9 ᠰᠠᠷ᠎ᠠ ᠶᠢᠨ 2 ᠤᠨ ᠡᠳᠦᠷ᠂ 2023 ᠳᠤᠮᠳᠠᠳᠤ ᠤᠯᠤᠰ ︵ᠷᠠᠰᠢᠶᠠᠨ︶ ᠤᠨ ᠵᠢᠭᠤᠯᠴᠢᠯᠠᠯ ᠤᠨ ᠶᠡᠭᠡ ᠬᠤᠷᠠᠯ ᠡᠬᠢᠯᠡᠪᠡ᠃ ᠲᠥᠪ ᠤᠨ ᠤᠬᠠᠭᠤᠯᠬᠤ | ᠬᠡᠯᠲᠡᠰ ᠤᠨ ᠡᠳᠦᠷ ᠲᠤᠳᠤᠮ ᠤᠨ ᠠᠵᠢᠯ ᠢ ᠬᠠᠮᠢᠶᠠᠷᠴᠤ ᠪᠠᠶᠢᠭ᠎ᠠ ᠳᠡᠳ᠋ ᠰᠠᠶᠢᠳ᠂ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠬᠤ᠋ ᠾᠧ ᠫᠢᠩ᠂ ᠰᠢᠨᠬᠤᠸᠠ ᠴᠢᠮᠡᠭᠡᠯᠡᠯ ᠤᠨ ᠬᠤᠷᠢᠶ᠎ᠠ ᠶᠢᠨ ᠶᠡᠷᠦᠩᠬᠡᠢ ᠨᠠᠶᠢᠷᠠᠭᠤᠯᠤᠭᠴᠢ ᠯᠢᠦᠢ ᠶᠠᠨ ᠰᠦᠩ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠭᠢᠯᠡᠯᠲᠡ ᠶᠢᠨ | ᠶᠣᠰᠣᠯᠠᠯ ᠳᠤ ᠣᠷᠣᠯᠴᠠᠬᠰᠠᠨ ᠪᠥᠭᠡᠳ ᠪᠠᠶᠠᠷ ᠤᠨ ᠦᠭᠡ ᠬᠡᠯᠡᠵᠡᠢ᠃ | | | | ᠡᠭᠢᠯᠡᠯᠲᠡ ᠶᠢᠨ ᠶᠣᠰᠣᠯᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ | ᠵᠧᠩ ᠬᠤᠩ ᠹᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠣᠷᠣᠯᠴᠠᠵᠠᠢ᠃ ᠰᠣᠶᠣᠯ ᠪᠠ ᠵᠢᠭᠤᠯᠴᠢᠯᠠᠯ ᠤᠨ ᠶᠠᠮᠤᠨ᠂ | ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ᠂ ᠰᠢᠨᠬᠤᠸᠠ ᠴᠢᠮᠡᠭᠡᠯᠡᠯ ᠤᠨ ᠬᠤᠷᠢᠶ᠎ᠠ ᠵᠢᠴᠢ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠬᠤᠯᠪᠣᠭᠳᠠᠯ ᠪᠦᠬᠦᠢ ᠣᠷᠣᠨ ᠨᠤᠲᠤᠭ ᠪᠣᠯᠣᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ᠂ ᠤᠯᠤᠰ ᠤᠨ ᠳᠣᠲᠣᠭᠠᠳᠤ ᠶᠢᠨ ᠨᠠᠷᠠᠲᠤ ᠤᠷᠠᠯᠢᠭ ᠤᠨ | ᠶᠡᠭᠡ ᠳᠡᠭᠡᠳᠦ ᠰᠤᠷᠭᠠᠭᠤᠯᠢ᠂ ᠨᠠᠷᠠᠲᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠲᠥᠯᠥᠭᠡᠯᠡᠭᠴᠢ ᠶᠡᠭᠡ ᠬᠤᠷᠠᠯ ᠳᠤ ᠣᠷᠣᠯᠴᠠᠪᠠ᠃ | | | ᠬᠤ᠋ ᠾᠧ ᠫᠢᠩ᠂ ᠲᠣᠰ ᠤᠳᠠᠭ᠎ᠠ ᠶᠢᠨ ᠶᠡᠭᠡ ᠬᠤᠷᠠᠯ ᠢ ᠡᠷᠭᠢᠯᠡᠭᠰᠡᠨ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠣᠳᠠᠲᠠᠢ ᠠᠷᠭ᠎ᠠ ᠬᠡᠮᠵᠢᠶ᠎ᠡ ᠮᠥᠨ᠂ ᠵᠢᠭᠤᠯᠴᠢᠯᠠᠯ ᠤᠨ | ᠬᠡᠷᠡᠭᠯᠡᠭᠡ ᠶᠢ ᠠᠬᠢᠭᠤᠯᠬᠤ᠂ ᠠᠵᠢᠯ ᠲᠥᠷᠥᠯ ᠤᠨ ᠬᠥᠭᠵᠢᠯᠲᠡ ᠪᠠᠨ ᠰᠡᠷᠭᠦᠭᠡᠬᠦ ᠳᠤ ᠬᠦᠴᠦᠨ ᠨᠡᠮᠡᠷᠢᠯᠡᠬᠦ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠮᠥᠨ᠂ ᠴᠡᠭ | ᠲᠣᠭᠲᠠᠭᠠᠨ ᠬᠠᠪᠰᠤᠷᠤᠨ ᠲᠡᠳᠬᠦᠬᠦ ᠶᠢ ᠴᠢᠩᠭᠠᠳᠬᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠴᠢᠬᠤᠯᠠ | ᠠᠵᠢᠯᠯᠠᠭ᠎ᠠ ᠮᠥᠨ᠃ ᠣᠳᠣᠬᠠᠨ ᠳᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠦᠷᠭᠦᠯᠵᠢᠯᠡᠨ ᠬᠥᠭᠵᠢᠶᠡᠨᠲᠡᠢ ᠪᠣᠯᠵᠤ᠂ ᠵᠢᠭᠤᠯᠴᠢᠯᠠᠯ ᠤᠨ ᠦᠢᠯᠡᠰ ᠶᠡᠭᠡ ᠪᠠᠷ ᠰᠡᠷᠭᠦᠵᠦ᠂ | ᠵᠢᠭᠤᠯᠴᠢᠯᠠᠯ ᠤᠨ ᠨᠡᠮᠡᠭᠳᠡᠯ ᠢ ᠲᠣᠭᠲᠠᠭᠤᠨ ᠪᠠᠶᠢᠯᠭᠠᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠬᠠᠩᠭᠠᠬᠤ ᠴᠢᠬᠤᠯᠠ ᠦᠢᠯᠡᠳᠦᠯ ᠨᠠᠩ ᠲᠣᠪᠤᠶᠢᠮ᠎ᠠ ᠪᠣᠯᠪᠠ᠃ ᠥᠷᠭᠡᠨ ᠣᠯᠠᠨ | ᠰᠣᠶᠣᠯ ᠪᠠ ᠵᠢᠭᠤᠯᠴᠢᠯᠠᠯ ᠤᠨ ᠠᠵᠢᠯᠲᠠᠨ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠪᠠ ᠵᠢᠭᠤᠯᠴᠢᠯᠠᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ᠂ | ᠵᠢᠭᠤᠯᠴᠢᠯᠠᠯ ᠢᠶᠠᠷ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠵᠤ᠂ ᠵᠢᠭᠤᠯᠴᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠵᠢᠭᠤᠯᠴᠢᠯᠠᠯ ᠤᠨ | ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠵᠢᠭᠤᠯᠴᠢᠯᠠᠯ ᠤᠨ ᠠᠵᠤ ᠠᠬᠤᠶᠢᠯᠠᠯ ᠤᠨ ᠬᠦᠴᠢᠷᠳᠡᠯ ᠢ ᠨᠢ ᠰᠢᠢᠳᠪᠦᠷᠢᠯᠡᠨ ᠥᠭᠴᠦ᠂ | ᠵᠢᠭᠤᠯᠴᠢᠯᠠᠯ ᠤᠨ ᠠᠵᠢᠯ ᠲᠥᠷᠥᠯ ᠤᠨ ᠠᠮᠢ ᠠᠬᠤᠢ ᠶᠢ ᠰᠢᠯᠢᠳᠡᠭᠵᠢᠭᠦᠯᠦᠨ᠂ ᠴᠢᠨᠠᠷ ᠰᠠᠶᠢᠲᠠᠢ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ | ᠪᠠᠶᠠᠯᠢᠭᠵᠢᠭᠤᠯᠵᠤ᠂ ᠣᠯᠠᠨ ᠨᠡᠶᠢᠲᠡ ᠶᠢᠨ ᠵᠢᠭᠤᠯᠴᠢᠯᠠᠯ᠂ ᠣᠶᠤᠨᠴᠢ ᠵᠢᠭᠤᠯᠴᠢᠯᠠᠯ᠂ ᠪᠣᠬᠢᠷᠳᠤᠯ ᠦᠭᠡᠢ ᠵᠢᠭᠤᠯᠴᠢᠯᠠᠯ᠂ ᠪᠣᠯᠪᠠᠰᠤᠨ ᠵᠢᠭᠤᠯᠴᠢᠯᠠᠯ ᠢ ᠶᠡᠭᠡ ᠪᠠᠷ | ᠬᠥᠭᠵᠢᠭᠦᠯᠬᠦ ᠬᠡᠷᠡᠭᠲᠡᠢ ᠭᠡᠵᠦ ᠢᠯᠡᠳᠬᠡᠪᠡ᠃ | | | | ᠯᠢᠦᠢ ᠶᠠᠨ ᠰᠥᠩ᠂ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠭᠰᠠᠨ ᠥᠯᠢᠭᠡᠷ ᠢ ᠰᠠᠶᠢᠲᠤᠷ ᠶᠠᠷᠢᠬᠤ ᠳᠤ ᠵᠠᠭᠤᠴᠢᠯᠠᠭᠤᠷ ᠤᠨ ᠢᠳᠡᠪᠬᠢᠲᠡᠢ | ᠣᠷᠤᠯᠴᠠᠯᠭ᠎ᠠ ᠠᠴᠠ ᠰᠠᠯᠵᠤ ᠴᠢᠳᠠᠬᠤ ᠦᠭᠡᠢ ᠶᠤᠮ᠃ ᠨᠠᠮ ᠤᠨ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠠᠵᠢᠯ ᠤᠨ ᠴᠢᠬᠤᠯᠠ ᠭᠠᠵᠠᠷ᠂ ᠤᠯᠤᠰ ᠤᠨ | ᠴᠢᠮᠡᠭᠡᠯᠡᠯ ᠤᠨ ᠬᠤᠷᠢᠶ᠎ᠠ ᠪᠣᠯᠤᠭᠰᠠᠨ ᠤ ᠬᠤᠪᠢ ᠳᠤ᠂ ᠰᠢᠨᠬᠤᠸᠠ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ | ᠲᠤᠬᠠᠢ ᠴᠢᠬᠤᠯᠠ ᠥᠭᠦᠯᠡᠯᠲᠡ ᠶᠢᠨ ᠵᠢᠯᠣᠭᠤᠳᠤᠯᠭ᠎ᠠ ᠳᠣᠣᠷ᠎ᠠ᠂ ᠨᠠᠮ ᠤᠨ ᠲᠥᠪ ᠬᠤᠷᠢᠶ᠎ᠠ ᠶᠢᠨ ᠳᠠᠭᠤᠨ ᠬᠤᠭᠤᠯᠠᠢ᠂ ᠨᠢᠳᠦ ᠴᠢᠬᠢ᠂ ᠤᠶᠤᠨ ᠤ ᠬᠥᠮᠥᠷᠭᠡ ᠶᠢᠨ | ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠮᠠᠨ ᠤ ᠤᠯᠤᠰ ᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠠᠯ᠎ᠠ ᠪᠠᠷ ᠬᠢ | ᠠᠷᠭ᠎ᠠ ᠬᠡᠮᠵᠢᠶ᠎ᠡ ᠦᠷ᠎ᠡ ᠪᠦᠲᠦᠮᠵᠢ ᠶᠢ ᠦᠷᠭᠦᠯᠵᠢᠯᠡᠨ ᠢᠯᠡᠷᠡᠭᠦᠯᠵᠦ᠂ ︽ᠰᠠᠷᠠᠭᠤᠯ ᠢᠷᠡᠭᠡᠳᠦᠢ︾ ᠶᠢ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ | ᠳᠤᠮᠳᠠ ᠠᠶᠠᠨᠳᠠᠭᠠᠨ ᠠᠭᠤᠰᠤᠯᠴᠠᠭᠤᠯᠵᠤ᠂ ᠵᠣᠬᠢᠴᠠᠩᠭᠤᠢ ᠠᠭᠤᠰᠤᠯᠴᠠᠭᠤᠯᠬᠤ ᠶᠢ ᠠᠬᠢᠭᠤᠯᠬᠤ ᠪᠣᠯᠣᠨ᠎ᠠ᠃ ᠰᠣᠶᠣᠯ ᠵᠢᠭᠤᠯᠴᠢᠯᠠᠯ ᠤᠨ ᠠᠭᠤᠰᠤᠯᠴᠠᠯ ᠤᠨ | ᠦᠯᠢᠭᠡᠷ ᠢ ᠰᠠᠶᠢᠲᠤᠷ ᠶᠠᠷᠢᠬᠤ ᠳᠤ᠂ ᠰᠣᠶᠣᠯ ᠤᠨ ᠲᠠᠯ᠎ᠠ ᠪᠠᠷ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠬᠦ ᠶᠢ ᠪᠠᠲᠤᠳᠬᠠᠵᠤ᠂ ᠳᠤᠮᠳᠠᠳᠤ ᠶᠢᠨ | ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠤᠶᠤᠨ ᠰᠠᠨᠠᠭᠠᠨ ᠤ ᠠᠤᠭ᠎ᠠ ᠬᠦᠴᠦᠨ ᠢ ᠨᠢᠭᠲᠠᠷᠠᠭᠤᠯᠬᠤ ᠭᠡᠷᠡᠭᠲᠡᠢ︔ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠢᠲᠡᠭᠡᠯ ᠢ | ᠳᠠᠮᠵᠢᠭᠤᠯᠬᠤ ᠭᠡᠷᠡᠭᠲᠡᠢ︔ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠪᠣᠬᠢᠷᠳᠤᠯ ᠦᠭᠡᠢ ᠬᠥᠭᠵᠢᠯᠲᠡ ᠶᠢᠨ ᠬᠦᠴᠦᠷᠬᠡᠭ ᠲᠠᠭᠤᠨ ᠢ ᠴᠤᠤᠷᠢᠶᠠᠲᠤᠭᠤᠯᠬᠤ ᠬᠡᠷᠡᠭᠲᠡᠢ ᠭᠡᠵᠦ ᠢᠯᠡᠳᠬᠡᠪᠡ᠃ | | | ᠸᠠᠩ ᠯᠢ ᠰᠢᠶᠠ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠪᠡ᠂ ᠲᠡᠷᠡ᠂ ᠥᠪᠥᠷ ᠮᠣᠩᠭᠤᠯ ᠳᠤ ᠬᠦᠷᠦᠯᠴᠡᠨ ᠢᠷᠡᠪᠡᠯ᠂ ᠥᠩᠭᠡ | ᠦᠵᠡᠮᠵᠢ ᠶᠢᠨ ᠰᠦᠷᠯᠢᠭ ᠰᠠᠶᠢᠬᠠᠨ᠂ ᠰᠣᠶᠣᠯ ᠤᠨ ᠭᠤᠴᠣ ᠰᠠᠶᠢᠬᠠᠨ᠂ ᠦᠨᠳᠦᠰᠦᠲᠡᠨ ᠤ ᠵᠣᠬᠢᠴᠠᠩᠭᠤᠢ ᠰᠠᠶᠢᠬᠠᠨ᠂ ᠪᠠᠶᠢᠭᠠᠯᠢ ᠶᠢᠨ ᠦᠵᠡᠰᠬᠦᠯᠡᠩᠲᠦ ᠰᠠᠶᠢᠬᠠᠨ᠂ | ᠵᠠᠩ ᠦᠢᠯᠡ ᠶᠢᠨ ᠰᠠᠶᠢᠨ ᠰᠠᠶᠢᠬᠠᠨ ᠢ ᠭᠦᠢᠴᠡᠳ ᠪᠠᠭ᠋ᠠᠷᠬᠠᠵᠤ ᠴᠢᠳᠠᠨ᠎ᠠ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠦᠷᠪᠡᠨ ᠵᠦᠭ ᠤᠨ ᠵᠣᠴᠢᠳ ᠨᠠᠶᠢᠵᠠ | ᠨᠠᠷ ᠲᠠᠢ ᠪᠠᠨ ᠲᠠᠯ᠎ᠠ ᠨᠤᠲᠤᠭ ᠤᠨ ᠪᠣᠯᠵᠤᠭ᠎ᠠ ᠪᠠᠷ ᠵᠣᠯᠭᠠᠬᠤ ᠶᠢ ᠬᠡᠵᠢᠶᠡᠳᠡ ᠪᠠᠶᠠᠷᠯᠠᠨ ᠤᠭᠲᠤᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ | ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠨᠡ ᠤᠳᠠᠭ᠎ᠠ ᠶᠢᠨ ᠶᠡᠭᠡ | ᠬᠤᠷᠠᠯ ᠤᠨ ᠠᠵᠠ ᠲᠣᠭᠢᠶᠠᠯ ᠢ ᠪᠠᠲᠤ ᠡᠵᠡᠮᠳᠡᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠤᠮᠠᠷᠠᠲᠤ | ᠬᠢᠯᠢ ᠶᠢᠨ ᠰᠣᠶᠣᠯ︾ ᠤᠨ ᠲᠥᠷᠥᠯ ᠲᠡᠮᠳᠡᠭ ᠢ ᠰᠠᠶᠢᠲᠤᠷ ᠱᠤᠭᠤᠵᠤ᠂ ᠥᠪᠡᠷ ᠢᠶᠠᠨ ᠮᠠᠰᠢᠨ ᠵᠢᠯᠤᠭᠤᠳᠴᠤ ᠵᠢᠭᠤᠯᠴᠢᠯᠠᠬᠤ ᠲᠦᠷᠦᠭᠦᠦ ᠰᠣᠩᠭᠤᠯᠲᠠ ᠶᠢᠨ ᠭᠠᠵᠠᠷ᠂ | ᠬᠡᠭᠡᠷ᠎ᠡ ᠪᠠᠭᠤᠳᠠᠯᠯᠠᠵᠤ ᠵᠢᠭᠤᠯᠴᠢᠯᠠᠬᠤ ᠰᠢᠯᠢᠳᠡᠭ ᠰᠣᠩᠭᠤᠯᠲᠠ ᠶᠢᠨ ᠭᠠᠵᠠᠷ᠂ ᠴᠡᠩᠭᠡᠵᠦ ᠰᠡᠯᠡᠭᠦᠴᠡᠨ ᠵᠢᠭᠤᠯᠴᠢᠯᠠᠬᠤ ᠳᠤ ᠵᠠᠪᠠᠯ ᠰᠣᠩᠭᠤᠬᠤ ᠭᠠᠵᠠᠷ᠂ | ᠡᠷᠡᠭᠦᠯᠵᠢᠵᠦ ᠰᠤᠪᠢᠯᠠᠨ ᠵᠢᠭᠤᠯᠴᠢᠯᠠᠬᠤ ᠰᠢᠯᠢᠳᠡᠭ ᠰᠣᠩᠭᠤᠯᠲᠠ ᠶᠢᠨ ᠭᠠᠵᠠᠷ ᠢ ᠪᠤᠶ ᠪᠤᠯᠭᠠᠵᠤ᠂ ᠪᠦᠭᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ | ᠵᠢᠭᠤᠯᠴᠢᠯᠠᠯ ᠢ ᠡᠬᠡ ᠤᠯᠤᠰ ᠤᠨ ᠤᠮᠠᠷᠠᠲᠤ ᠬᠢᠯᠢ ᠶᠢᠨ ᠭᠠᠵᠠᠷ ᠪᠣᠯᠭᠠᠨ ᠳᠤ ᠨᠡᠶᠢᠳᠡᠮ ᠳᠡᠯᠭᠡᠷᠡᠭᠦᠯᠵᠦ᠂ ᠭᠢᠯᠠᠯᠵᠠᠮ᠎ᠠ ᠦᠷ᠎ᠡ ᠪᠦᠲᠦᠮᠵᠢ ᠭᠠᠷᠭᠠᠨ᠎ᠠ᠃ ᠰᠣᠶᠣᠯ ᠪᠠ | ᠵᠢᠭᠤᠯᠴᠢᠯᠠᠯ ᠤᠨ ᠶᠠᠮᠤᠨ᠂ ᠰᠢᠨᠬᠤᠸᠠ ᠬᠤᠷᠢᠶ᠎ᠠ᠂ ᠠᠬ᠎ᠠ ᠳᠡᠭᠦᠦ ᠮᠤᠵᠢ ᠣᠷᠣᠨ ᠬᠤᠲᠠ ᠪᠣᠯᠣᠨ ᠡᠯ᠎ᠡ ᠡᠲᠡᠭᠡᠳ ᠤᠨ ᠨᠠᠶᠢᠵᠠ ᠨᠠᠷ ᠤᠨ ᠥᠪᠥᠷ ᠮᠣᠩᠭᠤᠯ ᠤᠨ | ᠰᠣᠶᠣᠯ ᠵᠢᠭᠤᠯᠴᠢᠯᠠᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠬᠠᠮᠲᠤ ᠪᠠᠷ ᠨᠢᠭᠡ ᠤᠳᠠᠭᠠᠨ ᠤ ᠴᠤᠭᠯᠠᠭᠠᠨ ᠳᠤ ᠣᠷᠣᠯᠴᠠᠵᠤ᠂ ᠬᠠᠮᠲᠤ ᠪᠠᠷ ᠨᠢᠭᠡ | ᠤᠳᠠᠭᠠᠨ ᠤ ᠡᠷᠭᠢᠴᠡᠭᠦᠯᠦᠯ ᠬᠢᠵᠦ᠂ ᠬᠠᠮᠲᠤ ᠪᠠᠷ ᠮᠣᠷᠳᠠᠵᠤ᠂ ᠡᠬᠡ ᠤᠯᠤᠰ ᠤᠨ ᠤᠮᠠᠷᠠᠲᠤ ᠶᠢᠨ ︽ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ︾ ᠢ | ᠣᠶᠢᠯᠠᠭᠠᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠵᠡᠢ᠃ | | | ᠶᠡᠭᠡ ᠬᠤᠷᠠᠯ ᠤᠨ ᠬᠤᠭᠤᠴᠠᠭᠠᠨ ᠳᠤ ᠬᠤ᠋ ᠾᠧ ᠫᠢᠩ᠂ ᠯᠢᠦᠢ ᠶᠠᠨ ᠰᠥᠩ᠂ ᠸᠠᠩ ᠯᠢ ᠰᠢᠶᠠ ︽ᠮᠢᠩᠭᠠᠨ ᠲᠡᠷᠭᠡ ᠲᠦᠮᠡᠨ ᠬᠥᠮᠥᠨ︾ ᠶᠡᠭᠡ ᠬᠢᠩᠭᠠᠨ | ᠳᠠᠪᠠᠭ᠎ᠠ ᠶᠢ ᠳᠤᠭᠤᠯᠬᠤ ᠥᠪᠡᠷ ᠢᠶᠠᠨ ᠲᠡᠷᠭᠡ ᠵᠢᠯᠤᠭᠤᠳᠴᠤ ᠵᠢᠭᠤᠯᠴᠢᠯᠠᠬᠤ ᠠᠵᠢᠯᠯᠠᠭ᠎ᠠ ᠶᠢᠨ ᠲᠡᠷᠭᠡ ᠮᠣᠷᠳᠠᠬᠤ ᠶᠣᠰᠣᠯᠠᠯ ᠳᠤ ᠣᠷᠣᠯᠴᠠᠵᠤ᠂ ᠭᠡᠷᠲᠤ ᠲᠡᠷᠭᠡᠨ ᠤ | ᠬᠤᠸᠠᠷᠠᠨ ᠤ ᠪᠦᠲᠦᠭᠡᠨ ᠪᠠᠶᠢᠭᠤᠯᠤᠯᠲᠠ᠂ ᠲᠣᠰᠬᠤᠨ ᠤ ᠤᠷᠠᠯᠢᠭ ᠤᠨ ᠴᠤᠭᠯᠠᠭᠠᠨ ᠤ ᠠᠵᠢᠯᠯᠠᠭ᠎ᠠ᠂ ᠲᠠᠯ᠎ᠠ ᠨᠤᠲᠤᠭ ᠤᠨ ᠠᠷᠠᠳ ᠤᠨ ᠤᠯᠠᠮᠵᠢᠯᠠᠯᠲᠤ | ᠰᠠᠭᠤᠴᠠ ᠶᠢᠨ ᠪᠠᠭᠤᠳᠠᠯ ᠤᠨ ᠰᠦᠷᠦᠭᠵᠢᠯ ᠤᠨ ᠡᠵᠡᠩᠨᠡᠯᠲᠡ ᠵᠡᠷᠭᠡ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠪᠡ᠃ | | | ᠲᠤᠰ ᠤᠳᠠᠭ᠎ᠠ ᠶᠢᠨ ᠶᠡᠭᠡ ᠬᠤᠷᠠᠯ ᠨᠢ ︽ᠰᠣᠶᠣᠯ ᠵᠢᠭᠤᠯᠴᠢᠯᠠᠯ ᠢ ᠠᠭᠤᠰᠤᠯᠴᠠᠭᠤᠯᠵᠤ ᠪᠣᠬᠢᠷᠳᠤᠯ ᠦᠭᠡᠢ ᠬᠥᠭᠵᠢᠭᠦᠯᠬᠦ︾ ᠪᠠᠷ ᠭᠤᠣᠯ ᠰᠡᠳᠦᠪ ᠪᠤᠯᠭᠠᠵᠤ᠂ | 9 ᠭᠤᠣᠯ ᠠᠵᠢᠯᠯᠠᠭ᠎ᠠ ᠲᠣᠬᠢᠷᠠᠭᠤᠯᠵᠤ᠂ ︽ᠲᠤᠬᠯᠠᠯᠲᠠ︾᠂ ︽ᠴᠤᠭᠯᠠᠭᠠᠨ︾᠂ ︽ᠦᠵᠡᠭᠦᠯᠭᠡ︾᠂ ︽ᠨᠠᠶᠢᠷ︾ ᠵᠡᠷᠭᠡ ᠭᠡᠯᠪᠡᠷᠢ ᠪᠠᠷ ᠰᠣᠶᠣᠯ | ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠭᠡᠯᠪᠡᠷᠢ᠂ ᠰᠢᠨ᠎ᠡ ᠠᠬᠤᠢ ᠪᠠᠶᠢᠳᠠᠯ ᠢ ᠪᠦᠭᠦ ᠲᠠᠯ᠎ᠠ ᠪᠠᠷ ᠢᠯᠡᠷᠡᠭᠦᠯᠪᠡ᠃ ᠡᠭᠢᠯᠡᠯᠲᠡ ᠶᠢᠨ ᠶᠣᠰᠣᠯᠠᠯ ᠳᠡᠭᠡᠷ᠎ᠡ᠂ | ᠤᠯᠤᠰ ᠤᠨ ᠲᠠᠰ ᠤᠨ ᠴᠡᠨᠡᠯᠡᠯᠲᠡ ᠶᠢᠨ ᠵᠢᠭᠤᠯᠴᠢᠯᠠᠯ ᠤᠨ ᠠᠮᠠᠷᠠᠨ ᠰᠡᠯᠡᠭᠦᠴᠡᠬᠦ ᠭᠠᠵᠠᠷ᠂ ᠪᠦᠭᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ | ᠭᠤᠣᠯᠳᠠᠯᠭ᠎ᠠ ᠲᠠᠢ ᠲᠣᠰᠬᠤᠨ ᠪᠠᠯᠭᠠᠰᠤᠨ ᠳᠤ ᠫᠠᠶᠢᠰᠠ ᠣᠯᠭᠤᠬᠤ ᠶᠣᠰᠣᠯᠠᠯ ᠶᠠᠪᠤᠭᠤᠯᠵᠤ᠂ ︽ᠪᠢ ᠬᠥᠳᠡᠭᠡ ᠲᠣᠰᠬᠤᠨ ᠳᠤ ᠵᠢᠷᠤᠭ ᠲᠥᠯᠥᠪᠯᠡᠭᠡ ᠬᠢᠵᠦ ᠥᠭᠬᠦ︾ | ᠠᠵᠢᠯᠯᠠᠭ᠎ᠠ ᠶᠢ ᠡᠬᠢᠯᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠤᠬᠠᠢ ᠲᠠᠨᠢᠯᠴᠠᠭᠤᠯᠭ᠎ᠠ ᠬᠢᠵᠦ᠂ ᠰᠣᠶᠣᠯ | ᠵᠢᠭᠤᠯᠴᠢᠯᠠᠯ ᠤᠨ 12 ᠳᠠᠭᠠᠭᠤᠯᠤᠭᠴᠢ ᠠᠵᠤ ᠠᠬᠤᠶᠢᠯᠠᠯ ︽ᠷᠠᠰᠢᠶᠠᠨ ᠤ ᠵᠢᠭᠤᠯᠴᠢᠯᠠᠯ ᠤᠨ ᠥᠷᠨᠢᠨ ᠬᠥᠭᠵᠢᠬᠦ ᠳᠤ ᠭᠠᠷ ᠬᠤᠯᠪᠣᠨ ᠬᠦᠴᠦᠨ ᠨᠡᠮᠡᠷᠢᠯᠡᠬᠦ︾ | ᠬᠠᠮᠲᠤᠷᠠᠭᠰᠠᠨ ᠰᠠᠨᠠᠭᠠᠴᠢᠯᠠᠭ᠎ᠠ ᠶᠢ ᠨᠡᠶᠢᠲᠡᠯᠡᠪᠡ᠃ ᠶᠡᠭᠡ ᠬᠤᠷᠠᠯ ᠤᠨ ᠬᠤᠭᠤᠴᠠᠭᠠᠨ ᠳᠤ ᠪᠠᠰᠠ ᠵᠢᠭᠤᠯᠴᠢᠯᠠᠯ ᠤᠨ ᠨᠠᠭᠠᠳᠤᠮ᠂ ᠰᠢᠺᠸᠤ ᠲᠣᠰᠬᠤᠨ ᠤ ᠤᠷᠠᠯᠢᠭ ᠤᠨ | ᠴᠤᠭᠯᠠᠭᠠᠨ᠂ ︽ᠪᠣᠳᠠᠰ ᠤᠨ ᠪᠤᠰᠤ ᠰᠣᠶᠣᠯ ᠤᠨ ᠥᠪ + ᠵᠢᠭᠤᠯᠴᠢᠯᠠᠯ︾ ᠤᠨ ᠲᠦᠷᠦᠯ ᠵᠦᠢᠯ ᠢ ᠪᠡᠶᠡᠴᠢᠯᠡᠨ ᠣᠶᠢᠯᠠᠭᠠᠬᠤ ᠦᠵᠡᠰᠭᠦᠯᠡᠩ᠂ ᠰᠣᠶᠣᠯ | ᠵᠢᠭᠤᠯᠴᠢᠯᠠᠯ ᠤᠨ ᠶᠠᠷᠢᠶᠠᠨ ᠤ ᠲᠠᠪᠴᠠᠩ᠂ ᠵᠢᠭᠤᠯᠴᠢᠯᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠬᠠᠮᠲᠤ ᠪᠠᠷ ᠪᠠᠶᠠᠵᠢᠬᠤ ᠳᠤ | ᠬᠦᠴᠦᠨ ᠨᠡᠮᠡᠷᠢᠯᠡᠬᠦ ᠶᠠᠷᠢᠶᠠᠨ ᠤ ᠲᠠᠪᠴᠠᠩ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠠᠮᠲᠤ ᠪᠠᠷ | ᠡᠳ᠋ᠯᠡᠬᠦ ᠬᠤᠷᠠᠯ ᠵᠡᠷᠭᠡ ᠠᠵᠢᠯᠯᠠᠭ᠎ᠠ ᠶᠢ ᠡᠷᠭᠢᠯᠡᠵᠦ᠂ ᠵᠢᠭᠤᠯᠴᠢᠯᠠᠬᠰᠡᠳ ᠲᠤ ᠬᠡᠭᠡᠷ᠎ᠡ ᠪᠠᠭᠤᠳᠠᠯᠯᠠᠬᠤ ᠶᠡᠭᠡ ᠬᠤᠷᠠᠯ᠂ ᠤᠢ ᠰᠢᠭᠤᠢ ᠶᠢᠨ ᠳᠠᠭᠤᠤ ᠬᠥᠭᠵᠢᠮ ᠤᠨ | ᠨᠠᠶᠢᠷ᠂ ᠳᠤᠮᠳᠠᠳᠤ ᠤᠷᠤᠰ ᠮᠣᠩᠭᠤᠯ ᠤᠨ ᠠᠮᠲᠠᠲᠤ ᠢᠳᠡᠭᠡᠨ ᠤ ᠨᠠᠶᠢᠷ᠂ ᠨᠠᠷᠢᠯᠢᠭ ᠨᠡᠷᠡᠭᠰᠡᠨ ᠫᠢᠸᠤ᠋ ᠶᠢᠨ ᠨᠠᠶᠢᠷ᠂ ᠤᠷᠤᠰᠬᠠᠯ ᠳᠠᠭᠠᠬᠰᠠᠨ ᠴᠤᠭᠯᠠᠭ᠎ᠠ ᠮᠠᠶᠢᠮᠠᠢ᠂ | ᠴᠡᠴᠡᠭᠲᠦ ᠲᠡᠷᠭᠡ ᠪᠠᠷ ᠲᠣᠭᠤᠷᠢᠨ ᠵᠢᠭᠤᠯᠴᠢᠯᠠᠬᠤ ᠵᠡᠷᠭᠡ ᠭᠦᠨᠵᠡᠭᠡᠢ ᠪᠡᠶᠡᠴᠢᠯᠡᠨ ᠣᠶᠢᠯᠠᠭᠠᠬᠤ ᠲᠦᠷᠦᠯ ᠵᠦᠢᠯ ᠢ ᠲᠣᠬᠢᠷᠠᠭᠤᠯᠤᠭᠰᠠᠨ ᠪᠠᠶᠢᠨ᠎ᠠ᠃ | | | | | | | | |