︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠲᠥᠷᠥᠯ ᠬᠤᠪᠢᠶᠠᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ ︵ᠵᠠᠰᠠᠪᠤᠷᠢ ᠣᠷᠣᠭᠤᠯᠤᠭᠰᠠᠨ︶︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/9/28
       ︽ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠭᠡᠮ ᠤᠨ ᠬᠦᠴᠦᠨ ᠤ ᠰᠤᠷᠭᠠᠨ ᠬᠥᠮᠦᠵᠢᠯ ᠡᠷᠭᠢᠯᠡᠬᠦ ᠶᠢ ᠵᠣᠷᠢᠭᠵᠢᠭᠤᠯᠤᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠰᠠᠨᠠᠯ ᠤᠳ︾ ᠪᠣᠯᠤᠨ ᠰᠤᠷᠭᠠᠨ ᠬᠥᠮᠦᠵᠢᠯ ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠤᠨ ︽︿ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠲᠥᠷᠥᠯ ᠬᠤᠪᠢᠶᠠᠨ ᠳᠠᠩᠰᠠᠯᠠᠬᠤ ᠶᠢᠨ ᠬᠡᠷᠡᠭᠵᠢᠭᠦᠯᠬᠦ ᠨᠠᠷᠢᠨ ᠲᠦᠷᠢᠮ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠳᠣᠭᠲᠠᠯᠴᠠᠭ᠎ᠠ ᠶᠢ ᠪᠠᠶᠢᠭᠤᠯᠤᠨ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠦᠭᠡ᠂ 2023 ᠣᠨ ᠤ 8 ᠳ᠋ᠤᠭᠠᠷ ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠵᠦᠪᠯᠡᠯ ᠤᠨ ᠠᠯᠪᠠᠨ ᠬᠡᠷ᠂ ᠠᠷᠠᠳ ᠤᠨ ᠶᠠᠪᠤᠳᠠᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠳᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠲᠥᠷᠥᠯ ᠬᠤᠪᠢᠶᠠᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠳᠦᠭᠦᠮᠴᠢᠯᠡᠨ᠎ᠡ︶ ᠶᠢ ᠳᠠᠷᠤᠮᠠᠯᠯᠠᠨ ᠲᠠᠷᠬᠠᠭᠠᠪᠠ᠃ ᠡᠳᠦᠭᠡ ᠳᠣᠣᠷᠠᠬᠢ ᠮᠡᠲᠦ ᠲᠠᠶᠢᠯᠤᠮᠵᠢ ᠬᠢᠶ᠎ᠡ᠄       ᠨᠢᠭᠡ᠂ ︽ᠠᠷᠭ᠎ᠠ︾ ᠳᠤ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ ᠶᠠᠭᠤ ᠪᠣᠶ︖        ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠲᠥᠷᠥᠯ ᠬᠤᠪᠢᠶᠠᠨ ᠳᠠᠩᠰᠠᠯᠠᠵᠤ ᠲᠥᠷᠥᠯ ᠬᠤᠪᠢᠶᠠᠨ ᠬᠠᠮᠢᠶᠠᠷᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 2018 ᠣᠨ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠣᠯᠠᠨ ᠰᠠᠯᠠᠭ᠎ᠠ ᠮᠥᠴᠢᠷ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠲᠥᠷᠥᠯ ᠬᠤᠪᠢᠶᠠᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠪᠠ᠂ ᠲᠣᠰ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠬᠦᠴᠦᠨ ᠲᠠᠢ ᠬᠤᠭᠤᠴᠠᠭ᠎ᠠ ᠪᠣᠯ ᠬᠤᠶᠠᠷ ᠵᠢᠯ ᠪᠣᠯᠤᠨ᠎ᠠ᠂ ᠣᠲᠣ ᠨᠢᠭᠡᠨᠲᠡ ᠬᠦᠴᠦᠨ ᠥᠬᠡᠶ ᠪᠣᠯᠵᠣ ᠦᠷᠭᠦᠯᠵᠢᠯᠡᠨ ᠬᠡᠷᠡᠭᠯᠡᠬᠦ ᠶᠢᠨ ᠠᠷᠭ᠎ᠠ ᠥᠬᠡᠶ ᠪᠣᠯᠤᠭᠰᠠᠨ ᠪᠥᠭᠡᠳ ᠲᠥᠷᠥᠯ ᠬᠤᠪᠢᠶᠠᠨ ᠳᠠᠩᠰᠠᠯᠠᠬᠤ ᠠᠵᠢᠯ ᠣᠳᠣᠬᠠᠨ ᠳᠤ ᠪᠠᠰᠠ ᠰᠢᠨ᠎ᠡ ᠪᠠᠶᠢᠳᠠᠯ᠂ ᠰᠢᠨ᠎ᠡ ᠠᠰᠠᠭᠤᠳᠠᠯ ᠳᠤ ᠲᠤᠯᠭᠠᠷᠠᠵᠤ ᠪᠠᠶᠢᠭ᠎ᠠ ᠪᠣᠯᠬᠤᠷ ᠲᠣᠰ ᠪᠢᠴᠢᠭ ᠮᠠᠲ᠋ᠧᠷᠢᠶᠠᠯ ᠳᠤ ᠳᠠᠬᠢᠨ ᠵᠠᠰᠠᠪᠤᠷᠢ ᠣᠷᠣᠭᠤᠯᠪᠠ᠃       ᠬᠤᠶᠠᠷ᠂ ︽ᠠᠷᠭ᠎ᠠ︾ ᠳᠤ ᠶᠠᠭᠤᠨ ᠳᠤ ᠬᠠᠮᠲᠤᠷᠠᠨ ᠪᠢᠴᠢᠭ ᠮᠠᠲ᠋ᠧᠷᠢᠶᠠᠯ ᠲᠠᠷᠬᠠᠭᠠᠬᠤ ᠬᠡᠯᠪᠡᠷᠢ ᠶᠢ ᠬᠡᠷᠡᠭᠯᠡᠭᠰᠡᠨ ᠪᠣᠶ︖        ︽ᠠᠷᠭ᠎ᠠ︾ ᠶᠢᠨ ᠱᠠᠭᠠᠷᠳᠠᠯᠭ᠎ᠠ ᠶᠣᠰᠤ ᠪᠠᠷ ᠠᠰᠢᠭ ᠬᠤᠨᠵᠢᠪᠣᠷᠢ ᠶᠢᠨ ᠴᠢᠨᠠᠷᠲᠠᠶ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠪᠦᠷᠢᠳᠬᠡᠨ ᠳᠠᠩᠰᠠᠯᠠᠭᠤᠯᠵᠤ᠂ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢᠶᠠᠷ ᠪᠦᠷᠢᠳᠬᠡᠨ ᠳᠠᠩᠰᠠᠯᠠᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠲᠥᠷᠥᠯ ᠤᠨ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠭᠤᠣᠯᠯᠠᠨ ᠬᠠᠮᠢᠶᠠᠷᠴᠤ᠂ ᠣᠲᠣ ᠪᠠᠶᠢᠭ᠎ᠠ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠳᠠᠩᠰᠠᠯᠠᠬᠤ ᠳᠤ ᠭᠠᠵᠠᠷ ᠰᠢᠷᠣᠶ ᠂ ᠭᠠᠶᠢᠯᠢ ᠶᠢᠨ ᠶᠠᠪᠤᠳᠠᠯ ᠤᠨ ᠵᠦᠢᠯ ᠳᠤ ᠬᠤᠯᠪᠣᠭᠳᠠᠭᠰᠠᠨ ᠪᠣᠯ ᠪᠠᠶᠢᠭᠠᠯᠢ ᠶᠢᠨ ᠡᠬᠢ ᠪᠠᠶᠠᠯᠢᠭ ᠵᠢᠴᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠬᠠᠮᠢᠶᠠᠷᠬᠤ ᠴᠢᠬᠤᠯᠠᠲᠠᠶ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠠᠵᠢᠯ ᠦᠢᠯᠡᠰ ᠤᠨ ᠨᠢᠭᠡᠴᠢ ᠪᠠᠷ ᠳᠠᠩᠰᠠᠯᠠᠭᠰᠠᠨ ᠪᠣᠯ ᠣᠷᠣᠨ ᠲᠣᠭᠠᠨ ᠤ ᠰᠠᠯᠠᠭ᠎ᠠ ᠮᠥᠴᠢᠷ ᠠᠴᠠ ᠬᠠᠮᠢᠶᠠᠷᠴᠤ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠲᠥᠷᠥᠯ ᠬᠤᠪᠢᠶᠠᠨ ᠳᠠᠩᠰᠠᠯᠠᠬᠤ ᠳᠤ ᠵᠠᠷᠢᠮ ᠵᠦᠢᠯ ᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠭᠦᠢᠴᠡᠳᠭᠡᠨ᠎ᠡ᠃       ᠭᠤᠷᠪᠠ᠂ ︽ᠠᠷᠭ᠎ᠠ︾ ᠨᠢ ᠶᠠᠮᠠᠷ ᠪᠠᠶᠢᠭᠤᠯᠤᠮᠵᠢ ᠬᠡᠷᠡᠭᠯᠡᠬᠦ ᠳᠤ ᠳᠣᠭᠢᠷᠠᠬᠤ ᠪᠣᠶ︖        ︽ᠠᠷᠭ᠎ᠠ︾ ᠪᠣᠯ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠲᠥᠷᠥ ᠶᠢᠨ ᠪᠠᠶᠢᠭᠤᠯᠤᠮᠵᠢ ᠠᠴᠠ ᠭᠠᠳᠠᠨᠠᠬᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ᠂ ᠤᠯᠤᠰ ᠤᠨ ᠡᠳ᠋ ᠤᠨ ᠵᠠᠰᠠᠭ ᠤᠨ ᠪᠣᠰᠤ ᠴᠢᠨᠠᠷᠲᠠᠶ ᠵᠠᠷᠤᠳᠠᠯ ᠢ ᠠᠰᠢᠭᠯᠠᠨ᠂ ᠨᠡᠶᠢᠭᠡᠮ ᠳᠤ ᠬᠠᠨᠳᠤᠭᠤᠯᠤᠨ ᠡᠷᠭᠢᠯᠡᠭᠰᠡᠨ ᠰᠤᠷᠭᠠᠭᠤᠯᠢ ᠵᠢᠴᠢ ᠪᠤᠰᠤᠳ ᠰᠤᠷᠭᠠᠨ ᠬᠥᠮᠦᠵᠢᠯ ᠤᠨ ᠪᠠᠶᠢᠭᠤᠯᠤᠮᠵᠢ ᠬᠡᠷᠡᠭᠯᠡᠬᠦ ᠳᠤ ᠳᠣᠭᠢᠷᠠᠨ᠎ᠠ᠃ ︽ᠠᠷᠭ᠎ᠠ︾ ᠳᠤ ᠲᠣᠭᠲᠠᠭᠠᠯ ᠭᠠᠷᠭᠠᠭᠰᠠᠨ ᠥᠬᠡᠶ ᠪᠣᠯ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠳᠦᠷᠢᠮ᠂ ᠲᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠶᠣᠰᠤ ᠪᠠᠷ ᠬᠡᠷᠡᠭᠵᠢᠭᠦᠯᠦᠨ᠎ᠡ᠃       ᠳᠥᠷᠪᠡ᠂ ︽ᠠᠷᠭ᠎ᠠ︾ ᠶᠢᠨ ᠭᠤᠤᠯ ᠠᠭᠤᠯᠭ᠎ᠠ ᠶᠠᠭᠤ ᠪᠣᠶ︖        ︽ᠠᠷᠭ᠎ᠠ︾ ᠶᠢᠨ ᠪᠥᠬᠦ ᠠᠭᠤᠯᠭ᠎ᠠ ᠲᠤᠯᠤᠭᠠᠨ ᠪᠦᠯᠦᠭ᠂ ᠲᠠᠪᠢᠨ ᠨᠠᠢᠮᠠᠨ ᠵᠤᠷᠪᠤᠰ ᠪᠣᠶ᠃ ︽ᠠᠷᠭ᠎ᠠ︾ ᠳᠤ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠲᠥᠷᠥᠯ ᠬᠤᠪᠢᠶᠠᠨ ᠬᠠᠮᠢᠶᠠᠷᠬᠤ ᠪᠠ ᠳᠠᠩᠰᠠᠯᠠᠬᠤ ᠪᠦᠷᠢᠨ ᠲᠡᠭᠦᠯᠳᠡᠷ ᠲᠣᠭᠲᠠᠴᠠ ᠶᠢ ᠬᠦᠴᠦᠯᠡᠨ ᠪᠠᠶᠢᠭᠤᠯᠵᠤ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ︽ᠬᠠᠮᠢᠭ᠎ᠠ ᠳᠠᠩᠰᠠᠯᠠᠬᠤ︾᠂ ︽ᠶᠠᠭᠠᠬᠢᠵᠤ ᠳᠠᠩᠰᠠᠯᠠᠬᠤ︾ ᠵᠢᠴᠢ ᠣᠲᠣ ᠪᠠᠶᠢᠭ᠎ᠠ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠶᠠᠭᠠᠬᠢᠵᠤ ᠲᠥᠷᠥᠯ ᠬᠤᠪᠢᠶᠠᠨ ᠰᠣᠩᠭᠤᠬᠤ᠂ ᠰᠢᠯᠵᠢᠭᠦᠯᠦᠨ ᠳᠣᠭᠢᠷᠠᠭᠤᠯᠬᠤ᠂ ᠶᠠᠭᠠᠬᠢᠵᠤ ᠭᠦᠢᠴᠡᠳᠭᠡᠪᠡᠯ ᠵᠣᠬᠢᠬᠤ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠨ᠎ᠡ᠃ ᠪᠢᠴᠢᠭ ᠮᠠᠲ᠋ᠧᠷᠢᠶᠠᠯ ᠳᠤ ᠤᠯᠤᠰ ᠠᠴᠠ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠪᠠ ᠠᠰᠢᠭ ᠬᠤᠨᠵᠢᠪᠣᠷᠢ ᠶᠢᠨ ᠴᠢᠨᠠᠷᠲᠠᠶ ᠬᠤᠶᠠᠷ ᠲᠥᠷᠥᠯ ᠤᠨ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠵᠥᠪᠰᠢᠶᠡᠷᠡᠨ ᠳᠠᠩᠰᠠᠯᠠᠬᠤ ᠪᠠ ᠬᠢᠨᠠᠨ ᠬᠠᠮᠢᠶᠠᠷᠬᠤ ᠵᠠᠷᠴᠢᠮ ᠢ ᠳᠠᠬᠢᠨ ᠲᠣᠳᠣᠷᠬᠠᠶᠢᠯᠠᠭᠰᠠᠨ ᠰᠠᠭᠤᠷᠢᠨ ᠳᠡᠭᠡᠷ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠂ ᠰᠤᠷᠭᠠᠭᠤᠯᠢ ᠶᠢᠨ ᠬᠠᠤᠯᠢ ᠶᠢᠨ ᠡᠷᠬᠡᠲᠦ ᠬᠥᠮᠦᠨ ᠤ ᠵᠠᠰᠠᠬᠤ ᠪᠦᠲᠦᠴᠡ᠂ ᠣᠲᠣ ᠪᠠᠶᠢᠭ᠎ᠠ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠢᠯᠵᠢᠯᠲᠡ᠂ ᠨᠥᠬᠦᠪᠥᠷᠢ ᠥᠭᠬᠦ ᠪᠠ ᠱᠠᠩᠨᠠᠬᠤ ᠶᠢ ᠵᠣᠭᠰᠣᠭᠠᠬᠤ ᠵᠢᠴᠢ ᠶᠡᠷᠦᠩᠬᠡᠶᠢᠯᠡᠨ ᠬᠢᠨᠠᠨ ᠬᠠᠮᠢᠶᠠᠷᠬᠤ ᠵᠡᠷᠭᠡ ᠲᠠᠯ᠎ᠠ ᠪᠠᠷ ᠤᠯᠠᠮ ᠨᠢᠭᠡ ᠠᠯᠬᠤᠮ ᠨᠠᠷᠢᠯᠢᠬᠵᠢᠭᠤᠯᠪᠠ᠃       ᠲᠠᠪᠤ᠂ ︽ᠠᠷᠭ᠎ᠠ︾ ᠳᠤ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠪᠠᠶᠢᠭᠤᠯᠬᠤ ᠪᠠ ᠳᠠᠩᠰᠠᠯᠠᠬᠤ ᠲᠤᠬᠠᠶ ᠶᠠᠮᠠᠷ ᠲᠣᠭᠲᠠᠭᠠᠯ ᠭᠠᠷᠭᠠᠭᠰᠠᠨ ᠪᠣᠶ︖        ︽ᠠᠷᠭ᠎ᠠ︾ ᠳᠤ ᠠᠷᠠᠳ ᠠᠴᠠ ᠡᠷᠭᠢᠯᠡᠭᠰᠡᠨ ᠰᠤᠷᠭᠠᠭᠤᠯᠢ ᠪᠠᠶᠢᠭᠤᠯᠬᠤ ᠨᠥᠬᠦᠴᠡᠯ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠰᠤᠷᠭᠠᠭᠤᠯᠢ ᠡᠷᠭᠢᠯᠡᠬᠦ ᠪᠠᠯᠠ ᠮᠥᠩᠭᠦ᠂ ᠰᠤᠷᠭᠠᠭᠤᠯᠢ ᠡᠷᠭᠢᠯᠡᠬᠦ ᠠᠭᠤᠯᠭ᠎ᠠ ᠵᠡᠷᠭᠡ ᠶᠢ ᠲᠣᠳᠣᠷᠬᠠᠶᠢᠯᠠᠵᠤ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢ ᠬᠥᠲᠥᠯᠦᠨ ᠳᠠᠭᠠᠭᠤᠯᠬᠤ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠪᠠᠯᠠ ᠮᠥᠩᠭᠦ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠭᠤᠯᠭ᠎ᠠ ᠶᠢ ᠲᠣᠭᠲᠠᠭᠠᠬᠤ ᠳᠤ ᠪᠠᠨ ᠰᠤᠷᠭᠠᠨ ᠬᠥᠮᠦᠵᠢᠯ ᠤᠨ ᠵᠢᠮ᠎ᠡ ᠶᠣᠰᠣ ᠪᠠ ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠣᠨᠴᠠᠯᠢᠭ ᠵᠡᠷᠭᠡ ᠵᠦᠢᠯ ᠢ ᠴᠢᠬᠤᠯᠠᠴᠢᠯᠠᠪᠠ᠃ ᠡᠭᠦᠨ ᠤ ᠬᠠᠮᠲᠤ᠂ ᠠᠷᠠᠳ ᠠᠴᠠ ᠡᠷᠭᠢᠯᠡᠭᠰᠡᠨ ᠰᠤᠷᠭᠠᠭᠤᠯᠢ ᠪᠠᠶᠢᠭᠤᠯᠬᠤ ᠶᠢ ᠪᠡᠯᠡᠳᠬᠡᠨ ᠪᠠᠶᠢᠭᠤᠯᠬᠤ ᠪᠠ ᠪᠠᠶᠢᠭᠤᠯᠬᠤ ᠬᠤᠶᠠᠷ ᠱᠠᠲᠤ ᠬᠤᠪᠢᠶᠠᠵᠤ᠂ ᠵᠢᠩᠬᠢᠨᠢ ᠪᠠᠷ ᠪᠠᠶᠢᠭᠤᠯᠬᠤ ᠨᠥᠬᠦᠴᠡᠯ ᠳᠤ ᠨᠡᠶᠢᠴᠡᠪᠡᠯ ᠪᠡᠯᠡᠳᠬᠡᠨ ᠪᠠᠶᠢᠭᠤᠯᠬᠤ ᠥᠬᠡᠶ ᠪᠠᠷ ᠰᠢᠭᠤᠳ ᠭᠤᠶᠤᠴᠢᠯᠠᠯ ᠭᠠᠷᠭᠠᠵᠤ ᠵᠢᠩᠬᠢᠨᠢ ᠪᠠᠷ ᠪᠠᠶᠢᠭᠤᠯᠵᠤ ᠪᠣᠯᠤᠨ᠎ᠠ ᠭᠡᠵᠦ ᠤᠯᠠᠮ ᠨᠢᠭᠡ ᠠᠯᠬᠤᠮ ᠲᠣᠳᠣᠷᠬᠠᠶᠢᠯᠠᠪᠠ᠃ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠵᠢᠩᠬᠢᠨᠢ ᠪᠠᠷ ᠪᠠᠶᠢᠭᠤᠯᠬᠤ ᠪᠠᠷ ᠭᠤᠶᠤᠴᠢᠯᠠᠬᠤ ᠳᠤ᠂ ᠡᠷᠭᠢᠯᠡᠨ ᠪᠠᠶᠢᠭᠤᠯᠤᠭᠴᠢ ᠠᠴᠠ ᠡᠷᠭᠢᠯᠡᠬᠦ ᠪᠠᠷ ᠪᠠᠶᠢᠭ᠎ᠠ ᠰᠤᠷᠭᠠᠭᠤᠯᠢ ᠶᠢᠨ ᠢᠶᠠᠨ ᠬᠠᠷᠢᠶᠠᠲᠤ ᠴᠢᠨᠠᠷ᠂ ᠲᠠᠰ ᠳᠠᠪᠬᠤᠷᠭ᠎ᠠ᠂ ᠲᠥᠷᠥᠯ ᠢᠯᠭᠠᠯ ᠪᠠ ᠬᠡᠪᠴᠢᠶ᠎ᠡ ᠶᠢ ᠲᠣᠭᠲᠠᠭᠠᠬᠤ ᠬᠡᠷᠡᠭᠲᠡᠶ᠂ ᠭᠡᠪᠡᠴᠦ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠡᠷᠡᠭᠵᠢᠭᠦᠯᠬᠦ ᠠᠰᠢᠭ ᠬᠤᠨᠵᠢᠪᠣᠷᠢ ᠶᠢᠨ ᠴᠢᠨᠠᠷᠲᠠᠶ ᠠᠷᠠᠳ ᠠᠴᠠ ᠡᠷᠭᠢᠯᠡᠭᠰᠡᠨ ᠰᠤᠷᠭᠠᠭᠤᠯᠢ ᠪᠠᠶᠢᠭᠤᠯᠬᠤ ᠶᠢ ᠰᠣᠩᠭᠤᠵᠤ ᠪᠣᠯᠬᠤ ᠥᠬᠡᠶ᠃ ᠡᠭᠦᠨ ᠢ ᠦᠨᠳᠦᠰᠦᠯᠡᠪᠡᠯ᠂ ᠰᠤᠷᠭᠠᠭᠤᠯᠢ ᠡᠷᠬᠢᠯᠡᠭᠴᠢ ᠪᠣᠯ ᠰᠤᠷᠭᠠᠭᠤᠯᠢ ᠡᠷᠭᠢᠯᠡᠬᠦ ᠳᠤ ᠲᠣᠬᠢᠷᠠᠭᠰᠠᠨ ᠰᠤᠷᠭᠠᠭᠤᠯᠢ ᠡᠷᠭᠢᠯᠡᠬᠦ ᠨᠥᠬᠦᠴᠡᠯ ᠢ ᠪᠦᠷᠢᠳᠦᠭᠦᠯᠵᠦ᠂ ᠳᠠᠩᠰᠠᠯᠠᠬᠤ ᠪᠠᠶᠢᠭᠤᠯᠭ᠎ᠠ ᠶᠢᠨ ᠱᠠᠭᠠᠷᠳᠠᠯᠭ᠎ᠠ ᠶᠣᠰᠤ ᠪᠠᠷ ᠨᠡᠷᠡᠶᠢᠳᠦᠯ ᠢᠶᠠᠨ ᠲᠣᠭᠲᠠᠭᠠᠵᠤ᠂ ᠲᠣᠰ ᠨᠡᠷᠡᠶᠢᠳᠦᠯ ᠢᠶᠠᠷ ᠭᠤᠶᠤᠴᠢᠯᠠᠨ᠂ ᠭᠦᠢᠴᠡᠳᠭᠡᠬᠦ ᠮᠠᠲ᠋ᠧᠷᠢᠶᠠᠯ ᠢ ᠪᠡᠯᠡᠳᠬᠡᠭᠰᠡᠨ ᠤ ᠳᠠᠷᠠᠭ᠎ᠠ ᠵᠣᠬᠢᠬᠤ ᠵᠥᠪᠰᠢᠶᠡᠷᠡᠯ ᠥᠭᠬᠦ ᠪᠠᠶᠢᠭᠤᠯᠭ᠎ᠠ ᠠᠴᠠ ᠰᠤᠷᠭᠠᠭᠤᠯᠢ ᠡᠷᠭᠢᠯᠡᠬᠦ ᠵᠥᠪᠰᠢᠶᠡᠷᠡᠯ ᠤᠨ ᠦᠨᠡᠮᠯᠡᠯ ᠭᠤᠶᠤᠴᠢᠯᠠᠨ ᠤᠯᠬᠤ ᠶᠢᠨ ᠬᠠᠮᠲᠤ ᠰᠤᠷᠭᠠᠭᠤᠯᠢ ᠡᠷᠭᠢᠯᠡᠬᠦ ᠵᠥᠪᠰᠢᠶᠡᠷᠡᠯ ᠤᠨ ᠦᠨᠡᠮᠯᠡᠯ ᠢᠶᠠᠷ ᠢᠶᠠᠨ ᠬᠠᠤᠯᠢ ᠶᠢᠨ ᠡᠷᠬᠡᠲᠦ ᠬᠥᠮᠦᠨ ᠳᠠᠩᠰᠠᠯᠠᠬᠤ ᠪᠠᠶᠢᠭᠤᠯᠭ᠎ᠠ ᠳᠤ ᠬᠦᠷᠴᠦ ᠳᠠᠩᠰᠠᠯᠠᠭᠤᠯᠬᠤ ᠭᠠᠷ ᠭᠦᠢᠴᠡᠳᠭᠡᠯ ᠬᠢᠵᠦ᠂ ᠳᠠᠷᠠᠭ᠎ᠠ ᠨᠢ ᠬᠠᠤᠯᠢ ᠶᠣᠰᠤ ᠪᠠᠷ ᠰᠤᠷᠭᠠᠭᠤᠯᠢ ᠡᠷᠭᠢᠯᠡᠬᠦ ᠠᠵᠢᠯᠯᠠᠭ᠎ᠠ ᠥᠷᠨᠢᠭᠦᠯᠵᠦ᠂ ᠰᠤᠷᠭᠠᠭᠤᠯᠢ ᠡᠷᠬᠢᠯᠡᠭᠴᠢ ᠳᠤ ᠵᠠᠮ ᠳᠡᠪᠢᠰᠦᠨ ᠥᠭᠴᠦ᠂ ᠰᠤᠷᠭᠠᠭᠤᠯᠢ ᠡᠷᠭᠢᠯᠡᠬᠦ ᠳᠤ ᠨᠠᠩ ᠠᠰᠢᠭᠲᠠᠶ ᠪᠣᠯᠭᠠᠨ᠎ᠠ᠃ ︽ᠠᠷᠭ᠎ᠠ︾ ᠳᠤ ᠠᠰᠢᠭ ᠬᠤᠨᠵᠢᠪᠣᠷᠢ ᠶᠢᠨ ᠴᠢᠨᠠᠷᠲᠠᠶ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠳᠠᠩᠰᠠᠯᠠᠬᠤ ᠪᠠ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠳᠠᠩᠰᠠᠯᠠᠬᠤ ᠭᠡᠵᠦ ᠬᠤᠶᠠᠷ ᠬᠤᠪᠢᠶᠠᠵᠤ᠂ ᠲᠥᠷᠥᠯ ᠬᠤᠪᠢᠶᠠᠨ ᠳᠠᠩᠰᠠᠯᠠᠬᠤ ᠶᠢᠨ ᠭᠤᠤᠯ ᠣᠨᠴᠠᠯᠢᠭ ᠢ ᠨᠠᠩ ᠰᠠᠶᠢᠲᠤᠷ ᠢᠯᠡᠷᠡᠭᠦᠯᠪᠡ᠃ ᠵᠢᠩᠬᠢᠨᠢ ᠪᠠᠷ ᠵᠥᠪᠰᠢᠶᠡᠷᠡᠨ ᠪᠠᠶᠢᠭᠤᠯᠤᠭᠰᠠᠨ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠠᠷᠠᠳ ᠠᠴᠠ ᠡᠷᠭᠢᠯᠡᠭᠰᠡᠨ ᠰᠤᠷᠭᠠᠭᠤᠯᠢ ︽ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢ ᠳᠠᠩᠰᠠᠯᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠦᠷᠢᠮ︾ ᠵᠡᠷᠭᠡ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢ ᠳᠠᠩᠰᠠᠯᠠᠬᠤ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠪᠡᠯ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠬᠦᠷᠴᠦ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠪᠠᠷ ᠳᠠᠩᠰᠠᠯᠠᠭᠤᠯᠵᠤ᠂ ︽ᠠᠵᠢᠯ ᠦᠢᠯᠡᠰ ᠤᠨ ᠨᠢᠭᠡᠴᠢ ᠶᠢ ᠳᠠᠩᠰᠠᠯᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠦᠷᠢᠮ︾ ᠵᠡᠷᠭᠡ ᠠᠵᠢᠯ ᠦᠢᠯᠡᠰ ᠤᠨ ᠨᠢᠭᠡᠴᠢ ᠶᠢ ᠳᠠᠩᠰᠠᠯᠠᠬᠤ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠪᠡᠯ ᠠᠵᠢᠯ ᠦᠢᠯᠡᠰ ᠤᠨ ᠨᠢᠭᠡᠴᠢ ᠶᠢ ᠳᠠᠩᠰᠠᠯᠠᠬᠤ ᠬᠠᠮᠢᠶᠠᠷᠤᠯᠲᠠ ᠶᠢᠨ ᠪᠠᠶᠢᠭᠤᠯᠭ᠎ᠠ ᠳᠤ ᠣᠴᠢᠵᠤ ᠠᠵᠢᠯ ᠦᠢᠯᠡᠰ ᠤᠨ ᠨᠢᠭᠡᠴᠢ ᠪᠠᠷ ᠳᠠᠩᠰᠠᠯᠠᠭᠤᠯᠤᠨ᠎ᠠ ᠭᠡᠵᠦ ᠲᠣᠳᠣᠷᠬᠠᠶᠢᠯᠠᠪᠠ᠃ ᠵᠢᠩᠬᠢᠨᠢ ᠪᠠᠷ ᠵᠥᠪᠰᠢᠶᠡᠷᠡᠨ ᠪᠠᠶᠢᠭᠤᠯᠤᠭᠰᠠᠨ ᠠᠰᠢᠭ ᠬᠤᠨᠵᠢᠪᠣᠷᠢ ᠶᠢᠨ ᠴᠢᠨᠠᠷᠲᠠᠶ ᠠᠷᠠᠳ ᠠᠴᠠ ᠡᠷᠭᠢᠯᠡᠭᠰᠡᠨ ᠰᠤᠷᠭᠠᠭᠤᠯᠢ ᠨᠢ ᠬᠠᠤᠯᠢ ᠴᠠᠭᠠᠵᠠ ᠬᠠᠤᠯᠢ ᠳᠦᠷᠢᠮ ᠳᠤ ᠲᠣᠭᠲᠠᠭᠠᠭᠰᠠᠨ ᠬᠠᠮᠢᠶᠠᠷᠬᠤ ᠡᠷᠬᠡ ᠶᠢᠨ ᠬᠢᠵᠠᠭᠠᠷ ᠢ ᠦᠨᠳᠦᠰᠦᠯᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠵᠣᠬᠢᠬᠤ ᠳᠠᠩᠰᠠᠯᠠᠭᠤᠯᠬᠤ ᠪᠠᠶᠢᠭᠤᠯᠭ᠎ᠠ ᠳᠤ ᠬᠦᠷᠴᠦ ᠳᠠᠩᠰᠠᠯᠠᠭᠤᠯᠤᠨ᠎ᠠ᠃       ᠵᠢᠷᠭᠤᠭ᠎ᠠ᠂ ︽ᠠᠷᠭ᠎ᠠ︾ ᠳᠠᠬᠢ ᠣᠲᠣ ᠪᠠᠶᠢᠭ᠎ᠠ ᠠᠷᠠᠳ ᠠᠴᠠ ᠡᠷᠭᠢᠯᠡᠭᠰᠡᠨ ᠰᠤᠷᠭᠠᠭᠤᠯᠢ ᠪᠣᠯ ᠶᠠᠮᠠᠷ ᠰᠤᠷᠭᠠᠭᠤᠯᠢ ᠶᠢ ᠵᠢᠭᠠᠵᠤ ᠪᠠᠶᠢᠬᠤ ᠪᠣᠶ︖        ᠲᠤᠰ ᠠᠷᠭ᠎ᠠ ᠳᠤ ᠬᠡᠯᠡᠵᠦ ᠪᠠᠶᠢᠭ᠎ᠠ ᠣᠳᠣ ᠪᠠᠶᠢᠭ᠎ᠠ ᠠᠷᠠᠳ ᠠᠴᠠ ᠡᠷᠬᠢᠯᠡᠭᠰᠡᠨ ᠰᠤᠷᠭᠠᠭᠤᠯᠢ ᠪᠣᠯ 2016 ᠣᠨ ᠤ 11 ᠳ᠋ᠦ᠋ᠭᠡᠷ ᠰᠠᠷ᠎ᠠ ᠶᠢᠨ 7 ᠤ ᠡᠳᠦᠷ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠨᠡᠶᠢᠲᠡᠯᠡᠬᠦ ᠠᠴᠠ ᠡᠮᠦᠨ᠎ᠡ ᠵᠥᠪᠰᠢᠶᠡᠷᠡᠭᠦᠯᠦᠭᠡᠳ ᠪᠠᠶᠢᠭᠤᠯᠤᠭᠰᠠᠨ ᠠᠷᠠᠳ ᠠᠴᠠ ᠡᠷᠬᠢᠯᠡᠭᠰᠡᠨ ᠰᠤᠷᠭᠠᠭᠤᠯᠢ ᠪᠣᠯᠤᠨ᠎ᠠ᠃ 2016 ᠣᠨ ᠤ 11 ᠳ᠋ᠦ᠋ᠭᠡᠷ ᠰᠠᠷ᠎ᠠ ᠶᠢᠨ 7 - 2017 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠪᠣᠯᠲᠠᠯᠠᠬᠢ ᠬᠤᠭᠤᠴᠠᠭᠠᠨ ᠳᠤ ᠪᠠᠶᠢᠭᠤᠯᠤᠭᠰᠠᠨ ᠠᠷᠠᠳ ᠠᠴᠠ ᠡᠷᠭᠢᠯᠡᠭᠰᠡᠨ ᠰᠤᠷᠭᠠᠭᠤᠯᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃       ᠳᠣᠯᠤᠭ᠎ᠠ᠂ ︽ᠠᠷᠭ᠎ᠠ︾ ᠳᠤ ᠣᠲᠣ ᠪᠠᠶᠢᠭ᠎ᠠ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠠᠰᠢᠭ ᠬᠤᠨᠵᠢᠪᠤᠷᠢ ᠶᠢᠨ ᠴᠢᠨᠠᠷᠲᠠᠢ ᠪᠠ ᠠᠰᠢᠭ ᠬᠤᠨᠵᠢᠪᠤᠷᠢ ᠶᠢᠨ ᠪᠣᠰᠤ ᠴᠢᠨᠠᠷᠲᠠᠢ ᠶᠢ ᠰᠣᠩᠭᠤᠬᠤ ᠵᠢᠴᠢ ᠰᠢᠯᠵᠢᠯᠲᠡ ᠶᠢ ᠲᠣᠬᠢᠷᠠᠭᠤᠯᠬᠤ ᠲᠤᠬᠠᠶ ᠶᠠᠮᠠᠷ ᠲᠣᠭᠲᠠᠭᠠᠯ ᠭᠠᠷᠭᠠᠭᠰᠠᠨ ᠪᠣᠶ︖        ︽ᠠᠷᠭ᠎ᠠ︾ ᠳᠤ ᠣᠲᠣ ᠪᠠᠶᠢᠭ᠎ᠠ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠲᠥᠷᠥᠯ ᠬᠤᠪᠢᠶᠠᠨ ᠳᠠᠩᠰᠠᠯᠠᠬᠤ ᠵᠢᠴᠢ ᠰᠢᠯᠵᠢᠯᠲᠡ ᠶᠢ ᠲᠣᠬᠢᠷᠠᠭᠤᠯᠬᠤ ᠳᠤ ᠴᠢᠭᠯᠡᠭᠦᠯᠦᠨ ᠨᠡᠯᠢᠶᠡᠳ ᠨᠠᠷᠢᠨ ᠲᠣᠳᠣᠷᠬᠠᠶ᠂ ᠪᠣᠳᠠᠲᠠᠶ ᠬᠡᠷᠡᠭᠵᠢᠭᠦᠯᠬᠦ ᠴᠢᠨᠠᠷ ᠢᠶᠠᠷ ᠨᠡᠯᠢᠶᠡᠳ ᠴᠢᠩᠭ᠎ᠠ ᠲᠣᠭᠲᠠᠭᠠᠯ ᠭᠠᠷᠭᠠᠪᠠ᠃ ᠨᠢᠭᠡ ᠳᠤ᠂ ᠠᠰᠢᠭ ᠬᠤᠨᠵᠢᠪᠣᠷᠢ ᠶᠢᠨ ᠴᠢᠨᠠᠷᠲᠠᠶ ᠠᠷᠠᠳ ᠠᠴᠠ ᠡᠷᠭᠢᠯᠡᠭᠰᠡᠨ ᠰᠤᠷᠭᠠᠭᠤᠯᠢ ᠪᠣᠯᠭᠠᠨ ᠬᠤᠪᠢᠷᠠᠭᠤᠯᠬᠤ ᠪᠠᠶᠢᠳᠠᠯ ᠢ ᠬᠤᠷᠢᠭᠯᠠᠨ᠂ ᠨᠢᠭᠡ ᠴᠣᠭᠴᠠᠵᠢᠭᠤᠯᠤᠭᠰᠠᠨ ᠳᠦᠷᠢᠮᠲᠦ ᠰᠤᠷᠭᠠᠭᠤᠯᠢ ᠶᠢ ᠰᠠᠯᠭᠠᠵᠤ ᠳᠠᠩᠰᠠᠯᠠᠬᠤ ᠶᠢ ᠲᠣᠳᠤᠷᠬᠠᠶᠢᠯᠠᠬᠤ ᠶᠢᠨ ᠬᠠᠮᠲᠤ ᠲᠥᠷᠥᠯ ᠬᠤᠪᠢᠶᠠᠬᠤ ᠰᠣᠩᠭᠤᠯᠲᠠ ᠬᠢᠭᠰᠡᠨ ᠥᠬᠡᠶ ᠣᠲᠣ ᠪᠠᠶᠢᠭ᠎ᠠ ᠠᠷᠠᠳ ᠠᠴᠠ ᠡᠷᠭᠢᠯᠡᠭᠰᠡᠨ ᠰᠤᠷᠭᠠᠭᠤᠯᠢ ᠵᠢᠴᠢ ᠰᠤᠷᠭᠠᠭᠤᠯᠢ ᠡᠷᠬᠢᠯᠡᠭᠴᠢ 2023 ᠣᠨ ᠤ 8 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠰᠤᠷᠭᠠᠭᠤᠯᠢ ᠶᠢᠨ ᠢᠶᠠᠨ ᠰᠤᠷᠭᠠᠭᠤᠯᠢ ᠡᠷᠭᠢᠯᠡᠬᠦ ᠬᠠᠷᠢᠶᠠᠯᠠᠯ ᠢ ᠰᠣᠩᠭᠤᠵᠤ᠂ ᠲᠥᠷᠥᠯ ᠬᠤᠪᠢᠶᠠᠨ ᠳᠠᠩᠰᠠᠯᠠᠭᠤᠯᠬᠤ ᠭᠤᠶᠤᠴᠢᠯᠠᠯ ᠵᠡᠷᠭᠡ ᠵᠦᠢᠯ ᠢᠶᠠᠨ ᠳᠤᠰᠢᠶᠠᠬᠤ ᠶᠢ ᠱᠠᠭᠠᠷᠳᠠᠵᠤ᠂ ᠣᠲᠣ ᠪᠠᠶᠢᠭ᠎ᠠ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠲᠥᠷᠥᠯ ᠬᠤᠪᠢᠶᠠᠨ ᠳᠠᠩᠰᠠᠯᠠᠬᠤ ᠵᠢᠴᠢ ᠰᠢᠯᠵᠢᠯᠲᠡ ᠶᠢ ᠲᠣᠬᠢᠷᠠᠭᠤᠯᠬᠤ ᠶᠠᠪᠤᠴᠠ ᠳᠤ ᠪᠠᠴᠢᠮ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ ᠬᠠᠷᠢᠭᠤᠯᠪᠠ︔ ᠬᠤᠶᠠᠷ ᠲᠤ᠂ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠠᠷᠠᠳ ᠠᠴᠠ ᠡᠷᠭᠢᠯᠡᠭᠰᠡᠨ ᠰᠤᠷᠭᠠᠭᠤᠯᠢ ᠪᠠᠷ ᠳᠠᠩᠰᠠᠯᠠᠭᠤᠯᠬᠤ ᠶᠢ ᠰᠣᠩᠭᠤᠬᠤ ᠭᠠᠷᠳᠠᠮ ᠭᠦᠢᠴᠡᠳᠭᠡᠬᠦ ᠶᠠᠪᠤᠴᠠ ᠶᠢ ᠲᠣᠳᠣᠷᠬᠠᠶᠢᠯᠠᠵᠤ᠂ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠠᠷᠠᠳ ᠠᠴᠠ ᠡᠷᠭᠢᠯᠡᠭᠰᠡᠨ ᠰᠤᠷᠭᠠᠭᠤᠯᠢ ᠪᠠᠷ ᠳᠠᠩᠰᠠᠯᠠᠭᠤᠯᠬᠤ ᠶᠢ ᠰᠣᠩᠭᠤᠬᠤ ᠳᠤ ᠬᠠᠤᠯᠢ ᠶᠢᠨ ᠡᠷᠬᠡᠲᠦ ᠬᠥᠮᠦᠨ ᠤ ᠰᠢᠨᠵᠢ ᠴᠢᠨᠠᠷ ᠢ ᠰᠣᠩᠭᠤᠭᠰᠠᠨ ᠤ ᠳᠠᠷᠠᠭ᠎ᠠ ᠬᠠᠤᠯᠢ ᠶᠣᠰᠤ ᠪᠠᠷ ᠰᠤᠷᠭᠠᠭᠤᠯᠢ ᠶᠢᠨ ᠲᠦᠷᠢᠮ ᠳᠤ ᠵᠠᠰᠠᠪᠤᠷᠢ ᠣᠷᠣᠭᠤᠯᠬᠤ ᠶᠢᠨ ᠬᠠᠮᠲᠤ ᠬᠠᠤᠯᠢ ᠶᠢᠨ ᠡᠷᠬᠡᠲᠦ ᠬᠥᠮᠦᠨ ᠳᠠᠩᠰᠠᠯᠠᠭᠤᠯᠬᠤ ᠭᠠᠷᠳᠠᠮ ᠭᠦᠢᠴᠡᠳᠭᠡᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ︔ ᠭᠤᠷᠪᠠ ᠳᠤ᠂ ᠠᠰᠢᠭ ᠬᠤᠨᠵᠢᠪᠣᠷᠢ ᠶᠢᠨ ᠴᠢᠨᠠᠷᠲᠠᠶ ᠠᠷᠠᠳ ᠠᠴᠠ ᠡᠷᠭᠢᠯᠡᠭᠰᠡᠨ ᠰᠤᠷᠭᠠᠭᠤᠯᠢ ᠪᠠᠷ ᠳᠠᠩᠰᠠᠯᠠᠭᠤᠯᠬᠤ ᠶᠢ ᠰᠣᠩᠭᠤᠬᠤ ᠠᠵᠢᠯ ᠤᠨ ᠶᠠᠪᠤᠴᠠ ᠶᠢ ᠲᠣᠳᠣᠷᠬᠠᠶᠢᠯᠠᠵᠤ᠂ ᠠᠰᠢᠭ ᠬᠤᠨᠵᠢᠪᠣᠷᠢ ᠶᠢᠨ ᠴᠢᠨᠠᠷᠲᠠᠶ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠠᠵᠢᠯ ᠤᠨ ᠶᠠᠪᠤᠴᠠ ᠶᠢ ᠲᠣᠭᠲᠠᠭᠠᠬᠤ ᠳᠤ ᠪᠠᠨ ᠨᠡᠶᠢᠭᠡᠮ ᠤᠨ ᠨᠡᠶᠢᠲᠡ ᠶᠢᠨ ᠠᠰᠠᠷᠠᠮᠵᠢ᠂ ᠵᠠᠬ᠎ᠠ ᠳᠡᠯᠭᠡᠭᠦᠷ ᠤᠨ ᠡᠮᠬᠢ ᠵᠢᠷᠤᠮ᠂ ᠵᠠᠰᠠᠭ ᠵᠠᠬᠢᠷᠭᠠᠨ ᠤ ᠬᠠᠮᠢᠶᠠᠷᠤᠯᠲᠠ ᠵᠡᠷᠭᠡ ᠣᠯᠠᠨ ᠲᠠᠯ᠎ᠠ ᠶᠢ ᠬᠠᠮᠲᠤ ᠳᠤ ᠨᠢ ᠬᠠᠷᠠᠭᠠᠯᠵᠠᠪᠠ᠃ ᠠᠰᠢᠭ ᠬᠤᠨᠵᠢᠪᠣᠷᠢ ᠶᠢᠨ ᠴᠢᠨᠠᠷᠲᠠᠶ ᠠᠷᠠᠳ ᠠᠴᠠ ᠡᠷᠭᠢᠯᠡᠭᠰᠡᠨ ᠰᠤᠷᠭᠠᠭᠤᠯᠢ ᠪᠠᠷ ᠳᠠᠩᠰᠠᠯᠠᠭᠤᠯᠬᠤ ᠶᠢ ᠰᠣᠩᠭᠤᠪᠠᠯ᠂ ᠰᠣᠩᠭᠤᠯᠲᠠ ᠬᠢᠭᠰᠡᠨ ᠤ ᠳᠠᠷᠠᠭ᠎ᠠ ᠤᠷᠢᠳ ᠢᠶᠠᠷ ᠨᠡᠷᠡᠶᠢᠳᠦᠯ ᠢ ᠬᠢᠨᠠᠨ ᠵᠦᠪᠰᠢᠶᠡᠷᠡᠭᠦᠯᠵᠦ᠂ ᠰᠤᠷᠭᠠᠭᠤᠯᠢ ᠶᠢᠨ ᠲᠦᠷᠢᠮ ᠳᠤ ᠵᠠᠰᠠᠪᠤᠷᠢ ᠣᠷᠣᠭᠤᠯᠤᠨ᠂ ᠡᠳ᠋ ᠤᠨ ᠶᠠᠪᠤᠳᠠᠯ ᠢ ᠢᠯᠭᠠᠷᠠᠭᠤᠯᠤᠨ ᠪᠣᠳᠤᠵᠤ᠂ ᠳᠠᠬᠢᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠰᠢᠯᠵᠢᠯᠲᠡ ᠶᠢᠨ ᠬᠤᠭᠤᠴᠠᠭᠠᠨ ᠤ ᠰᠤᠷᠭᠠᠭᠤᠯᠢ ᠡᠷᠭᠢᠯᠡᠬᠦ ᠵᠥᠪᠰᠢᠶᠡᠷᠡᠯ ᠤᠨ ᠦᠨᠡᠮᠯᠡᠯ ᠭᠤᠶᠤᠴᠢᠯᠠᠨ᠂ ᠳᠠᠩᠰᠠᠯᠠᠬᠤ ᠪᠠᠶᠢᠭᠤᠯᠭ᠎ᠠ ᠳᠤ ᠬᠦᠷᠴᠦ᠂ ᠬᠠᠤᠯᠢ ᠶᠢᠨ ᠡᠷᠬᠡᠲᠦ ᠬᠥᠮᠦᠨ ᠢ ᠳᠠᠩᠰᠠᠯᠠᠭᠤᠯᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ︔ ᠳᠠᠩᠰᠠᠯᠠᠭᠤᠯᠤᠭᠰᠠᠨ ᠤ ᠳᠠᠷᠠᠭ᠎ᠠ ᠭᠠᠶᠢᠯᠢ ᠲᠠᠲᠠᠪᠤᠷᠢ᠂ ᠭᠠᠵᠠᠷ ᠰᠢᠷᠣᠶ᠂ ᠰᠤᠷᠭᠠᠭᠤᠯᠢ ᠶᠢᠨ ᠡᠳ᠋ ᠬᠥᠷᠥᠩᠭᠡ ᠵᠡᠷᠭᠡ ᠵᠦᠢᠯ ᠢ ᠠᠯᠬᠤᠮ ᠠᠯᠬᠤᠮ ᠢᠶᠠᠷ ᠰᠢᠢᠳᠪᠦᠷᠢᠯᠡᠵᠦ᠂ ᠳᠡᠭᠡᠷ᠎ᠡ ᠳᠤᠷᠠᠳᠤᠭᠰᠠᠨ ᠠᠵᠢᠯ ᠢ ᠪᠦᠬᠦᠨ ᠢ ᠭᠦᠢᠴᠡᠳᠭᠡᠭᠰᠡᠨ ᠤ ᠳᠠᠷᠠᠭ᠎ᠠ᠂ ᠳᠠᠬᠢᠨ ᠰᠢᠯᠵᠢᠯᠲᠡ ᠶᠢᠨ ᠬᠤᠭᠤᠴᠠᠭᠠᠨ ᠤ ᠢᠯᠭᠠᠷᠠᠭᠤᠯᠤᠨ ᠪᠣᠳᠤᠯᠲᠠ ᠶᠢ ᠠᠰ ᠲᠤ ᠨᠢ ᠭᠦᠢᠴᠡᠳᠭᠡᠭᠰᠡᠨ ᠤ ᠳᠠᠷᠠᠭ᠎ᠠ ᠵᠢᠩᠬᠢᠨᠢ ᠪᠠᠷ ᠰᠤᠷᠭᠠᠭᠤᠯᠢ ᠡᠷᠭᠢᠯᠡᠬᠦ ᠵᠥᠪᠰᠢᠶᠡᠷᠡᠯ ᠤᠨ ᠦᠨᠡᠮᠯᠡᠯ ᠢ ᠰᠣᠯᠢᠵᠤ ᠣᠯᠭᠤᠨ᠎ᠠ᠃ ᠳᠡᠭᠡᠷ᠎ᠡ ᠳᠤᠷᠠᠳᠤᠭᠰᠠᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠤᠤᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠵᠥᠪᠰᠢᠶᠡᠷᠡᠯ ᠤᠨ ᠦᠨᠡᠮᠯᠡᠯ ᠢ ᠬᠦᠴᠦᠨ ᠥᠬᠡᠶ ᠪᠣᠯᠭᠠᠨ᠎ᠠ᠃       ᠨᠠᠢᠮᠠ᠂ ︽ᠠᠷᠭ᠎ᠠ︾ ᠳᠤ ᠬᠢᠨᠠᠯᠲᠠ ᠬᠠᠮᠢᠶᠠᠷᠤᠯᠲᠠ ᠵᠢᠴᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠤᠬᠠᠶ ᠶᠠᠮᠠᠷ ᠲᠣᠭᠲᠠᠭᠠᠯ ᠭᠠᠷᠭᠠᠭᠰᠠᠨ ᠪᠣᠶ︖        ︽ᠠᠷᠭ᠎ᠠ︾ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠤᠲᠠ᠂ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠢ ᠰᠠᠶᠢᠲᠤᠷ ᠵᠢᠯᠣᠭᠤᠳᠬᠤ ᠪᠠ ᠬᠢᠨᠠᠯᠲᠠ ᠲᠠᠯᠪᠢᠵᠤ᠂ ᠬᠤᠲᠠ᠂ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ ᠶᠣᠰᠤ ᠪᠠᠷ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠰᠠᠶᠢᠲᠤᠷ ᠬᠢᠨᠠᠨ ᠬᠠᠮᠢᠶᠠᠷᠴᠤ᠂ ᠲᠤᠰᠬᠠᠶ ᠪᠠᠶᠢᠴᠠᠭᠠᠯᠲᠠ᠂ ᠡᠳᠦᠷ ᠲᠤᠲᠤᠮ ᠤᠨ ᠪᠠᠶᠢᠴᠠᠭᠠᠯᠲᠠ᠂ ᠰᠤᠷᠭᠠᠭᠤᠯᠢ ᠡᠷᠭᠢᠯᠡᠬᠦ ᠶᠢ ᠦᠨᠡᠯᠡᠨ ᠵᠢᠱᠢᠬᠦ᠂ ᠵᠢᠯ ᠤᠨ ᠪᠠᠶᠢᠴᠠᠭᠠᠯᠲᠠ᠂ ᠵᠢᠯ ᠤᠨ ᠮᠡᠳᠡᠭᠦᠯᠦᠯᠲᠡ ᠵᠡᠷᠭᠡ ᠠᠵᠢᠯ ᠢ ᠬᠠᠤᠯᠢ ᠶᠣᠰᠤ ᠪᠠᠷ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠡᠭᠦᠨ ᠤ ᠰᠠᠭᠤᠷᠢᠨ ᠳᠡᠭᠡᠷ᠎ᠡ ᠰᠤᠷᠭᠠᠭᠤᠯᠢ ᠵᠢᠴᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ︽ᠠᠷᠭ᠎ᠠ︾ ᠶᠢ ᠤᠷᠤᠭᠰᠢᠲᠠᠶ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ ᠭᠡᠵᠦ ᠳᠣᠭᠲᠠᠭᠠᠪᠠ᠃
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ