ᠵᠢᠢ ᠶᠦᠩ ᠴᠢᠶᠠᠨ ᠲᠤᠰᠬᠠᠢ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ ︽ᠰᠠᠷᠠᠭᠤᠯ ᠲᠠᠯ᠎ᠠ ᠨᠤᠲᠤᠭ ᠰᠠᠬᠤᠯᠢᠭ ᠣᠶ ᠰᠢᠭᠤᠢ  ᠶᠢᠨ ᠵᠢᠭᠤᠯᠴᠢᠯᠠᠯ ᠤᠨ ᠲᠣᠭᠤᠷᠢᠯ ᠵᠠᠮ ᠢ ᠴᠤᠭᠴᠠᠯᠠᠬᠤ ᠲᠤᠬᠠᠢ ᠵᠥᠪᠯᠡᠯᠭᠡ︾ ᠶᠢ ᠬᠦᠢᠴᠡᠳᠬᠡᠬᠦ ᠠᠵᠢᠯ  ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠲᠠᠷᠠᠭᠠᠴᠢ  ᠶᠢᠨ ᠠᠯᠬᠤᠮ ᠤᠨ ᠭᠤᠣᠯᠳᠠᠯᠭ᠎ᠠ ᠲᠠᠢ ᠠᠵᠢᠯ  ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/9/28
       9 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ︽ᠰᠠᠷᠠᠭᠤᠯ ᠲᠠᠯ᠎ᠠ ᠨᠤᠲᠤᠭ ᠰᠠᠬᠤᠯᠢᠭ ᠣᠶ ᠰᠢᠭᠤᠢ ᠶᠢᠨ ᠵᠢᠭᠤᠯᠴᠢᠯᠠᠯ ᠤᠨ ᠲᠣᠭᠤᠷᠢᠯ ᠵᠠᠮ ᠢ  ᠴᠤᠭᠴᠠᠯᠠᠬᠤ ᠲᠤᠬᠠᠢ ᠵᠥᠪᠯᠡᠯᠭᠡ︾ ᠶᠢ ᠭᠦᠢᠴᠡᠳᠬᠡᠬᠦ ᠶᠢ ᠲᠦᠯᠬᠢᠨ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠦᠴᠢᠷ ᠠᠰᠠᠭᠤᠳᠠᠯ᠂ ᠲᠦᠭᠵᠢᠷᠡᠯ ᠤᠨ ᠠᠰᠠᠭᠤᠳᠠᠯ ᠢ ᠭᠦᠨᠵᠡᠭᠡᠢ ᠵᠠᠳᠠᠯᠵᠤ᠂ ᠰᠢᠢᠳᠪᠦᠷᠢᠯᠡᠬᠦ ᠠᠷᠭ᠎ᠠ ᠶᠢ ᠰᠤᠳᠤᠯᠤᠨ ᠵᠣᠬᠢᠴᠠᠭᠤᠯᠵᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ᠬᠤᠳᠠ ᠶᠢᠨ ᠤᠳᠤᠷᠢᠳᠤᠯᠭ᠎ᠠ ᠴᠢ ᠳ᠋ᠢᠶᠠᠨ ᠯᠢ᠂ ᠯᠢᠶᠠᠩ ᠶᠢᠨ ᠰᠦᠩ᠂ ᠶᠠᠭᠰᠢ ᠬᠤᠳᠠ᠂ ᠬᠠᠭᠤᠴᠢᠨ ᠪᠠᠷᠭᠤ ᠬᠤᠰᠢᠭᠤ᠂ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠥᠪᠥᠷ ᠮᠣᠩᠭᠤᠯ ᠤᠨ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
0928-5.jpg
       ᠬᠤᠷᠠᠯ ᠠᠴᠠ᠂ ᠰᠠᠨᠠᠯ ᠵᠥᠪᠯᠡᠯᠭᠡ ᠪᠠ ᠰᠠᠨᠠᠭᠤᠯᠭ᠎ᠠ ᠶᠢ ᠰᠠᠶᠢᠲᠤᠷ ᠰᠢᠢᠳᠪᠦᠷᠢᠯᠡᠬᠦ ᠪᠣᠯ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠨ ᠬᠠᠤᠯᠢ ᠪᠠᠷ ᠲᠣᠭᠲᠠᠭᠠᠭᠰᠠᠨ ᠡᠭᠦᠷᠭᠡ ᠪᠠ  ᠬᠠᠷᠢᠭᠤᠴᠠᠯᠭ᠎ᠠ ᠪᠣᠯᠣᠨ᠎ᠠ᠃ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠵᠦ᠂ ᠬᠦᠴᠢᠷᠳᠡᠯ ᠪᠠ ᠥᠷᠢᠰᠦᠯᠳᠦᠭᠡᠨ ᠳᠤ ᠰᠢᠭᠤᠳ ᠬᠠᠨᠳᠤᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠵᠥᠪᠯᠡᠯᠭᠡ ᠶᠢ ᠰᠢᠢᠳᠪᠦᠷᠢᠯᠡᠬᠦ ᠠᠵᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠶ ᠰᠠᠶᠢᠲᠤᠷ ᠬᠢᠵᠦ᠂ ᠰᠠᠷᠠᠭᠤᠯ ᠲᠠᠯ᠎ᠠ ᠨᠤᠲᠤᠭ ᠰᠠᠬᠤᠯᠢᠭ ᠣᠶ ᠰᠢᠭᠤᠢ ᠶᠢᠨ ᠵᠢᠭᠤᠯᠴᠢᠯᠠᠯ ᠤᠨ ᠲᠣᠭᠤᠷᠢᠯ ᠵᠠᠮ ᠢ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ  ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠥᠯᠥᠭᠡᠯᠡᠬᠦ ᠴᠢᠨᠠᠷᠲᠠᠢ ᠲᠥᠷᠥᠯ ᠵᠦᠢᠯ ᠪᠠ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠲᠠᠭᠠᠰᠢᠶᠠᠭᠳᠠᠭᠰᠠᠨ ᠪᠣᠳᠠᠲᠤ ᠶᠠᠪᠤᠳᠠᠯ ᠤᠨ ᠲᠥᠷᠥᠯ ᠵᠦᠢᠯ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠭᠦᠢᠴᠡᠳᠬᠡᠬᠦ ᠠᠵᠢᠯ ᠤᠨ ᠲᠥᠰᠥᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠦᠷᠭᠡᠳᠬᠡᠵᠦ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦ ᠶᠢᠨ ᠪᠣᠳᠣᠯᠭ᠎ᠠ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠶᠠᠰᠤ ᠴᠢᠨᠠᠷ ᠪᠠ ᠥᠪᠡᠷ ᠤᠨ ᠦᠷᠳᠡᠭ ᠤᠨ ᠬᠠᠮᠢᠶᠠᠷᠤᠯᠲᠠ ᠡᠵᠡᠮᠳᠡᠯ ᠢ ᠴᠢᠩᠳᠠᠯᠠᠵᠤ᠂ ᠲᠣᠭᠤᠷᠢᠯ ᠵᠠᠮ ᠢ ᠡᠷᠲᠡᠬᠡᠨ ᠨᠠᠪᠲᠠᠷᠡᠭᠦᠯᠵᠦ᠂ ᠪᠦᠬᠦ ᠲᠠᠯ᠎ᠠ ᠪᠠᠷ ᠲᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠴᠢᠮᠡᠭᠡ ᠬᠤᠯᠪᠣᠭ᠎ᠠ᠂ ᠪᠠᠴᠢᠮ ᠪᠠᠶᠢᠳᠠᠯ ᠢ ᠠᠷᠭᠠᠴᠠᠭᠠᠬᠤ᠂ ᠵᠤᠭᠠᠴᠠᠯ ᠤᠨ ᠤᠯᠠᠭ᠎ᠠ ᠦᠷᠳᠡᠭᠡ᠂ ᠦᠵᠡᠮᠵᠢ ᠶᠢᠨ ᠲᠠᠪᠴᠠᠩ᠂ ᠦᠢᠯᠡᠴᠢᠯᠡᠭᠡᠨ ᠤ ᠲᠣᠭᠤᠷᠢᠭ ᠵᠡᠷᠭᠡ ᠰᠠᠭᠤᠷᠢ ᠪᠡᠯᠡᠳᠬᠡᠮᠵᠢ ᠶᠢ ᠲᠥᠯᠥᠪᠵᠢᠭᠦᠯᠦᠨ ᠲᠡᠭᠦᠯᠳᠡᠷᠵᠢᠭᠦᠯᠵᠦ᠂ ᠢᠨᠵᠧᠨᠧᠷᠢᠩ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠤᠳᠠ ᠶᠢᠨ ᠠᠷᠠᠳ ᠪᠤᠯᠤᠨ ᠵᠤᠭᠠᠴᠠᠭᠰᠠᠳ ᠲᠤ ᠳᠥᠭᠦᠮ ᠳᠥᠲᠡ ᠵᠠᠮ ᠬᠠᠷᠢᠯᠴᠠᠭᠠᠨ ᠤ ᠦᠢᠯᠡᠴᠢᠯᠡᠭᠡ᠂ ᠴᠢᠨᠠᠷ ᠰᠠᠶᠢᠲᠠᠢ ᠵᠤᠭᠠᠴᠠᠯ ᠤᠨ ᠣᠶᠢᠯᠠᠭᠠᠯᠲᠠ ᠶᠢ ᠡᠳ᠋ᠯᠡᠭᠦᠯᠬᠦ ᠬᠡᠷᠡᠭᠲᠡᠢ᠃ ᠲᠣᠭᠤᠷᠢᠯ ᠵᠠᠮ ᠤᠨ ᠵᠤᠭᠠᠴᠠᠯ ᠤᠨ ᠡᠬᠢ ᠪᠠᠶᠠᠯᠢᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢ ᠴᠢᠩᠭᠠᠷᠠᠭᠤᠯᠵᠤ᠂ ᠵᠠᠮ ᠳᠠᠭᠠᠤ ᠰᠣᠶᠣᠯ ᠵᠤᠭᠠᠴᠠᠯ ᠤᠨ ᠪᠦᠲᠦᠭᠡᠭᠳᠡᠬᠦᠨ ᠤ ᠡᠵᠡᠩᠨᠡᠯᠲᠡ ᠶᠢᠨ ᠬᠡᠯᠪᠡᠷᠢ ᠶᠢ ᠢᠳᠡᠪᠬᠢᠲᠡᠢ ᠨᠡᠭᠡᠭᠡᠨ ᠬᠥᠭᠵᠢᠭᠦᠯᠵᠦ᠂ ᠪᠦᠬᠦ ᠬᠤᠳᠠ ᠶᠢᠨ ᠰᠣᠶᠣᠯ ᠵᠤᠭᠠᠴᠠᠯ ᠤᠨ ᠠᠵᠤ ᠦᠢᠯᠡᠰ ᠤᠨ ᠪᠦᠬᠦ ᠴᠠᠷᠠᠭ᠎ᠠ ᠪᠦᠬᠦ ᠤᠯᠠᠷᠢᠯ ᠪᠦᠬᠦ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠨ ᠬᠢᠨ ᠨᠢᠭᠲᠠ ᠵᠣᠬᠢᠴᠠᠭᠤᠯᠤᠨ ᠬᠠᠮᠵᠢᠯᠴᠠᠵᠤ᠂ ᠴᠤᠭᠭᠠᠷ ᠠᠳᠬᠤᠨ ᠬᠠᠮᠲᠤᠪᠠᠷ ᠬᠠᠮᠢᠶᠠᠷᠴᠤ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠣᠨ ᠠᠷᠠᠳ ᠤᠯᠠᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ