ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠦᠪᠰᠢᠶᠡᠷᠡᠭᠦᠯᠵᠦ᠂ ᠰᠤᠷᠭᠠᠨ ᠬᠥᠮᠦᠵᠢᠯ ᠤᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ ︽ | ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠰᠤᠷᠭᠠᠨ | ᠡᠳ᠋ ᠤᠨ ᠶᠠᠪᠤᠳᠠᠯ ︹2023︺ 4 ᠳ᠋ᠦ᠋ᠭᠡᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ ᠳᠦᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃ ᠰᠤᠷᠭᠠᠨ | ᠬᠥᠮᠦᠵᠢᠯ ᠤᠨ ᠶᠠᠮᠤᠨ ᠤ ᠡᠳ᠋ ᠤᠨ ᠶᠠᠪᠤᠳᠠᠯ ᠤᠨ ᠵᠤᠷᠭᠠᠨ ᠤ ᠬᠠᠷᠢᠭᠤᠴᠠᠯᠭᠠᠲᠠᠨ ︽ᠮᠡᠳᠡᠭᠳᠡᠯ︾ ᠤᠨ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | 1 . ︽ᠮᠡᠳᠡᠭᠳᠡᠯ︾ ᠢ ᠨᠡᠶᠢᠲᠡᠯᠡᠭᠰᠡᠨ ᠠᠬᠤᠶ ᠪᠠᠶᠢᠳᠠᠯ ᠶᠠᠭᠤ ᠪᠣᠶ︖ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠰᠤᠷᠭᠠᠭᠤᠯᠢ ᠳᠤ | ᠣᠷᠣᠬᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ᠂ ᠰᠤᠷᠭᠠᠨ ᠬᠥᠮᠦᠵᠢᠯ ᠤᠨ ᠡᠷᠬᠡ ᠲᠡᠭᠰᠢ ᠪᠣᠯ | ᠨᠡᠶᠢᠭᠡᠮ ᠤᠨ ᠡᠷᠬᠡ ᠲᠡᠭᠰᠢ ᠶᠢᠨ ᠴᠢᠬᠤᠯᠠ ᠰᠠᠭᠤᠷᠢ ᠮᠥᠨ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠠᠷᠠᠳ ᠲᠦᠮᠡᠨ ᠳᠤ ᠨᠠᠩ | ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠶᠢ ᠲᠠᠰᠤᠷᠠᠯᠲᠠ ᠥᠬᠡᠶ ᠠᠬᠢᠭᠤᠯᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠷ ᠨᠡᠶᠢᠭᠡᠮ ᠤᠨ ᠲᠥᠪ ᠭᠤᠤᠯᠴᠢ | ᠰᠢᠳᠤᠷᠭᠤ ᠶᠣᠰᠣ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠪᠦᠬᠦ ᠰᠤᠷᠤᠯᠭ᠎ᠠ ᠶᠢᠨ | ᠱᠠᠲᠤ ᠶᠢ ᠬᠠᠮᠤᠷᠤᠭᠰᠠᠨ ᠰᠤᠷᠤᠭᠴᠢᠳ ᠢ ᠲᠡᠳᠬᠦᠨ ᠲᠤᠰᠠᠯᠠᠬᠤ ᠳᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ︾ ᠭᠡᠵᠦ ᠲᠣᠳᠣᠷᠬᠠᠶ ᠳᠤᠷᠠᠳᠪᠠ᠃ ᠤᠯᠤᠰ ᠤᠨ | ᠰᠤᠷᠤᠯᠭ᠎ᠠ ᠶᠢ ᠳᠡᠳᠬᠦᠬᠦ ᠵᠢᠭᠡᠯᠡᠯᠭᠡ ᠪᠣᠯ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠷᠭ᠎ᠠ ᠪᠠᠷᠢᠯ ᠢ ᠠᠰᠢᠭᠯᠠᠨ ᠮᠠᠨ ᠤ ᠤᠯᠤᠰ ᠤᠨ ᠡᠩ ᠤᠨ ᠳᠡᠭᠡᠳᠦ | ᠰᠤᠷᠭᠠᠭᠤᠯᠢ ᠶᠢᠨ ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠳᠣᠭᠲᠠᠯᠴᠠᠭ᠎ᠠ ᠶᠢ ᠲᠡᠭᠦᠯᠳᠡᠷᠵᠢᠭᠦᠯᠬᠦ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ᠂ | ᠳᠡᠳᠬᠦᠨ ᠲᠤᠰᠠᠯᠠᠬᠤ ᠡᠲᠡᠭᠡᠳ ᠪᠣᠯ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ | ᠮᠡᠷᠭᠡᠵᠢᠯ ᠤᠨ ᠠᠩᠭᠢ ᠶᠢᠨ ᠰᠤᠷᠤᠭᠴᠢ ᠪᠣᠯᠤᠨ ᠰᠣᠳᠤᠯᠬᠤ ᠰᠤᠷᠤᠭᠴᠢ ᠳᠤ ᠬᠠᠩᠭᠠᠭᠰᠠᠨ ᠰᠤᠷᠤᠯᠭ᠎ᠠ ᠶᠢ ᠳᠡᠳᠬᠦᠬᠦ ᠢᠲᠡᠭᠡᠮᠵᠢᠲᠦ ᠵᠢᠭᠡᠯᠡᠯᠭᠡ ᠪᠠᠶᠢᠵᠤ᠂ | ᠰᠤᠷᠤᠭᠴᠢᠳ ᠢ ᠬᠠᠪᠰᠤᠷᠤᠨ ᠰᠤᠷᠭᠠᠭᠤᠯᠢ ᠳᠤ ᠪᠠᠶᠢᠭ᠎ᠠ ᠬᠤᠭᠤᠴᠠᠭᠠᠨ ᠳᠠᠬᠢ ᠰᠤᠷᠤᠯᠭ᠎ᠠ ᠪᠣᠯᠤᠨ ᠠᠮᠢᠳᠤᠷᠠᠯ ᠤᠨ ᠵᠠᠷᠤᠳᠠᠯ ᠢ ᠰᠢᠢᠳᠪᠦᠷᠢᠯᠡᠨ᠎ᠡ᠃ ᠡᠨᠡ ᠬᠦ | ᠲᠦᠷᠦ ᠶᠢᠨ ᠪᠤᠳᠤᠯᠭ᠎ᠠ ᠶᠢ 1999 ᠣᠨ ᠳᠤ ᠬᠡᠷᠡᠭᠵᠢᠭᠦᠯᠦᠭᠰᠡᠨ ᠠᠴᠠ ᠤᠳᠤ ᠪᠣᠯᠲᠠᠯ᠎ᠠ ᠲᠠᠰᠤᠷᠠᠯᠳᠠ ᠦᠭᠡᠢ ᠲᠡᠭᠦᠯᠳᠡᠷᠵᠢᠭᠦᠯᠪᠡ᠃ 2022 ᠣᠨ ᠤ ᠡᠴᠦᠰ | ᠪᠣᠯᠲᠠᠯ᠎ᠠ᠂ ᠪᠥᠬᠦ ᠤᠯᠤᠰ ᠲᠤ 4000 ᠭᠠᠷᠤᠶ ᠳ᠋ᠦᠩᠰᠢᠭᠤᠷ ᠲᠥᠭᠦᠷᠢᠭ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠲᠠᠯᠪᠢᠵᠤ᠂ 2000 ᠭᠠᠷᠤᠶ ᠲᠦᠮᠡᠨ | ᠰᠣᠷᠣᠭᠴᠢ ᠠᠰᠢᠭ ᠭᠦᠷᠲᠡᠵᠦ᠂ ᠬᠡᠷ ᠤᠨ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠤᠨ ᠰᠤᠷᠤᠯᠭ᠎ᠠ ᠪᠠᠨ ᠤᠷᠤᠭᠰᠢᠲᠠᠶ ᠪᠡᠶᠡᠯᠡᠭᠦᠯᠬᠦ ᠶᠢ ᠬᠦᠴᠦᠲᠡᠶ ᠳᠡᠮᠵᠢᠨ᠂ | ᠰᠤᠷᠭᠠᠨ ᠬᠥᠮᠦᠵᠢᠯ ᠤᠨ ᠭᠤᠤᠯᠴᠢ ᠶᠢ ᠠᠬᠢᠭᠤᠯᠪᠠ᠃ ᠭᠡᠪᠡᠴᠦ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠰᠤᠷᠤᠯᠭ᠎ᠠ ᠶᠢᠨ ᠰᠦᠢᠳᠭᠡᠯ᠂ | ᠦᠨᠳᠦᠰᠦᠨ ᠠᠮᠢᠳᠤᠷᠠᠯ ᠤᠨ ᠰᠦᠢᠳᠭᠡᠯ ᠵᠡᠷᠭᠡ ᠰᠤᠷᠭᠠᠭᠤᠯᠢ ᠳᠤ ᠣᠷᠣᠬᠤ ᠥᠪᠡᠷ ᠤᠨ ᠥᠷᠲᠡᠭ ᠪᠠᠭ᠋ᠠᠨ ᠳᠡᠭᠡᠭᠰᠢᠯᠡᠵᠦ᠂ ᠰᠤᠷᠤᠭᠴᠢ ᠵᠢᠴᠢ ᠭᠡᠷ ᠪᠦᠯᠢ ᠳᠤ | ᠲᠤᠯᠭᠠᠷᠠᠵᠤ ᠪᠠᠶᠢᠭ᠎ᠠ ᠠᠵᠤ ᠠᠬᠤᠶ ᠶᠢᠨ ᠳᠠᠷᠤᠯᠲᠠ ᠪᠣᠯᠤᠨ ᠵᠢᠭᠡᠯᠡᠯᠭᠡ ᠶᠢᠨ ᠬᠡᠷᠡᠭᠴᠡᠭᠡ ᠨᠡᠮᠡᠭᠳᠡᠨ᠂ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠲᠥᠷᠥ ᠶᠢᠨ | ᠪᠣᠳᠣᠯᠭ᠎ᠠ ᠶᠢᠨ ᠴᠡᠪᠡᠷ ᠠᠰᠢᠭ ᠢ ᠤᠯᠠᠮ ᠨᠢᠭᠡ ᠠᠯᠬᠤᠮ ᠲᠠᠯᠪᠢᠵᠤ᠂ ᠰᠤᠷᠤᠭᠴᠢ ᠶᠢᠨ ᠵᠢᠭᠡᠯᠡᠯᠭᠡ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠨ᠂ ᠰᠤᠷᠤᠭᠴᠢ ᠶᠢᠨ | ᠵᠣᠭᠤᠰ ᠪᠤᠴᠠᠭᠠᠬᠤ ᠳᠠᠷᠤᠯᠲᠠ ᠶᠢ ᠬᠥᠩᠭᠡᠷᠡᠭᠦᠯᠦᠨ᠂ ᠰᠤᠷᠤᠭᠴᠢᠳ ᠤᠨ ᠰᠤᠷᠤᠯᠭ᠎ᠠ ᠪᠠᠨ ᠪᠡᠶᠡᠯᠡᠭᠦᠯᠬᠦ᠂ ᠨᠡᠩ ᠰᠠᠶᠢᠨ ᠠᠵᠢᠯ ᠣᠯᠬᠤ ᠶᠢ ᠳᠡᠮᠵᠢᠬᠦ ᠴᠢᠬᠤᠯᠠ ᠲᠠᠢ | ᠪᠠᠶᠢᠨ᠎ᠠ᠃ | 2 . ᠡᠨᠡ ᠤᠳᠠᠭᠠᠨ ᠤ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠬᠦ ᠭᠤᠤᠯ ᠠᠭᠤᠯᠭ᠎ᠠ ᠶᠠᠭᠤ | ᠪᠣᠶ︖ ᠡᠭᠦᠨ ᠳᠤ ᠭᠤᠣᠯᠳᠠᠭᠤ ᠭᠤᠷᠪᠠᠨ ᠲᠠᠯ᠎ᠠ ᠶᠢᠨ ᠠᠭᠤᠯᠭ᠎ᠠ ᠬᠤᠯᠪᠣᠭᠳᠠᠨ᠎ᠠ᠄ | ᠨᠢᠭᠡ ᠳᠤ᠂ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢ ᠰᠤᠷᠤᠭᠴᠢ ᠨᠢᠭᠡ ᠪᠦᠷᠢ ᠳᠤ ᠵᠢᠯ ᠳᠤ ᠬᠠᠮᠤᠭ ᠤᠨ ᠥᠨᠳᠥᠷ ᠲᠤ ᠪᠠᠨ 4000 | ᠲᠥᠭᠦᠷᠢᠭ ᠨᠡᠮᠡᠵᠦ᠂ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠤᠷᠤᠭᠴᠢ ᠶᠢ 12000 ᠲᠥᠭᠦᠷᠢᠭ ᠠᠴᠠ ᠬᠡᠲᠦᠷᠡᠭᠦᠯᠬᠦ ᠦᠭᠡᠶ | ᠪᠠᠶᠢᠭᠰᠠᠨ ᠠᠴᠠ 16000 ᠲᠥᠭᠦᠷᠢᠭ ᠠᠴᠠ ᠬᠡᠲᠦᠷᠡᠭᠦᠯᠬᠦ ᠦᠭᠡᠶ ᠪᠣᠯᠭᠠᠵᠤ᠂ ᠰᠣᠳᠤᠯᠬᠤ ᠰᠤᠷᠤᠭᠴᠢ ᠶᠢ 16000 ᠲᠥᠭᠦᠷᠢᠭ ᠠᠴᠠ ᠬᠡᠲᠦᠷᠡᠭᠦᠯᠬᠦ ᠦᠭᠡᠶ | ᠪᠠᠶᠢᠭᠰᠠᠨ ᠠᠴᠠ 20000 ᠲᠥᠭᠦᠷᠢᠭ ᠠᠴᠠ ᠬᠡᠲᠦᠷᠡᠭᠦᠯᠬᠦ ᠦᠭᠡᠶ ᠪᠣᠯᠭᠠᠨ᠎ᠠ᠃ ᠡᠭᠦᠨ ᠤ ᠬᠠᠮᠲᠤ᠂ ᠲᠥᠷᠥ ᠶᠢᠨ ᠪᠣᠳᠣᠯᠭ᠎ᠠ ᠲᠠᠢ ᠵᠣᠯᠭᠠᠭᠤᠯᠬᠤ ᠶᠢ ᠪᠣᠳᠣᠯᠬᠢᠯᠠᠨ᠂ | ᠴᠡᠷᠢᠭ ᠤᠨ ᠠᠯᠪᠠ ᠬᠠᠭᠠᠬᠤ ᠳᠡᠭᠡᠳᠦ ᠰᠤᠷᠭᠠᠭᠤᠯᠢ ᠶᠢᠨ ᠰᠤᠷᠤᠭᠴᠢ ᠶᠢᠨ ᠰᠤᠷᠤᠯᠭ᠎ᠠ ᠶᠢᠨ ᠰᠦᠢᠳᠬᠡᠯ ᠤᠨ ᠨᠥᠬᠦᠪᠥᠷᠢ᠂ ᠰᠤᠷᠤᠯᠭ᠎ᠠ ᠶᠢᠨ ᠰᠦᠢᠳᠬᠡᠯ ᠳᠤ | ᠬᠡᠷᠡᠭᠯᠡᠬᠦ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢ ᠣᠷᠣᠯᠠᠨ ᠲᠥᠯᠥᠬᠦ ᠪᠠ ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ ᠪᠠᠷᠢᠮᠵᠢᠶ᠎ᠠ ᠵᠢᠴᠢ | ᠦᠨᠳᠦᠰᠦᠨ ᠱᠠᠲᠤᠨ ᠳᠤ ᠠᠵᠢᠯ ᠣᠯᠬᠤ ᠰᠤᠷᠤᠭᠴᠢ ᠶᠢᠨ ᠰᠤᠷᠤᠯᠭ᠎ᠠ ᠶᠢᠨ ᠰᠦᠢᠳᠬᠡᠯ ᠤᠨ ᠨᠥᠬᠦᠪᠥᠷᠢ᠂ ᠰᠤᠷᠤᠯᠭ᠎ᠠ ᠶᠢᠨ ᠰᠦᠢᠳᠬᠡᠯ ᠳᠤ ᠬᠡᠷᠡᠭᠯᠡᠬᠦ ᠤᠯᠤᠰ ᠤᠨ | ᠰᠤᠷᠤᠯᠭ᠎ᠠ ᠶᠢ ᠳᠡᠳᠬᠦᠬᠦ ᠵᠢᠭᠡᠯᠡᠯᠭᠡ ᠶᠢ ᠣᠷᠣᠯᠠᠨ ᠲᠥᠯᠥᠬᠦ ᠪᠠᠷᠢᠮᠵᠢᠶ᠎ᠠ ᠶᠢ ᠵᠣᠬᠢᠴᠠᠩᠭᠤᠶ ᠪᠠᠷ ᠳᠡᠭᠡᠭᠰᠢᠯᠡᠭᠦᠯᠦᠨ᠎ᠡ᠃ | ᠬᠤᠶᠠᠷ ᠲᠤ᠂ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠬᠦᠦ ᠶᠢᠨ ᠨᠣᠷᠮ᠎ᠠ ᠶᠢ 0.3% ᠪᠠᠷ ᠲᠣᠬᠢᠷᠠᠭᠤᠯᠤᠨ ᠬᠠᠰᠤᠵᠤ᠂ ᠠᠳᠠᠯᠢ | ᠬᠤᠭᠤᠴᠠᠭᠠᠨ ᠤ ᠠᠳᠠᠯᠢ ᠲᠠᠰ ᠤᠨ ᠵᠢᠭᠡᠯᠡᠯᠭᠡ ᠶᠢ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ ︵LPR︶ ᠠᠴᠠ 0.3% ᠶᠢ | ᠬᠠᠰᠤᠵᠤ ᠪᠠᠶᠢᠭᠰᠠᠨ ᠢ 0.6% ᠶᠢ ᠬᠠᠰᠤᠬᠤ ᠪᠠᠷ ᠲᠣᠬᠢᠷᠠᠭᠤᠯᠤᠨ᠎ᠠ᠃ | ᠭᠤᠷᠪᠠ ᠳᠤ᠂ ᠰᠣᠳᠤᠯᠬᠤ ᠰᠤᠷᠤᠭᠴᠢ ᠶᠢᠨ ᠬᠤᠳᠠᠯᠳᠤᠭᠠᠨ ᠤ ᠴᠢᠨᠠᠷᠲᠠᠶ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠠᠵᠢᠯ ᠢ ᠥᠷᠨᠢᠭᠦᠯᠵᠦ᠂ ᠰᠣᠳᠤᠯᠬᠤ | ᠰᠤᠷᠤᠭᠴᠢ ᠶᠢᠨ ᠭᠡᠷ ᠪᠦᠯᠢ ᠶᠢᠨ ᠠᠵᠤ ᠠᠬᠤᠶ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠬᠢᠨ ᠭᠠᠷᠳᠠᠮ ᠢ ᠳᠥᠭᠦᠮ ᠳᠥᠲᠡ᠂ ᠲᠦᠭᠰᠢᠭᠦᠷᠢ ᠶᠢ ᠡᠵᠡᠮᠳᠡᠵᠦ ᠪᠣᠯᠬᠤᠶᠢᠴᠠ ᠰᠤᠳᠤᠯᠬᠤ ᠰᠤᠷᠤᠭᠴᠢ ᠶᠢᠨ ᠰᠤᠷᠤᠯᠭ᠎ᠠ ᠶᠢ ᠳᠡᠳᠬᠦᠬᠦ | ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠬᠠᠨᠳᠤᠯᠭᠠᠲᠠᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠬᠤ ᠶᠢᠨ ᠬᠠᠮᠲᠤ ᠵᠢᠭᠡᠯᠡᠯᠭᠡ ᠶᠢᠨ ᠲᠤᠭ᠎ᠠ ᠬᠡᠮᠵᠢᠶ᠎ᠡ᠂ | ᠬᠦᠦ ᠶᠢᠨ ᠨᠣᠷᠮ᠎ᠠ᠂ ᠬᠤᠭᠤᠴᠠᠭ᠎ᠠ ᠬᠢᠵᠠᠭᠠᠷ᠂ ᠵᠣᠭᠤᠰ ᠪᠤᠴᠠᠭᠠᠬᠤ ᠠᠷᠭ᠎ᠠ ᠮᠠᠶ᠋ᠢᠭ ᠵᠡᠷᠭᠡ ᠲᠠᠯ᠎ᠠ ᠪᠠᠷ ᠵᠣᠬᠢᠬᠤ ᠬᠠᠷᠠᠭᠠᠯᠵᠠᠯ ᠦᠵᠡᠭᠦᠯᠦᠨ᠎ᠡ᠃ | 3 . ᠡᠯ᠎ᠡ ᠭᠠᠵᠠᠷ ᠤᠨ ᠳᠡᠬᠡᠳᠦ ᠰᠤᠷᠭᠠᠭᠤᠯᠢ ᠣᠳᠣ ᠶᠠᠭ ᠵᠠᠯᠭᠠᠭ᠎ᠠ ᠪᠠᠷ ᠰᠤᠷᠭᠠᠭᠤᠯᠢ ᠡᠬᠢᠯᠡᠵᠦ ᠪᠠᠶᠢᠨ᠎ᠠ᠂ ᠮᠠᠰᠢ ᠣᠯᠠᠨ ᠰᠤᠷᠤᠭᠴᠢᠳ ᠨᠢᠭᠡᠨᠲᠡ | ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠭᠤᠶᠤᠴᠢᠯᠠᠵᠠᠶ᠂ ᠡᠳᠡᠭᠡᠷ ᠰᠤᠷᠤᠭᠴᠢᠳ ᠰᠢᠨ᠎ᠡ ᠲᠥᠷᠥ ᠶᠢᠨ ᠪᠣᠳᠣᠯᠭ᠎ᠠ ᠶᠢᠨ ᠶᠣᠰᠤ ᠪᠠᠷ ᠰᠤᠷᠤᠯᠭ᠎ᠠ ᠶᠢ | ᠳᠡᠳᠬᠦᠬᠦ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠨᠡᠮᠡᠵᠦ ᠪᠣᠯᠤᠨ᠎ᠠ ᠦᠦ︖ | ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢ ᠨᠢᠭᠡᠨᠲᠡ ᠭᠤᠶᠤᠴᠢᠯᠠᠵᠤ ᠥᠩᠭᠡᠷᠡᠭᠰᠡᠨ ᠰᠤᠷᠤᠭᠴᠢᠳ ᠴᠤ ᠰᠢᠨ᠎ᠡ ᠲᠥᠷᠥ ᠶᠢᠨ ᠪᠣᠳᠣᠯᠭ᠎ᠠ ᠶᠢ | ᠬᠦᠷᠲᠡᠵᠦ ᠪᠣᠯᠤᠨ᠎ᠠ᠃ ᠰᠢᠨ᠎ᠡ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ ᠵᠢᠭᠡᠯᠡᠯᠭᠡ ᠭᠤᠶᠤᠴᠢᠯᠠᠭᠰᠠᠨ ᠰᠤᠷᠤᠭᠴᠢ ᠰᠢᠭᠤᠳ ᠬᠠᠮᠤᠭ ᠤᠨ ᠰᠢᠨ᠎ᠡ | ᠲᠥᠷᠥ ᠶᠢᠨ ᠪᠣᠳᠣᠯᠭ᠎ᠠ ᠶᠣᠰᠤ ᠪᠠᠷ ᠵᠢᠭᠡᠯᠡᠯᠭᠡ ᠶᠢᠨ ᠭᠠᠷᠳᠠᠮ ᠭᠦᠢᠴᠡᠳᠭᠡᠵᠦ ᠪᠣᠯᠤᠨ᠎ᠠ︔ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠠᠴᠠ ᠡᠮᠦᠨ᠎ᠡ᠂ 2023 | ᠣᠨ ᠳᠤ ᠨᠢᠭᠡᠨᠲᠡ ᠵᠢᠭᠡᠯᠡᠯᠭᠡ ᠶᠢᠨ ᠭᠤᠶᠤᠴᠢᠯᠠᠯ ᠢᠶᠠᠨ ᠲᠤᠰᠢᠶᠠᠭᠰᠠᠨ ᠪᠤᠶᠤ ᠵᠣᠭᠤᠰ ᠵᠢᠭᠡᠯᠡᠬᠦ ᠭᠡᠷ᠎ᠡ ᠲᠣᠭᠲᠠᠭᠰᠠᠨ ᠰᠤᠷᠤᠭᠴᠢᠳ ᠪᠣᠳᠠᠲᠠᠶ ᠬᠡᠷᠡᠭᠴᠡᠭᠡ ᠪᠠᠨ | ᠦᠨᠳᠦᠰᠦᠯᠡᠨ᠂ ᠰᠢᠨ᠎ᠡ ᠲᠤᠭ᠎ᠠ ᠬᠡᠮᠵᠢᠶᠡᠨ ᠤ ᠬᠡᠪᠴᠢᠶᠡᠨ ᠳᠤ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢ ᠭᠠᠷᠲᠠᠨ ᠡᠷᠬᠢᠯᠡᠵᠦ ᠪᠠᠶᠢᠭ᠎ᠠ ᠪᠠᠩᠬᠢ ᠠᠴᠠ | ᠵᠢᠭᠡᠯᠡᠯᠭᠡ ᠶᠢᠨ ᠵᠣᠭᠤᠰ ᠤᠨ ᠲᠤᠭ᠎ᠠ ᠪᠠᠨ ᠨᠡᠮᠡᠭᠳᠡᠭᠦᠯᠬᠦ ᠪᠠᠷ ᠭᠤᠶᠤᠴᠢᠯᠠᠵᠤ ᠪᠣᠯᠤᠨ᠎ᠠ᠃ | 4 . ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠭᠤᠤᠯ ᠪᠣᠳᠣᠯᠬᠢᠯᠠᠯ ᠶᠠᠭᠤ ᠪᠣᠶ︖ | ᠦᠯᠡᠳᠡᠪᠦᠷᠢ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠭᠡᠷ᠎ᠡ ᠶᠢ ᠰᠢᠨ᠎ᠡ ᠬᠦᠦ ᠶᠢᠨ ᠨᠣᠷᠮ᠎ᠠ ᠶᠢᠨ ᠶᠣᠰᠤ ᠪᠠᠷ ᠬᠡᠷᠡᠭᠵᠢᠭᠦᠯᠦᠨ᠎ᠡ ᠦᠦ︖ | ᠵᠢᠭᠡᠯᠡᠯᠭᠡ ᠠᠪᠤᠭᠰᠠᠨ ᠰᠤᠷᠤᠭᠴᠢᠳ ᠤᠨ ᠠᠵᠤ ᠠᠬᠤᠶ ᠶᠢᠨ ᠳᠠᠷᠤᠭᠠᠰᠤ ᠶᠢ ᠬᠥᠩᠭᠡᠷᠡᠭᠦᠯᠬᠦ ᠶᠢᠨ ᠲᠥᠯᠦᠭᠡ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ | ᠵᠥᠪᠰᠢᠶᠡᠷᠡᠭᠦᠯᠦᠭᠡᠳ᠂ 2022 ᠣᠨ ᠵᠢᠴᠢ ᠲᠡᠭᠦᠨ ᠠᠴᠠ ᠡᠮᠦᠨᠡᠬᠢ ᠣᠨ ᠳᠤ ᠲᠡᠭᠦᠰᠦᠭᠰᠡᠨ ᠵᠢᠭᠡᠯᠡᠯᠭᠡ ᠠᠪᠤᠭᠰᠠᠨ ᠰᠤᠷᠤᠭᠴᠢᠳ ᠤᠨ 2022 ᠣᠨ ᠳᠤ | ᠪᠤᠴᠠᠭᠠᠬᠤ ᠶᠣᠰᠣᠲᠠᠶ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠵᠦ᠂ ᠡᠲᠡᠭᠡᠷ ᠰᠤᠷᠤᠭᠴᠢᠳ ᠤᠨ 2022 ᠣᠨ ᠤ | ᠪᠤᠴᠠᠭᠠᠬᠤ ᠶᠣᠰᠣᠲᠠᠶ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠡᠬᠡ ᠮᠥᠩᠭᠦ ᠶᠢ ᠵᠢᠭᠡᠯᠡᠯᠭᠡ ᠠᠪᠤᠭᠰᠠᠨ ᠰᠤᠷᠤᠭᠴᠢ ᠥᠪᠡᠰᠦᠪᠡᠨ ᠭᠤᠶᠤᠴᠢᠯᠠᠪᠠᠯ᠂ 1 | ᠵᠢᠯ ᠬᠤᠶᠢᠰᠢᠯᠠᠭᠤᠯᠤᠨ ᠪᠤᠴᠠᠭᠠᠵᠤ ᠪᠣᠯᠤᠨ᠎ᠠ᠂ ᠬᠤᠭᠤᠴᠠᠭ᠎ᠠ ᠤᠷᠲᠤᠳᠬᠠᠭᠰᠠᠨ ᠵᠢᠭᠡᠯᠡᠯᠭᠡ ᠳᠤ ᠲᠣᠷᠭᠠᠭᠤᠯᠢ ᠶᠢᠨ ᠬᠦᠦ ᠪᠠ ᠳᠠᠪᠬᠤᠷ ᠬᠦᠦ ᠶᠢ ᠪᠤᠳᠤᠬᠤ ᠥᠬᠡᠶ᠃ | 2023 ᠣᠨ ᠳᠤ ᠡᠨᠡ ᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠪᠡ᠃ ᠵᠢᠭᠡᠯᠡᠯᠭᠡ ᠠᠪᠬᠤ ᠰᠤᠷᠤᠭᠴᠢᠳ ᠤᠨ ᠠᠵᠤ ᠠᠬᠤᠶ ᠶᠢᠨ ᠳᠠᠷᠤᠭᠠᠰᠤ ᠶᠢ | ᠤᠯᠠᠮ ᠨᠢᠭᠡ ᠠᠯᠬᠤᠮ ᠬᠥᠩᠭᠡᠷᠡᠭᠦᠯᠬᠦ ᠶᠢᠨ ᠲᠥᠯᠦᠭᠡ᠂ ᠡᠨᠡ ᠤᠳᠠᠭᠠᠨ ᠤ ︽ᠮᠡᠳᠡᠭᠳᠡᠯ︾ ᠳᠤ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠬᠦᠦ ᠶᠢᠨ | ᠨᠣᠷᠮ᠎ᠠ ᠶᠢ ᠤᠯᠠᠮ ᠨᠢᠭᠡ ᠠᠯᠬᠤᠮ ᠪᠠᠭᠤᠷᠠᠭᠤᠯᠤᠨ᠎ᠠ ᠭᠡᠵᠦ ᠲᠣᠳᠣᠷᠬᠠᠶ ᠲᠣᠭᠲᠠᠭᠠᠵᠠᠶ᠃ ᠡᠭᠦᠨ ᠠᠴᠠ ᠡᠮᠦᠨ᠎ᠡ ᠨᠢᠭᠡᠨᠲᠡ ᠲᠣᠭᠲᠠᠭᠰᠠᠨ LPR ᠢᠶᠠᠷ ᠯᠠᠪᠯᠠᠯᠲᠠ | ᠪᠣᠯᠭᠠᠭᠰᠠᠨ ᠬᠥᠳᠡᠯᠦᠩᠭᠦᠶ ᠬᠦᠦ ᠶᠢᠨ ᠨᠣᠷᠮ᠎ᠠ ᠲᠠᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠭᠡᠷ᠎ᠡ ᠶᠢ ᠰᠢᠨ᠎ᠡ ᠬᠦᠦ ᠶᠢᠨ ᠨᠣᠷᠮ᠎ᠠ | ᠶᠣᠰᠤ ᠪᠠᠷ ᠬᠡᠷᠡᠭᠵᠢᠭᠦᠯᠵᠦ ᠪᠣᠯᠤᠨ᠎ᠠ᠂ ᠪᠣᠳᠠᠲᠠᠶ ᠳᠠᠭᠠᠭᠠᠨ ᠭᠦᠢᠴᠡᠳᠭᠡᠬᠦ ᠪᠠᠩᠬᠢ ᠪᠣᠯᠤᠨ ᠵᠢᠭᠡᠯᠡᠯᠭᠡ ᠠᠪᠤᠭᠰᠠᠨ ᠰᠣᠷᠣᠭᠴᠢ ᠵᠥᠪᠳᠡᠯᠴᠡᠵᠦ᠂ ᠤᠤᠯ ᠤᠨ ᠭᠡᠷ᠎ᠡ ᠶᠢᠨ | ᠬᠦᠦ ᠶᠢᠨ ᠨᠣᠷᠮ᠎ᠠ ᠶᠢ ᠠᠳᠠᠯᠢ ᠬᠤᠭᠤᠴᠠᠭᠠᠨ ᠤ ᠠᠳᠠᠯᠢ ᠲᠠᠰ ᠤᠨ LPR ᠠᠴᠠ 0. 6% ᠶᠢ ᠬᠠᠰᠤᠵᠤ ᠪᠣᠯᠤᠨ᠎ᠠ᠃ | 5 . ᠰᠣᠳᠤᠯᠬᠤ ᠰᠤᠷᠤᠭᠴᠢ ᠶᠢᠨ ᠬᠤᠳᠠᠯᠳᠤᠭᠠᠨ ᠤ ᠴᠢᠨᠠᠷᠲᠠᠶ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠠᠵᠢᠯ ᠢ ᠥᠷᠨᠢᠭᠦᠯᠬᠦ ᠶᠢᠨ ᠭᠤᠤᠯ ᠪᠣᠳᠣᠯᠬᠢᠯᠠᠯ | ᠶᠠᠭᠤ ᠪᠣᠶ︖ ᠰᠤᠳᠤᠯᠬᠤ ᠰᠤᠷᠤᠭᠴᠢ ᠶᠢᠨ ᠬᠤᠳᠠᠯᠳᠤᠭᠠᠨ ᠤ ᠴᠢᠨᠠᠷᠲᠠᠶ ᠰᠤᠷᠤᠯᠭ᠎ᠠ ᠶᠢ ᠳᠡᠳᠬᠦᠬᠦ ᠵᠢᠭᠡᠯᠡᠯᠭᠡ ᠨᠢ ᠳᠠᠮ ᠬᠦᠦ ᠮᠥᠩᠭᠦ ᠪᠣᠯᠤᠨ ᠲᠦᠭᠰᠢᠭᠦᠷᠢ ᠶᠢᠨ | ᠨᠥᠬᠦᠪᠥᠷᠢ ᠮᠥᠩᠭᠦ ᠶᠢᠨ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠤᠨ᠎ᠠ ᠤᠤ︖ | ᠣᠳᠣᠬᠠᠨ ᠳᠤ᠂ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠠᠪᠬᠤ ᠡᠲᠡᠭᠡᠳ ᠪᠣᠯ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢ | ᠪᠣᠯᠤᠨ᠎ᠠ᠃ ᠰᠣᠳᠤᠯᠬᠤ ᠰᠤᠷᠤᠭᠴᠢ ᠶᠢᠨ ᠱᠠᠲᠤᠨ ᠤ ᠰᠤᠷᠤᠭᠴᠢᠳ ᠤᠨ ᠵᠣᠩᠬᠢᠯᠠᠬᠤ ᠲᠤᠭ᠎ᠠ ᠨᠢ ᠨᠢᠭᠡᠨᠲᠡ ᠨᠠᠰᠤᠨ ᠳᠤ ᠬᠦᠷᠦᠭᠰᠡᠨ ᠪᠠᠶᠢᠪᠠᠯ᠂ ᠬᠤᠳᠠᠯᠳᠤᠭᠠᠨ ᠤ | ᠴᠢᠨᠠᠷᠲᠠᠶ ᠰᠤᠷᠤᠯᠭ᠎ᠠ ᠶᠢ ᠳᠡᠳᠬᠦᠬᠦ ᠵᠢᠭᠡᠯᠡᠯᠭᠡ ᠭᠤᠶᠤᠴᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠤᠷᠭᠠᠭᠤᠯᠢ ᠳᠤ ᠣᠷᠣᠬᠤ ᠵᠠᠷᠤᠳᠠᠯ ᠢᠶᠠᠨ | ᠰᠢᠢᠳᠪᠦᠷᠢᠯᠡᠬᠦ ᠶᠢ ᠳᠡᠮᠵᠢᠵᠦ᠂ ᠰᠤᠷᠤᠭᠴᠢᠳ ᠤᠨ ᠥᠪᠡᠰᠦᠪᠡᠨ ᠬᠦᠴᠦᠷᠬᠡᠭᠵᠢᠬᠦ ᠶᠢ ᠵᠣᠷᠢᠭᠵᠢᠭᠤᠯᠤᠨ᠎ᠠ᠃ ᠰᠣᠳᠤᠯᠬᠤ ᠰᠤᠷᠤᠭᠴᠢ ᠶᠢᠨ ᠬᠤᠳᠠᠯᠳᠤᠭᠠᠨ ᠤ | ᠴᠢᠨᠠᠷᠲᠠᠶ ᠰᠤᠷᠤᠯᠭ᠎ᠠ ᠶᠢ ᠳᠡᠳᠬᠦᠬᠦ ᠵᠢᠭᠡᠯᠡᠯᠭᠡ ᠪᠣᠯ ᠬᠤᠳᠠᠯᠳᠤᠭᠠᠨ ᠤ ᠴᠢᠨᠠᠷᠲᠠᠶ ᠵᠢᠭᠡᠯᠡᠯᠭᠡ ᠪᠣᠯᠬᠤᠷ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠳᠠᠮ | ᠬᠦᠦ ᠪᠣᠯᠤᠨ ᠲᠦᠭᠰᠢᠭᠦᠷᠢ ᠶᠢᠨ ᠨᠥᠬᠦᠪᠥᠷᠢ ᠮᠥᠩᠭᠦ ᠶᠢᠨ ᠲᠥᠷᠥ ᠶᠢᠨ ᠪᠣᠳᠣᠯᠭ᠎ᠠ ᠶᠢ ᠬᠦᠷᠲᠡᠭᠡᠬᠦ ᠦᠭᠡᠶ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠭᠠᠷᠳᠠᠮ ᠢ ᠲᠡᠭᠦᠯᠳᠡᠷᠵᠢᠭᠦᠯᠬᠦ ᠳᠤ ᠳᠥᠭᠦᠮ ᠳᠥᠲᠡ᠂ ᠲᠦᠭᠰᠢᠭᠦᠷᠢ ᠶᠢ ᠡᠵᠡᠮᠳᠡᠵᠦ ᠪᠣᠯᠬᠤᠶᠢᠴᠠ ᠰᠣᠳᠤᠯᠬᠤ ᠰᠤᠷᠤᠭᠴᠢ ᠶᠢᠨ ᠰᠤᠷᠤᠯᠭ᠎ᠠ ᠶᠢ | ᠳᠡᠳᠬᠦᠬᠦ ᠢᠲᠡᠭᠡᠮᠵᠢᠲᠦ ᠵᠢᠭᠡᠯᠡᠯᠭᠡ ᠶᠢᠨ ᠦᠢᠯᠡᠳᠭᠦᠨ ᠢ ᠬᠠᠨᠳᠤᠯᠭᠠᠲᠠᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠬᠤ ᠶᠢᠨ ᠬᠠᠮᠲᠤ ᠵᠢᠭᠡᠯᠡᠯᠭᠡ ᠶᠢᠨ ᠲᠤᠭ᠎ᠠ ᠬᠡᠮᠵᠢᠶ᠎ᠡ᠂ | ᠬᠦᠦ ᠶᠢᠨ ᠨᠣᠷᠮ᠎ᠠ᠂ ᠬᠤᠭᠤᠴᠠᠭ᠎ᠠ ᠬᠢᠵᠠᠭᠠᠷ᠂ ᠵᠣᠭᠤᠰ ᠪᠤᠴᠠᠭᠠᠬᠤ ᠠᠷᠭ᠎ᠠ ᠮᠠᠶ᠋ᠢᠭ ᠵᠡᠷᠭᠡ ᠲᠠᠯ᠎ᠠ ᠪᠠᠷ ᠵᠣᠬᠢᠬᠤ ᠬᠠᠷᠠᠭᠠᠯᠵᠠᠯ ᠦᠵᠡᠭᠦᠯᠦᠨ᠎ᠡ᠃ | 6 . ︽ᠮᠡᠳᠡᠭᠳᠡᠯ︾ ᠤᠨ ᠡᠯ᠎ᠡ ᠵᠦᠢᠯ ᠤᠨ ᠱᠠᠭᠠᠷᠳᠠᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠶᠠᠭᠠᠬᠢᠵᠤ ᠪᠠᠲᠤᠯᠠᠬᠤ ᠪᠣᠶ︖ | ᠰᠢᠨ᠎ᠡ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠪᠢᠳᠡ ᠡᠳ᠋ ᠤᠨ ᠵᠠᠰᠠᠭ ᠤᠨ ᠶᠠᠮᠤᠨ᠂ ᠳᠤᠮᠳᠠᠳᠤ | ᠤᠯᠤᠰ ᠤᠨ ᠠᠷᠠᠳ ᠤᠨ ᠪᠠᠩᠬᠢ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ | ᠭᠤᠷᠪᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠥᠷᠨᠢᠭᠦᠯᠦᠨ᠎ᠡ᠄ ᠨᠢᠭᠡ ᠳᠤ᠂ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠭᠤᠤᠯ | ᠵᠠᠭᠤᠴᠢᠯᠠᠭᠤᠷ᠂ ᠬᠠᠯᠠᠮᠰᠢᠯ ᠤᠲᠠᠰᠤ᠂ ᠣᠬᠤᠷ ᠮᠡᠳᠡᠭᠡ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠰᠤᠷᠤᠭᠴᠢᠳ ᠲᠤ ᠪᠥᠬᠦ ᠲᠠᠯ᠎ᠠ ᠪᠠᠷ | ᠤᠬᠠᠭᠤᠯᠵᠤ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠬᠤᠶᠠᠷ ᠲᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠶᠢ | ᠳᠡᠳᠬᠦᠬᠦ ᠵᠢᠭᠡᠯᠡᠯᠭᠡ ᠶᠢ ᠭᠦᠢᠴᠡᠳᠭᠡᠬᠦ ᠠᠵᠢᠯ ᠢ ᠰᠠᠶᠢᠲᠤᠷ ᠠᠳᠬᠤᠵᠤ᠂ ᠭᠠᠷᠲᠠᠨ ᠡᠷᠬᠢᠯᠡᠬᠦ ᠪᠠᠩᠬᠢ ᠶᠢ ᠰᠢᠪᠠᠳᠠᠭᠤᠯᠵᠤ ᠰᠢᠨ᠎ᠡ ᠲᠥᠷᠥ ᠶᠢᠨ ᠪᠣᠳᠣᠯᠭ᠎ᠠ ᠶᠢᠨ | ᠶᠣᠰᠤ ᠪᠠᠷ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢ ᠭᠦᠢᠴᠡᠳᠭᠡᠯᠭᠡᠬᠦ ᠪᠤᠶᠤ ᠨᠢᠭᠡᠨᠲᠡ ᠭᠦᠢᠴᠡᠳᠭᠡᠭᠰᠡᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢ ᠲᠣᠬᠢᠷᠠᠭᠤᠯᠵᠤ᠂ | ᠵᠢᠭᠡᠯᠡᠯᠭᠡ ᠠᠪᠤᠭᠰᠠᠨ ᠰᠤᠷᠤᠭᠴᠢᠳ ᠲᠤ ᠰᠢᠨ᠎ᠡ ᠲᠥᠷᠥ ᠶᠢᠨ ᠪᠣᠳᠣᠯᠭ᠎ᠠ ᠶᠢᠨ ᠴᠡᠪᠡᠷ ᠠᠰᠢᠭ ᠢ ᠳᠠᠷᠦ᠋ᠢᠬᠠᠨ ᠭᠦᠷᠲᠡᠭᠡᠨ᠎ᠡ᠃ ᠭᠤᠷᠪᠠ ᠳᠤ᠂ ᠡᠯ᠎ᠡ ᠭᠠᠵᠠᠷ ᠤᠨ ᠡᠯ᠎ᠡ | ᠳᠡᠭᠡᠳᠦ ᠰᠤᠷᠭᠠᠭᠤᠯᠢ ᠶᠢᠨ ᠰᠤᠷᠤᠭᠴᠢᠳ ᠢ ᠲᠤᠰᠠᠯᠠᠬᠤ ᠠᠵᠢᠯᠲᠠᠨ ᠳᠤ ᠬᠠᠨᠳᠤᠭᠤᠯᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠥᠷᠨᠢᠭᠦᠯᠵᠦ᠂ | ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠨᠠᠷᠢᠨ ᠲᠠᠶᠢᠯᠪᠤᠷᠢᠯᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠵᠠᠮ ᠢ ᠲᠣᠳᠣᠷᠬᠠᠶᠢᠯᠠᠵᠤ᠂ ᠲᠥᠷᠥ ᠶᠢᠨ ᠪᠣᠳᠣᠯᠭ᠎ᠠ ᠶᠢᠨ | ᠬᠡᠷᠡᠭᠵᠢᠭᠦᠯᠦᠯᠲᠡ ᠶᠢ ᠵᠢᠷᠤᠮᠵᠢᠭᠤᠯᠬᠤ ᠶᠢ ᠦᠨᠡᠨ ᠬᠦ ᠪᠠᠲᠤᠯᠠᠨ᠎ᠠ᠃ | |