᠤᠨ ᠠᠵᠢᠯᠯᠠᠭ᠎ᠠ ᠶᠢᠨ ᠵᠣᠷᠢᠭ ᠰᠠᠨᠠᠭ᠎ᠠ ᠶᠢ ᠪᠢᠴᠢᠭ ᠢᠶᠠᠷ ᠰᠤᠷᠤᠯᠴᠠᠪᠠ᠃
0928-3.jpg
       ᠭᠤᠤ ᠷᠦᠨ ᠰᠢ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠣᠯᠭᠠᠨ ᠬᠤᠪᠢᠷᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠯᠳᠡ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ︽ᠬᠤᠶᠠᠷ ᠢ ᠲᠤᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢ ᠦᠨᠡᠨᠬᠦ ᠴᠢᠩᠭᠠᠷᠠᠭᠤᠯᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠷᠠᠳ ᠤᠨ ᠲᠥᠯᠥᠭᠡ ᠵᠢᠳᠬᠦᠬᠦ ᠭᠦᠨ ᠵᠤᠵᠠᠭᠠᠨ ᠬᠠᠶᠢᠷ᠎ᠠ ᠰᠡᠳᠬᠢᠯᠭᠡ ᠪᠣᠯᠭᠠᠨ ᠬᠤᠪᠢᠷᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ  ᠠᠵᠠ ᠵᠢᠷᠭᠠᠯ ᠢ ᠬᠦᠴᠦᠯᠡᠨ ᠨᠡᠮᠡᠭᠳᠡᠭᠦᠯᠬᠦ ᠬᠡᠷᠡᠭᠲᠡᠢ᠃ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠪᠣᠳᠠᠲᠠᠢ ᠶᠢ ᠡᠷᠬᠢᠮᠯᠡᠭᠰᠡᠨ ᠬᠥᠭᠵᠢᠯᠲᠡ ᠶᠢᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ︽ᠬᠤᠶᠠᠷ ᠶᠡᠭᠡ ᠶᠠᠪᠤᠳᠠᠯ︾ ᠢ ᠴᠢᠨᠠᠷ ᠰᠠᠶᠢᠲᠠᠢ ᠪᠡᠶᠡᠯᠡᠭᠦᠯᠬᠦ ᠪᠠ ᠠᠵᠤ ᠦᠢᠯᠡᠰ ᠤᠨ ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠢ ᠪᠣᠳᠠᠲᠠᠶᠢᠵᠢᠭᠤᠯᠬᠤ ᠳᠡᠭᠡᠷ᠎ᠡ ᠦᠨᠡᠨᠬᠦ ᠢᠯᠡᠷᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠬᠦ᠂  ᠭᠠᠳᠠᠭᠠᠳᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠬᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠪᠠᠷ ᠨᠡᠩ ᠤᠯᠠᠨ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠴᠢᠩᠭ᠎ᠠ ᠬᠠᠷᠢᠭᠤᠴᠠᠯᠭ᠎ᠠ ᠡᠭᠦᠷᠭᠡᠯᠡᠯ ᠪᠠ ᠰᠢᠯᠭᠠᠷᠠᠭᠰᠠᠨ ᠰᠤᠷᠲᠠᠯ ᠤᠨ ᠳᠦᠷᠢ ᠲᠥᠷᠬᠦ ᠪᠣᠯᠭᠠᠨ ᠬᠤᠪᠢᠷᠠᠭᠤᠯᠵᠤ᠂ ᠪᠣᠳᠠᠲᠠᠢ ᠶᠢ ᠲᠡᠷᠢᠭᠦᠨ ᠳᠤ ᠲᠠᠯᠪᠢᠬᠤ᠂ ᠠᠵᠢᠯ ᠬᠢᠬᠦ ᠶᠢ ᠲᠡᠷᠢᠭᠦᠨ ᠳᠤ ᠲᠠᠯᠪᠢᠬᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠪᠠ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠷ ᠠᠵᠤ ᠠᠬᠤᠢ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠪᠣᠬᠢᠷᠲᠤᠯ ᠦᠭᠡᠢ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
0928-4.jpg
 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ