ᠥᠨᠥᠳᠦᠷ ᠠᠷᠪᠠᠨ ᠨᠢᠭᠡᠳᠦᠭᠡᠷ ᠤᠳᠠᠭ᠎ᠠ ᠶᠢᠨ ᠪᠦᠬᠦ ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ | ᠪᠦᠯᠢ ᠶᠢᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠳᠤ ᠡᠬᠢᠯᠡᠯ᠎ᠡ᠃ ᠡᠨᠡ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠬᠤ᠂ ᠬᠤᠶᠠᠳᠤᠭᠠᠷ ᠵᠠᠭᠤᠨ | ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠰᠠᠨ ᠬᠠᠷᠢᠶᠠᠲᠤ ᠨᠠᠷ ᠤᠨ ᠦᠪᠡᠳᠡᠭᠰᠢ ᠬᠤᠷᠠᠯ ᠮᠥᠨ᠂ | ᠥᠷᠭᠡᠨ ᠤᠯᠠᠨ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠵᠢᠴᠢ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ | ᠳᠡᠭᠦᠦ ᠨᠡᠷ ᠤᠨ ᠤᠯᠤᠰ ᠲᠦᠷᠦ ᠶᠢᠨ ᠠᠮᠢᠳᠤᠷᠠᠯ ᠳᠠᠬᠢ ᠨᠢᠭᠡᠨ ᠲᠤᠮᠤ ᠶᠠᠪᠤᠳᠠᠯ ᠮᠥᠨ᠂ ᠡᠨᠡ ᠨᠢ ᠬᠠᠷᠢᠶᠠᠲᠤ ᠨᠠᠷ ᠤᠨ ᠬᠦᠴᠦᠨ ᠴᠢᠳᠠᠯ ᠢ ᠨᠢᠭᠲᠠᠷᠠᠭᠤᠯᠬᠤ᠂ | ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠪᠦᠯᠬᠦᠮᠳᠡᠨ ᠲᠡᠮᠡᠴᠡᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ | ᠶᠤᠮ᠃ ᠪᠢᠳᠡ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ︕ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨᠨᠠᠮ ᠤᠨ ᠲᠥᠪ ᠬᠤᠷᠢᠶ᠎ᠠ ᠨᠢ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠣᠯᠤᠨ ᠳᠡᠯᠡᠬᠡᠢ ᠳ᠋ᠠᠬᠢᠨ ᠤ ᠵᠠᠭᠤᠨ ᠵᠢᠯ ᠳᠤ | ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠲᠦᠭ ᠲᠦᠮᠡᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠨᠳᠦ | ᠬᠡᠴᠡᠭᠦᠦ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠪᠣᠯᠤᠨ ᠵᠠᠯᠭᠠᠭ᠎ᠠ ᠵᠠᠯᠭᠠᠭ᠎ᠠ ᠪᠠᠷ ᠡᠭᠦᠰᠦᠭᠰᠡᠨ ᠯᠤᠲᠤ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠢ | ᠪᠦᠲᠦᠮᠵᠢᠲᠡᠢ ᠠᠷᠭᠠᠴᠠᠵᠤ᠂ ᠨᠠᠮ ᠪᠣᠯᠤᠨ ᠤᠯᠤᠰ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠤᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ | ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ᠂ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠨ | ᠠᠪᠴᠠᠢ᠃ ᠰᠦᠷ ᠳᠠᠯᠠᠶᠢᠴᠠᠲᠠᠢ᠂ ᠥᠨᠢᠷ ᠪᠠᠶᠠᠯᠢᠭ ᠠᠭᠤᠷ ᠠᠮᠢᠰᠬᠤᠯ ᠲᠠᠢ ᠰᠢᠨ᠎ᠡ ᠴᠠᠭ ᠦᠶ᠎ᠡ ᠳᠤ᠂ ᠥᠷᠭᠡᠨ ᠤᠯᠠᠨ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ | ᠨᠠᠷ ᠪᠠ ᠬᠠᠷᠢᠶᠠᠲᠤ ᠨᠠᠷ ᠤᠨ ᠭᠡᠷ ᠪᠦᠯᠢ ᠵᠢᠴᠢ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠢᠶᠠᠨ | ᠬᠠᠶᠢᠷᠠᠯᠠᠵᠤ ᠨᠤᠲᠤᠭ ᠤᠰᠤ ᠪᠠᠨ ᠬᠠᠶᠢᠷᠠᠯᠠᠵᠤ᠂ ᠳᠤᠮᠳᠠᠳᠤ ᠭᠠᠳᠠᠭᠠᠳᠤ ᠶᠢ ᠠᠭᠤᠰᠤᠯᠴᠠᠭᠤᠯᠤᠨ ᠨᠡᠪᠲᠡᠷᠡᠭᠦᠯᠵᠦ᠂ ᠡᠬᠡ ᠤᠯᠤᠰ ᠲᠠᠢ ᠪᠠᠨ ᠬᠠᠮᠲᠤ ᠪᠠᠷ ᠡᠷᠡᠯᠬᠡᠭᠯᠡᠨ | ᠤᠷᠤᠭᠰᠢᠯᠠᠵᠤ᠂ ᠠᠷᠠᠳ ᠲᠦᠮᠡᠨ ᠲᠠᠢ ᠪᠠᠨ ᠬᠠᠮᠲᠤ ᠪᠠᠷ ᠲᠡᠮᠡᠴᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠠᠷᠢᠶᠠᠲᠤ ᠨᠠᠷ ᠤᠨ ᠰᠡᠳᠬᠢᠯ ᠨᠠᠮ ᠢᠶᠠᠨ ᠳᠠᠭᠠᠵᠤ᠂ ᠡᠬᠡ | ᠤᠯᠤᠰ ᠤᠨ ᠢᠶᠠᠨ ᠲᠥᠯᠥᠭᠡ ᠵᠢᠳᠬᠦᠬᠦ︾ ᠰᠡᠳᠬᠢᠯ ᠬᠥᠳᠡᠯᠭᠡᠮ᠎ᠡ ᠬᠠᠭᠤᠳᠠᠰᠤ ᠶᠢ ᠪᠢᠴᠢᠭᠯᠡᠵᠦ᠂ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠬᠦ᠂ | ᠪᠦᠯᠬᠦᠮᠳᠡᠨ ᠳᠠᠪᠰᠢᠬᠤ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ | ᠬᠠᠷᠢᠶᠠᠲᠤ ᠨᠠᠷ ᠤᠨ ᠭᠡᠷ ᠪᠦᠯᠢ ᠵᠢᠴᠢ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ ᠪᠣᠯ ᠮᠠᠨ ᠤ ᠤᠯᠤᠰ ᠤᠨ ᠣᠳᠣᠬᠢᠴᠢᠯᠠᠬᠤ ᠪᠦᠳᠦᠭᠡᠨ | ᠪᠠᠶᠢᠭᠤᠯᠤᠯᠲᠠ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠬᠦᠰᠡᠯ ᠵᠡᠭᠦᠳᠦ ᠶᠢ ᠪᠡᠶᠡᠯᠡᠭᠦᠯᠬᠦ ᠨᠡᠷ᠎ᠡ | ᠨᠢᠳᠡᠷ ᠲᠡᠭᠡᠨ ᠨᠡᠶᠢᠴᠡᠭᠰᠡᠨ ᠴᠢᠬᠤᠯᠠ ᠬᠦᠴᠦᠨ ᠮᠥᠨ ᠭᠡᠳᠡᠭ ᠢ ᠪᠣᠳᠠᠲᠤ ᠬᠡᠷᠡᠭ ᠭᠦᠢᠴᠡᠳ ᠭᠡᠷᠡᠴᠢᠯᠡᠵᠠᠢ᠃ | ᠨᠠᠮ ᠤᠨ ᠲᠥᠪ ᠬᠤᠷᠢᠶ᠎ᠠ ᠨᠢ ᠥᠷᠭᠡᠨ ᠤᠯᠠᠨ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠵᠢᠴᠢ | ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ ᠤᠨ ᠥᠪᠡᠷᠮᠢᠴᠡ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠭᠰᠠᠭᠠᠷ ᠢᠷᠡᠭᠰᠡᠨ ᠪᠦᠭᠡᠳ | ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠵᠢᠴᠢ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ ᠤᠨ | ᠠᠵᠢᠯ ᠢ ᠰᠠᠶᠢᠲᠤᠷ ᠬᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠠᠢ᠃ ᠰᠢᠨ᠎ᠡ ᠴᠠᠭ ᠦᠶ᠎ᠡ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ | ᠭᠤᠤᠯᠯᠠᠭᠤᠯᠤᠬᠰᠠᠨ ᠨᠠᠮ ᠤᠨ ᠲᠥᠪ ᠬᠤᠷᠢᠶ᠎ᠠ ᠨᠢ ᠪᠦᠬᠦ ᠲᠠᠯ᠎ᠠ ᠪᠣᠯᠤᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠬᠠᠷᠢᠶᠠᠲᠤ ᠨᠠᠷ ᠤᠨ ᠬᠤᠯᠪᠣᠭ᠎ᠠ ᠶᠢᠨ | ᠥᠭᠡᠷᠡᠴᠢᠯᠡᠯᠲᠡ ᠶᠢ ᠠᠬᠢᠭᠤᠯᠬᠤ᠂ ᠬᠠᠷᠢᠶᠠᠲᠤ ᠨᠠᠷ ᠤᠨ ᠶᠠᠪᠤᠳᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠠᠷᠢᠶᠠᠲᠤ ᠨᠠᠷ ᠤᠨ ᠠᠵᠢᠯ ᠢ ᠰᠠᠶᠢᠲᠤᠷ ᠬᠢᠬᠦ ᠲᠤᠬᠠᠢ | ᠠᠯᠢ ᠤᠯᠠᠨ ᠴᠢᠬᠤᠯᠠ ᠪᠠᠶᠢᠷᠢᠯᠠᠭᠤᠯᠤᠯᠲᠠ ᠬᠢᠵᠦ᠂ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠶᠡᠷᠦᠩᠬᠡᠢ ᠱᠦᠵᠢ ᠰᠢ ᠶᠢᠨ ᠫᠢᠩ ᠤᠨ ᠬᠠᠷᠢᠶᠠᠲᠤ ᠨᠠᠷ ᠤᠨ ᠠᠵᠢᠯ ᠤᠨ | ᠲᠤᠬᠠᠢ ᠴᠢᠬᠤᠯᠠ ᠥᠭᠦᠯᠡᠯᠲᠡ ᠨᠢ ᠰᠢᠨ᠎ᠡ ᠴᠠᠭ ᠦᠶ᠎ᠡ ᠶᠢᠨ ᠨᠠᠮ ᠤᠨ ᠬᠠᠷᠢᠶᠠᠲᠤ ᠨᠠᠷ ᠤᠨ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ | ᠲᠣᠳᠣᠷᠬᠠᠢ ᠵᠢᠭᠠᠵᠤ᠂ ᠰᠢᠨ᠎ᠡ ᠴᠠᠭ ᠦᠶ᠎ᠡ ᠶᠢᠨ ᠬᠠᠷᠢᠶᠠᠲᠤ ᠨᠠᠷ ᠤᠨ ᠬᠤᠯᠪᠣᠭ᠎ᠠ ᠶᠢᠨ ᠠᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠦᠨᠳᠦᠰᠦᠨ | ᠵᠢᠷᠤᠮᠯᠠᠯ ᠬᠠᠩᠭᠠᠪᠠ᠃ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠤᠯᠤᠰ ᠲᠠᠭᠠᠨ | ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠬᠡᠷ ᠪᠦᠯᠢ ᠶᠢᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠬᠰᠠᠨ ᠠᠴᠠ ᠨᠠᠭᠠᠰᠢ᠂ | ᠳᠤᠮᠳᠠᠳᠤ ᠤᠯᠤᠰ ᠤᠨ ᠬᠠᠷᠢᠶᠠᠲᠤ ᠨᠠᠷ ᠤᠨ ᠬᠤᠯᠪᠣᠭ᠎ᠠ ᠪᠣᠯᠤᠨ ᠡᠯ᠎ᠡ ᠱᠠᠲᠤᠨ ᠤ ᠬᠠᠷᠢᠶᠠᠲᠤ ᠨᠠᠷ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠨᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠶᠡᠷᠦᠩᠬᠡᠢ ᠱᠦᠵᠢ ᠰᠢ ᠶᠢᠨ ᠫᠢᠩ ᠤᠨ ᠬᠠᠷᠢᠶᠠᠲᠤ ᠨᠠᠷ ᠤᠨ ᠠᠵᠢᠯ ᠪᠣᠯᠤᠨ ᠤᠯᠠᠨ ᠲᠦᠮᠡᠨ ᠤ ᠪᠦᠯᠬᠦᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠤᠯᠤᠰ ᠤᠨ ᠶᠡᠭᠡ ᠶᠠᠪᠤᠳᠠᠯ︾ ᠢ ᠬᠡᠬᠦᠳᠡᠭ ᠴᠡᠭᠡᠵᠢᠨ ᠳᠡᠭᠡᠨ ᠪᠠᠭᠲᠠᠭᠠᠵᠤ᠂ ︽ᠬᠠᠷᠢᠶᠠᠲᠤ ᠨᠠᠷ︾ ᠤᠨ ᠠᠵᠢᠯ ᠢ ᠰᠠᠶᠢᠲᠤᠷ | ᠬᠢᠵᠦ᠂ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠵᠢᠴᠢ ᠭᠠᠳᠠᠭᠠᠳᠤ ᠳᠤ ᠰᠠᠭᠤᠭ᠎ᠠ ᠬᠠᠷᠢᠶᠠᠲᠤ ᠨᠠᠷ ᠲᠠᠢ | ᠪᠦᠯᠬᠦᠮᠳᠡᠵᠦ᠂ ᠲᠡᠳᠡᠨ ᠢ ᠬᠦᠳᠦᠯᠥᠨ ᠳᠠᠭᠠᠭᠤᠯᠵᠤ᠂ ᠲᠡᠳᠡᠨ ᠳᠤ ᠦᠢᠯᠡᠴᠢᠯᠡᠵᠦ᠂ ᠬᠠᠷᠢᠶᠠᠲᠤ ᠨᠠᠷ ᠤᠨ ᠬᠤᠯᠪᠣᠭ᠎ᠠ ᠶᠢᠨ ᠪᠠᠶᠢᠭᠤᠯᠤᠯᠲᠠ ᠪᠣᠯᠤᠨ ᠠᠵᠢᠯ ᠤᠨ | ᠢᠯᠡᠳᠲᠡ ᠠᠬᠢᠴᠠ ᠲᠠᠢ ᠪᠣᠯᠬᠤ ᠶᠢ ᠠᠬᠢᠭᠤᠯᠤᠬᠰᠠᠨ ᠢᠶᠠᠷ ᠬᠠᠷᠢᠶᠠᠲᠤ ᠨᠠᠷ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠳᠤ ᠰᠢᠨ᠎ᠡ ᠳᠦᠷᠰᠦ ᠪᠠᠶᠢᠳᠠᠯ ᠢᠯᠡᠷᠡᠪᠡ᠃ | ᠬᠠᠷᠢᠶᠠᠲᠤ ᠨᠠᠷ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠪᠣᠯ ᠨᠠᠮ ᠪᠠ ᠵᠠᠰᠠᠭ ᠤᠨ ᠣᠷᠳᠣᠨ ᠤ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ | ᠨᠠᠷ ᠪᠠ ᠬᠠᠷᠢᠶᠠᠲᠤ ᠨᠠᠷ ᠤᠨ ᠭᠡᠷ ᠪᠦᠯᠢ ᠵᠢᠴᠢ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ ᠲᠠᠢ ᠬᠠᠷᠢᠯᠴᠠᠬᠤ ᠨᠡᠷ᠎ᠡ ᠨᠢᠳᠡᠷ ᠲᠡᠭᠡᠨ ᠨᠡᠶᠢᠴᠡᠭᠰᠡᠨ | ᠴᠢᠬᠤᠯᠠ ᠬᠥᠭᠦᠷᠭᠡ ᠪᠠ ᠬᠤᠯᠪᠣᠭᠠᠰᠤ ᠪᠤᠯᠤᠨ᠎ᠠ ᠭᠡᠳᠡᠭ ᠢ ᠪᠣᠳᠠᠲᠤ ᠭᠡᠷᠡᠭ ᠭᠦᠢᠴᠡᠳ ᠭᠡᠷᠡᠴᠢᠯᠡᠵᠠᠢ᠃ | ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠠᠤᠭ᠎ᠠ | ᠲᠥᠰᠦᠪ ᠢ ᠵᠢᠷᠤᠭᠯᠠᠪᠠ᠃ ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠦᠰᠡᠯ ᠵᠡᠭᠦᠳᠦ ᠶᠢ | ᠪᠡᠶᠡᠯᠡᠭᠦᠯᠬᠦ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠬᠠᠮᠲᠤ ᠪᠠᠷ ᠲᠡᠮᠡᠴᠡᠬᠦ ᠬᠡᠷᠡᠭᠲᠡᠢ︾ ᠭᠡᠵᠦ ᠴᠢᠬᠤᠯᠠᠴᠢᠯᠠᠪᠠ᠃ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠵᠠᠮ ᠳᠤ᠂ ᠪᠢᠳᠡ ᠬᠠᠮᠤᠭ ᠤᠨ ᠥᠷᠭᠡᠨ | ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠵᠦ᠂ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ | ᠪᠦᠯᠢ ᠵᠢᠴᠢ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ ᠢ ᠨᠢᠭᠲᠠᠷᠠᠭᠤᠯᠤᠨ ᠪᠦᠯᠬᠦᠮᠳᠡᠭᠦᠯᠵᠦ᠂ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ | ᠪᠠ ᠬᠠᠷᠢᠶᠠᠲᠤ ᠨᠠᠷ ᠤᠨ ᠭᠡᠷ ᠪᠦᠯᠢ ᠵᠢᠴᠢ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ ᠤᠨ ᠳᠠᠪᠠᠭᠤᠯᠢᠭ ᠢ ᠪᠠᠳᠠᠷᠠᠭᠤᠯᠵᠤ᠂ ᠪᠦᠬᠦ ᠳᠤᠮᠳᠠᠳᠤ ᠶᠢᠨ | ᠬᠥᠪᠡᠭᠦᠳ ᠥᠬᠢᠳ ᠢ ᠳᠠᠶᠢᠴᠢᠯᠠᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠵᠡᠭᠦᠳᠦ ᠶᠢ ᠪᠡᠶᠡᠯᠡᠬᠦᠯᠬᠦ | ᠶᠢᠨ ᠲᠣᠭᠤᠷᠢᠨ ᠳᠤ ᠬᠠᠮᠲᠤ ᠪᠠᠷ ᠪᠣᠳᠣᠯᠬᠢᠯᠠᠵᠤ᠂ ᠬᠠᠮᠲᠤ ᠪᠠᠷ ᠠᠵᠢᠯᠯᠠᠵᠤ᠂ ᠰᠡᠳᠬᠢᠯ ᠨᠢᠭᠡᠳᠦᠨ ᠳᠤᠮᠳᠠᠳᠤ ᠶᠢᠨ ᠬᠦᠰᠡᠯ ᠵᠡᠭᠦᠳᠦ ᠶᠢ ᠬᠠᠮᠲᠤ ᠪᠠᠷ ᠪᠡᠶᠡᠯᠡᠬᠦᠯᠬᠦ | ᠠᠤᠭ᠎ᠠ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠢ᠃ ᠥᠷᠭᠡᠨ ᠤᠯᠠᠨ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ | ᠵᠢᠴᠢ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ ᠢ ᠪᠦᠯᠬᠦᠮᠳᠡᠭᠦᠯᠦᠨ ᠨᠢᠭᠲᠠᠷᠠᠭᠤᠯᠵᠤ ᠨᠠᠮ ᠪᠠ ᠠᠷᠠᠳ ᠲᠦᠮᠡᠨ ᠤ ᠦᠢᠯᠡᠰ ᠤᠨ ᠲᠥᠯᠥᠭᠡ | ᠴᠥᠬᠦᠷᠡᠰᠢ ᠦᠭᠡᠢ ᠲᠡᠮᠡᠴᠡᠭᠦᠯᠭᠦ ᠪᠣᠯ ᠬᠠᠷᠢᠶᠠᠲᠤ ᠨᠠᠷ ᠤᠨ ᠬᠤᠯᠪᠣᠭ᠎ᠠ ᠶᠢᠨ ᠢᠷᠠᠭᠤ ᠠᠯᠳᠠᠷᠲᠤ ᠡᠭᠦᠷᠭᠡ ᠮᠥᠨ᠃ ︽ᠬᠠᠷᠢᠶᠠᠲᠤ ᠨᠠᠷ ᠤᠨ ᠰᠡᠳᠬᠢᠯ ᠢ | ᠨᠢᠭᠲᠠᠷᠠᠭᠤᠯᠵᠤ ᠳᠤᠮᠳᠠᠳᠤ ᠶᠢᠨ ᠬᠦᠰᠡᠯ ᠵᠡᠭᠦᠳᠦ ᠶᠢ ᠬᠠᠮᠲᠤ ᠪᠠᠷ ᠪᠡᠶᠡᠯᠡᠬᠦᠯᠬᠦ︾ ᠰᠢᠨ᠎ᠡ ᠴᠠᠭ ᠦᠶ᠎ᠡ ᠶᠢᠨ ᠬᠠᠷᠢᠶᠠᠲᠤ ᠨᠠᠷ ᠤᠨ ᠶᠠᠪᠤᠳᠠᠯ ᠤᠨ ᠠᠵᠢᠯ ᠤᠨ ᠭᠤᠣᠯ | ᠰᠡᠳᠦᠪ ᠤᠨ ᠲᠣᠭᠤᠷᠢᠨ ᠳᠤ᠂ ᠬᠠᠷᠢᠶᠠᠲᠤ ᠨᠠᠷ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠰᠠᠶᠢᠲᠤᠷ | ᠵᠢᠷᠤᠭᠯᠠᠪᠠᠯ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠬᠠᠮᠲᠤ ᠪᠠᠷ ᠴᠢᠷᠮᠠᠶᠢᠬᠤ ᠬᠦᠴᠦᠷᠬᠡᠭ ᠶᠡᠭᠡ ᠬᠦᠴᠦᠨ ᠢ ᠯᠠᠪᠲᠠᠢ ᠪᠦᠷᠢᠯᠳᠦᠭᠦᠯᠵᠦ ᠴᠢᠳᠠᠨ᠎ᠠ᠃ | ︽ᠳᠤᠮᠳᠠᠳᠤ ᠤᠯᠤᠰ ᠤᠨ ᠬᠦᠰᠡᠯ ᠵᠡᠭᠦᠳᠦ ᠪᠣᠯ ᠤᠯᠤᠰ ᠣᠷᠣᠨ ᠤ ᠬᠦᠰᠡᠯ ᠵᠡᠭᠦᠳᠦ᠂ ᠦᠨᠳᠦᠰᠦᠲᠡᠨ ᠤ ᠬᠦᠰᠡᠯ ᠵᠡᠭᠦᠳᠦ ᠮᠥᠨ᠂ ᠪᠠᠰᠠ ᠴᠤ | ᠳᠤᠮᠳᠠᠳᠤ ᠶᠢᠨ ᠬᠥᠪᠡᠭᠦᠳ ᠥᠬᠢᠳ ᠨᠢᠭᠡᠪᠦᠷᠢ ᠶᠢᠨ ᠬᠦᠰᠡᠯ ᠵᠡᠭᠦᠳᠦ ᠮᠥᠨ︾᠃ ᠥᠨᠥᠳᠦᠷ ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠬᠠᠷᠠᠯᠲᠠ ᠳᠤ ᠲᠡᠦᠬᠡ ᠶᠢᠨ ᠠᠯᠢ ᠴᠤ ᠦᠶ᠎ᠡ ᠠᠴᠠ ᠨᠡᠩ ᠢᠯᠡᠭᠦᠦ ᠲᠦᠬᠦᠵᠦ᠂ ᠡᠨᠡ ᠬᠦ ᠬᠠᠷᠠᠯᠲᠠ ᠶᠢ ᠪᠡᠶᠡᠯᠡᠭᠦᠯᠬᠦ ᠢᠲᠡᠭᠡᠯ ᠪᠠ | ᠴᠢᠳᠠᠪᠤᠷᠢ ᠲᠡᠦᠬᠡ ᠶᠢᠨ ᠠᠯᠢ ᠴᠤ ᠦᠶ᠎ᠡ ᠠᠴᠠ ᠨᠡᠩ ᠢᠯᠡᠭᠦᠦ ᠴᠢᠩᠭᠠᠷᠠᠵᠠᠢ᠂ ᠡᠭᠦᠨ ᠤ ᠬᠠᠮᠲᠤ ᠡᠷᠬᠡᠪᠰᠢ ᠨᠡᠩ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠪᠠᠷ | ᠪᠡᠯᠡᠳᠬᠡᠬᠦ ᠬᠡᠷᠡᠭᠲᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ | ︽ᠬᠠᠮᠲᠤ ᠶᠢᠨ ᠦᠨᠳᠦᠰᠦ︾ ᠪᠠᠨ ᠰᠠᠬᠢᠨ ᠬᠠᠮᠠᠭᠠᠯᠠᠵᠤ᠂ ︽ᠬᠠᠮᠲᠤ ᠶᠢᠨ ᠰᠦᠭ ᠰᠦᠨᠡᠰᠦ︾ ᠪᠠᠨ ᠤᠯᠠᠮᠵᠢᠯᠠᠨ ᠵᠠᠯᠭᠠᠮᠵᠢᠯᠠᠵᠦ᠂ ︽ᠬᠠᠮᠲᠤ ᠶᠢᠨ ᠬᠦᠰᠡᠯ ᠵᠡᠭᠦᠳᠦ︾ | ᠪᠠᠨ ᠪᠡᠶᠡᠯᠡᠭᠦᠯᠵᠦ᠂ ᠲᠦᠮᠡᠨ ᠤᠯᠠᠨ ᠤ ᠰᠡᠳᠬᠢᠯ ᠢ ᠨᠢᠭᠡᠳᠬᠡᠵᠦ ᠬᠦᠴᠦᠨ ᠴᠢᠳᠠᠯ ᠢ ᠲᠦᠪᠯᠡᠷᠡᠬᠦᠯᠤᠨ ᠤᠶᠤᠨ ᠤᠬᠠᠭᠠᠨ ᠢ ᠨᠢᠭᠲᠠᠷᠠᠭᠤᠯᠵᠦ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ | ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠵᠦ᠂ ᠰᠢᠨ᠎ᠡ ᠬᠠᠭᠤᠳᠠᠰᠤ ᠶᠢ ᠪᠢᠴᠢᠭᠯᠡᠰᠤᠭᠡᠢ᠃ | |