ᠭᠡᠰᠢᠭᠦᠨ ᠠᠷᠤᠤᠬᠠᠨ᠄ ᠷᠠᠳᠢᠣ᠋ ᠲᠧᠯᠸᠢᠰ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠪᠦᠷᠬᠦᠴᠡ ᠶᠢᠨ ᠬᠡᠮᠵᠢᠶ᠎ᠡ ᠶᠢ ᠥᠷᠭᠡᠳᠬᠡᠬᠦ ᠶᠢ ᠬᠦᠰᠡᠵᠦ ᠪᠠᠶᠢᠨ᠎ᠠ
ᠨᠡᠶᠢᠲᠡᠯᠡᠭᠰᠡᠨ ᠴᠠᠭ᠄
2024/1/19
       ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠥᠯᠥᠨ ᠪᠤᠶᠢᠷ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠮᠣᠩᠭᠤᠯ ᠬᠡᠯᠡᠨ ᠤ ᠶᠡᠷᠦᠩᠬᠡᠶᠢᠯᠡᠭᠰᠡᠨ ᠷᠠᠳᠢᠣ᠋ ᠶᠢᠨ ᠡᠷᠭᠢᠯᠡᠭᠴᠢ ᠠᠷᠤᠤᠬᠠᠨ ᠪᠠᠲᠤ ᠴᠢᠩᠭ᠎ᠠ ᠤᠯᠤᠰ ᠲᠥᠷᠥ ᠶᠢᠨ ᠵᠣᠭᠰᠣᠯᠲᠠ᠂ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠢᠮᠠᠭᠲᠠ ᠪᠠᠷᠢᠮᠲᠠᠯᠠᠵᠤ᠂ ᠰᠣᠨᠢᠨ ᠮᠡᠳᠡᠭᠡ ᠬᠡᠪᠯᠡᠯ ᠤᠨ ᠠᠭᠤᠯᠭ᠎ᠠ ᠪᠠ ᠭᠡᠯᠪᠡᠷᠢ ᠪᠠᠶᠢᠳᠠᠯ ᠤᠨ ᠬᠤᠪᠢᠷᠠᠯᠲᠠ ᠶᠢ ᠠᠩᠬᠠᠷᠴᠤ᠂ ᠰᠣᠨᠣᠰᠤᠭᠴᠢ ᠲᠦᠮᠡᠨ ᠤ ᠣᠶᠤᠨ ᠰᠠᠨᠠᠭ᠎ᠠ᠂ ᠰᠣᠶᠣᠯ ᠤᠨ ᠬᠡᠷᠡᠭᠴᠡᠭᠡ ᠶᠢ ᠤᠯᠠᠮ ᠨᠢᠭᠡ ᠠᠯᠬᠤᠮ ᠪᠠᠶᠠᠯᠢᠭᠵᠢᠭᠤᠯᠬᠤ ᠶᠢᠨ ᠲᠥᠯᠥᠭᠡ ᠢᠳᠡᠪᠬᠢᠲᠡᠢ ᠪᠠᠷ ᠰᠠᠨᠠᠯ ᠳᠤᠷᠠᠳᠤᠯᠭ᠎ᠠ  ᠪᠠᠨ ᠳᠡᠪᠰᠢᠭᠦᠯᠦᠭᠰᠡᠭᠡᠷ ᠢᠷᠡᠵᠠᠢ᠃ 
20240119-2.jpg
       ᠠᠷᠤᠤᠬᠠᠨ᠂ ᠠᠵᠢᠯ ᠤᠨ ᠳᠤᠮᠳᠠ ᠪᠠᠨ ᠦᠨᠳᠦᠰᠦᠨ ᠱᠠᠲᠤᠨ ᠤ ᠥᠷᠭᠡᠨ ᠤᠯᠠᠨ  ᠰᠣᠨᠣᠰᠤᠭᠴᠢᠳ ᠤᠨ ᠷᠠᠳᠢᠣ᠋ ᠣᠯᠵᠤ ᠰᠣᠨᠣᠰᠬᠤ ᠦᠭᠡᠢ ᠪᠠᠶᠢᠬᠤ ᠪᠠᠶᠢᠳᠠᠯ ᠢ ᠤᠲᠠᠰᠤ ᠪᠤᠶᠤ ᠵᠢᠷᠭᠢᠶ᠎ᠡ ᠪᠠᠷ ᠲᠠᠮᠵᠢᠨ  ᠣᠯᠠᠨᠲᠠ ᠲᠤᠰᠴᠤ᠂ ᠤᠯᠠᠨ ᠲᠦᠮᠡᠨ ᠤ ᠬᠦᠴᠢᠷᠳᠡᠯ ᠢ ᠬᠡᠷᠬᠢᠨ ᠰᠢᠢᠳᠪᠦᠷᠢᠯᠡᠵᠦ ᠥᠭᠬᠦ ᠲᠤᠬᠠᠢ ᠪᠠᠨ ᠰᠡᠳᠬᠢᠯ ᠳᠡᠭᠡᠨ ᠪᠤᠳᠤᠬᠰᠠᠭᠠᠷ ᠢᠷᠡᠵᠡᠢ᠃ ᠲᠡᠷᠡ ᠦᠨᠳᠦᠰᠦᠨ ᠱᠠᠲᠤᠨ ᠳᠤ ᠭᠦᠨᠵᠡᠭᠡᠶᠢᠷᠡᠨ  ᠰᠤᠷᠪᠤᠯᠵᠢᠯᠠᠨ ᠪᠠᠶᠢᠴᠠᠭᠠᠨ ᠰᠤᠳᠤᠯᠵᠤ᠂  ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠪᠠᠶᠢᠳᠠᠯ ᠢ ᠣᠶᠢᠯᠠᠭᠠᠭᠰᠠᠨ ᠤ ᠲᠠᠷᠠᠭ᠎ᠠ᠂ ᠡᠨᠡ ᠵᠢᠯ ᠤᠨ ᠬᠤᠳᠠ ᠶᠢᠨ ︽ᠬᠤᠶᠠᠷ ᠬᠤᠷᠠᠯ︾ ᠳᠤ᠂ ︽ᠷᠠᠳᠢᠣ᠋ ᠲᠧᠯᠸᠢᠰ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠪᠦᠷᠬᠦᠴᠡ ᠶᠢᠨ ᠬᠡᠮᠵᠢᠶ᠎ᠡ ᠶᠢ ᠥᠷᠭᠡᠳᠬᠡᠵᠦ ᠤᠯᠠᠨ ᠲᠦᠮᠡᠨ ᠳᠤ ᠨᠠᠩ ᠴᠢᠨᠠᠷ ᠰᠠᠶᠢᠲᠠᠢ ᠤᠶᠤᠨ ᠰᠠᠨᠠᠭ᠎ᠠ ᠰᠣᠶᠣᠯ ᠤᠨ ᠦᠢᠯᠡᠴᠢᠯᠡᠭᠡ ᠶᠢ ᠬᠠᠩᠭᠠᠬᠤ ᠲᠤᠬᠠᠢ︾ᠰᠠᠨᠠᠯ ᠳᠤᠷᠠᠳᠤᠯᠭ᠎ᠠ ᠪᠠᠨ ᠳᠡᠪᠰᠢᠭᠦᠯᠦᠭᠰᠡᠨ ᠪᠠᠶᠢᠨ᠎ᠠ᠃        2023 ᠣᠨ ᠤ 5 ᠰᠠᠷ᠎ᠠ ᠳᠤ᠂ ᠠᠷᠤᠤᠬᠠᠨ ᠰᠢᠨ᠎ᠡ ᠪᠠᠷᠭᠤ ᠪᠠᠷᠠᠭᠤᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠪᠤᠶᠢᠳᠠ ᠪᠥᠭᠯᠡᠭᠦᠦ ᠰᠤᠮᠤ᠂ ᠭᠠᠴᠠᠭ᠎ᠠ᠂ ᠬᠢᠯᠢ ᠬᠢᠵᠠᠭᠠᠷ ᠣᠷᠣᠨ ᠳᠤ ᠭᠦᠨᠵᠡᠭᠡᠶᠢᠷᠡᠨ᠂ ᠪᠠᠶᠢᠴᠠᠭᠠᠨ ᠰᠤᠷᠪᠤᠵᠢᠯᠠᠬᠤ ᠪᠠᠷ ᠲᠠᠮᠵᠢᠨ ᠬᠤᠰᠢᠭᠤᠨ ᠤ ᠲᠥᠪ ᠠᠴᠠ ᠬᠤᠯᠡ ᠵᠠᠷᠢᠮ ᠭᠠᠵᠠᠷ ᠣᠷᠣᠨ ᠳᠤ ᠷᠠᠳᠢᠣ᠋ ᠣᠯᠵᠤ ᠰᠣᠨᠣᠰᠬᠤ ᠦᠭᠡᠢ᠂ ᠭᠠᠷ ᠤᠲᠠᠰᠤᠨ ᠤ ᠳᠣᠬᠢᠶ᠎ᠠ ᠪᠠᠭᠤᠷᠠᠢ ᠪᠠᠶᠢᠳᠠᠯ ᠢ ᠣᠯᠵᠤ ᠮᠠᠲᠠᠵᠠᠢ᠃ ᠪᠤᠴᠠᠵᠤ ᠢᠷᠡᠭᠰᠡᠨ ᠤ ᠪᠠᠨ ᠳᠠᠷᠠᠭ᠎ᠠ᠂ ᠠᠷᠤᠤᠬᠠᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠷᠢᠯᠴᠠᠨ  ᠡᠳᠡᠭᠡᠷ ᠣᠷᠣᠰᠢᠵᠤ  ᠪᠠᠶᠢᠬᠤ ᠠᠰᠠᠭᠤᠳᠠᠯ ᠢᠶᠠᠨ ᠮᠡᠳᠡᠭᠦᠯᠪᠡ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤ ᠥᠭᠭᠦᠭᠰᠡᠨ ᠪᠠᠶᠢᠳᠠᠯ ᠪᠣᠯ᠂ ᠨᠢᠭᠡ ᠳᠤ᠂ ᠳᠤᠮᠳᠠ ᠣᠬᠤᠷ ᠳᠣᠯᠭᠢᠶᠠᠨ ᠤ ᠳᠠᠮᠵᠢᠭᠤᠯᠭ᠎ᠠ ᠳᠤ ᠬᠤᠶᠠᠷ ᠵᠦᠢᠯ ᠤᠨ ᠠᠷᠭ᠎ᠠ ᠭᠡᠯᠪᠡᠷᠢ ᠵᠡᠷᠭᠡ ᠪᠠᠷ ᠣᠷᠣᠰᠢᠵᠤ᠂ ᠭᠥᠯᠢᠶᠡᠨ ᠠᠪᠬᠤ ᠳᠤ ᠬᠦᠴᠢᠷᠲᠡᠢ ᠪᠠ ᠲᠠᠭᠤᠨ ᠤ ᠴᠢᠨᠠᠷ ᠢ ᠨᠥᠯᠥᠭᠡᠯᠡᠬᠦ ᠪᠠᠶᠢᠳᠠᠯ ᠣᠷᠣᠰᠢᠵᠤ ᠪᠤᠢ᠃ ᠬᠤᠶᠠᠷ ᠲᠤ᠂ ᠰᠡᠯᠭᠦᠭᠡ ᠳᠠᠪᠲᠠᠮᠵᠢᠲᠤ ᠰᠠᠴᠤᠷᠠᠭᠤᠯᠬᠤ ᠮᠠᠰᠢᠨ ᠢ  ᠣᠳᠣ ᠪᠤᠯᠲᠠᠯ᠎ᠠ ᠨᠢᠭᠡᠨᠲᠡ 14 ᠵᠢᠯ ᠬᠡᠷᠡᠭᠯᠡᠵᠦ᠂  ᠰᠠᠴᠤᠷᠠᠭᠤᠯᠬᠤ ᠮᠠᠰᠢᠨ ᠪᠠ ᠰᠠᠨᠰᠠᠷ ᠢᠶᠠᠷ ᠬᠦᠷᠭᠡᠬᠦ ᠰᠢᠰᠲ᠋ᠧᠮ ᠨᠡᠯᠢᠶᠡᠳ ᠶᠡᠭᠡ ᠬᠠᠭᠤᠴᠢᠷᠠᠭᠰᠠᠨ ᠠᠴᠠ ᠬᠠᠮᠤᠷᠬᠤ ᠬᠡᠪᠴᠢᠶ᠎ᠡ ᠨᠢ ᠪᠠᠭᠠᠰᠤᠭᠰᠠᠨ ᠪᠠᠶᠢᠨ᠎ᠠ᠃ ᠭᠤᠷᠪᠠ ᠳᠤ᠂ ᠳᠠᠭᠠᠭᠤᠯᠢ ᠤᠳᠤ ᠪᠠᠷ ᠳᠠᠮᠵᠢᠨ ᠰᠢᠭᠤᠳ ᠨᠡᠪᠲᠡᠷᠡᠭᠦᠯᠬᠦ ᠲᠥᠬᠦᠭᠡᠷᠦᠮᠵᠢ ᠶᠢ ᠨᠢᠭᠡᠨᠲᠡ 16 ᠵᠢᠯ ᠬᠡᠷᠡᠭᠯᠡᠵᠦ ᠮᠠᠰᠢᠨ ᠬᠠᠭᠤᠴᠢᠷᠠᠭᠰᠠᠨ ᠨᠢ ᠨᠢᠭᠡ ᠰᠢᠯᠲᠠᠭᠠᠨ ᠪᠤᠯᠪᠠᠴᠦ  ᠰᠢᠯᠵᠢᠮᠡᠯ ᠮᠡᠳᠡᠭᠡ ᠬᠤᠯᠪᠣᠭᠠᠨ ᠤ 2 G ᠳᠣᠬᠢᠶ᠎ᠠ ᠪᠠᠷ ᠣᠷᠣᠨ ᠪᠠᠶᠢᠷᠢ ᠲᠣᠭᠲᠠᠭᠠᠭᠰᠠᠨ ᠤ ᠳᠠᠷᠠᠭ᠎ᠠ ᠰᠠᠶ᠋ᠢ ᠬᠡᠪ ᠤᠨ ᠪᠠᠶᠢᠳᠠᠯ ᠢᠶᠠᠷ ᠭᠥᠯᠢᠶᠡᠨ ᠠᠪᠴᠤ ᠰᠣᠨᠣᠰᠴᠤ ᠴᠢᠳᠠᠨ᠎ᠠ᠂  ᠭᠡᠲᠡᠯ᠎ᠡ 2023 ᠣᠨ ᠤ ᠡᠬᠢ ᠪᠠᠷ ᠰᠢᠯᠵᠢᠮᠡᠯ ᠮᠡᠳᠡᠭᠡ ᠬᠤᠯᠪᠣᠭᠠᠨ ᠤ ᠺᠤᠮᠫᠠᠨᠢ 2 G ᠳᠣᠬᠢᠶ᠎ᠠ ᠶᠢ ᠵᠣᠭᠰᠣᠭᠠᠭᠰᠠᠨ ᠠᠴᠠ ᠤᠳᠤ ᠮᠠᠰᠢ ᠣᠯᠠᠨ ᠨᠤᠲᠤᠭ ᠰᠢᠯᠵᠢᠭᠰᠡᠨ ᠮᠠᠯᠵᠢᠬᠤ ᠡᠷᠦᠭᠡ ᠬᠡᠪ ᠤᠨ ᠶᠣᠰᠣᠭᠠᠷ ᠷᠠᠳᠢᠣ᠋ ᠭᠥᠯᠢᠶᠡᠨ ᠠᠪᠴᠤ ᠰᠣᠨᠣᠰᠬᠤ ᠶᠢᠨ ᠠᠷᠭ᠎ᠠ ᠦᠭᠡᠢ ᠪᠣᠯᠤᠭᠰᠠᠨ ᠵᠡᠷᠭᠡ ᠰᠢᠯᠲᠠᠭᠠᠨ ᠢ ᠣᠶᠢᠯᠠᠭᠠᠨ ᠮᠡᠳᠡᠵᠡᠢ᠃                  ᠠᠷᠤᠤᠬᠠᠨ᠄ ︽ᠣᠳᠣᠬᠠᠨ ᠳᠤ᠂ ᠬᠥᠯᠥᠨ ᠪᠤᠶᠢᠷ ᠬᠤᠲᠠ ᠶᠢᠨ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠰᠢᠨ᠎ᠡ ᠱᠠᠲᠤᠨ ᠳᠤ ᠣᠷᠣᠪᠠ᠃  ᠪᠢ ᠰᠣᠨᠢᠨ ᠮᠡᠳᠡᠭᠡ ᠬᠡᠪᠯᠡᠯ ᠤᠨ ᠡᠲᠡᠭᠡᠳ ᠤᠨ ᠭᠡᠰᠢᠭᠦᠨ ᠪᠣᠯᠤᠭᠰᠠᠨ ᠤ ᠬᠤᠪᠢ ᠳᠤ᠂ ᠰᠤᠷᠲᠠᠯ ᠤᠬᠠᠭᠤᠯᠭ᠎ᠠ ᠶᠢᠨ ᠦᠢᠯᠡᠰ ᠢ ᠰᠡᠳᠬᠢᠯ ᠳᠡᠭᠡᠨ ᠪᠤᠳᠤᠵᠤ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠴᠢᠬᠤᠯᠠᠲᠠᠢ᠃ ᠪᠢ ᠴᠢᠩ ᠰᠡᠳᠬᠢᠯ ᠠᠴᠠ ᠪᠠᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠳᠤᠮᠳᠠ ᠣᠬᠤᠷ ᠳᠣᠯᠭᠢᠶᠠᠨ ᠤ ᠳᠣᠬᠢᠶ᠎ᠠ ᠶᠢ  ᠴᠠᠭ ᠲᠤᠬᠠᠢ ᠳᠤᠨᠢ ᠪᠠᠶᠢᠴᠠᠭᠠᠨ ᠬᠡᠮᠵᠢᠵᠦ᠂ ᠳᠠᠪᠲᠠᠮᠵᠢ ᠰᠡᠯᠭᠦᠬᠦ ᠰᠠᠴᠤᠷᠠᠭᠤᠯᠬᠤ ᠮᠠᠰᠢᠨ ᠤ ᠬᠠᠭᠤᠴᠢᠷᠠᠭᠰᠠᠨ ᠠᠰᠠᠭᠤᠳᠠᠯ ᠢ ᠴᠠᠭ ᠲᠤᠬᠠᠢ ᠳᠤᠨᠢ ᠰᠡᠯᠪᠢᠨ ᠵᠠᠰᠠᠵᠤ᠂ ᠲᠠᠰ ᠳᠡᠪᠰᠢᠭᠦᠯᠦᠨ ᠰᠢᠢᠳᠪᠦᠷᠢᠯᠡᠨ ᠥᠭᠴᠦ᠂ ᠰᠢᠯᠵᠢᠮᠡᠯ ᠬᠤᠯᠪᠤᠭ᠎ᠠ᠂ ᠬᠠᠮᠲᠤᠷᠠᠭᠰᠠᠨ ᠬᠤᠯᠪᠤᠭ᠎ᠠ᠂ ᠴᠠᠭᠢᠯᠭᠠᠨ ᠬᠤᠯᠪᠤᠭ᠎ᠠ ᠵᠡᠷᠭᠡ ᠪᠠᠶᠢᠭᠤᠯᠭ᠎ᠠ ᠶᠢᠨ ᠬᠢᠨ ᠳᠣᠬᠢᠶ᠎ᠠ ᠶᠢᠨ ᠲᠠᠰ ᠳᠡᠪᠰᠢᠭᠦᠯᠬᠦ ᠪᠠᠨ ᠴᠢᠩᠭᠠᠳᠬᠠᠨ ᠳᠣᠭᠢᠶᠠᠨ ᠤ ᠪᠦᠷᠬᠦᠴᠡ ᠶᠢ ᠥᠷᠭᠡᠳᠬᠡᠵᠦ᠂ ᠪᠤᠶᠢᠳᠠ ᠪᠥᠭᠯᠡᠭᠦᠦ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ ᠭᠠᠷ ᠤᠲᠠᠰᠤ ᠵᠡᠷᠭᠡ ᠴᠢᠮᠡᠭᠡ ᠬᠤᠯᠪᠣᠭᠠᠨ ᠤ ᠲᠥᠬᠦᠭᠡᠷᠦᠮᠵᠢ ᠪᠠᠷ ᠳᠠᠮᠵᠢᠭᠤᠯᠤᠨ ᠨᠠᠩ ᠣᠯᠠᠨ ᠰᠢᠨ᠎ᠡ ᠵᠠᠭᠤᠴᠢᠯᠠᠭᠤᠷ ᠤᠨ ᠲᠠᠪᠴᠠᠩ ᠢ ᠠᠩᠬᠠᠷᠤᠨ ᠦᠵᠡᠵᠦ ᠴᠢᠳᠠᠬᠤ ᠶᠢ ᠪᠡᠶᠡᠯᠡᠭᠦᠯᠵᠦ ᠥᠭᠬᠦ ᠶᠢ ᠬᠦᠰᠡᠵᠦ ᠪᠠᠶᠢᠨ᠎ᠠ︾ᠭᠡᠵᠦ ᠰᠤᠷᠪᠤᠯᠵᠢᠯᠠᠬᠴᠢ ᠳᠤ ᠶᠠᠷᠢᠨ᠎ᠠ᠃        ᠲᠡᠷᠡ ᠪᠠᠰᠠ᠂  ᠦᠷᠭᠦᠯᠵᠢᠯᠡᠨ ᠲᠤᠰ ᠪᠡᠶ᠎ᠡ ᠶᠢᠨ ᠤᠯᠤᠰ ᠲᠥᠷᠥ ᠶᠢᠨ ᠣᠨᠣᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠨᠠᠮ ᠤᠨ ᠲᠠᠭᠤᠨ ᠢ ᠠᠷᠠᠳ ᠣᠯᠠᠨ ᠤ ᠦᠵᠡᠵᠦ ᠰᠣᠨᠣᠰᠬᠤ ᠳᠤᠷᠠᠲᠠᠢ ᠠᠭᠤᠰᠤᠯᠴᠠᠭᠰᠠᠨ ᠭᠡᠯᠪᠡᠷᠢ ᠪᠠᠷ ᠣᠯᠠᠨ ᠲᠦᠮᠡᠨ ᠤ ᠰᠡᠳᠬᠢᠯ ᠳᠤ ᠳᠠᠮᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤ ᠴᠣᠭᠴᠠᠯᠠᠵᠤ᠂ ᠦᠨᠳᠦᠰᠦᠲᠡᠨ ᠨᠦᠭᠦᠳ ᠤᠨ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠵᠤ᠂ ᠣᠳᠣᠬᠢᠴᠢᠯᠠᠭᠰᠠᠨ ᠬᠥᠯᠥᠨ ᠪᠤᠶᠢᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠳᠤ ᠬᠦᠴᠦᠨ ᠨᠡᠮᠡᠷᠢᠯᠡᠨ᠎ᠡ ᠭᠡᠯ᠎ᠡ᠃                                        ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠬᠴᠢ ᠤᠯᠠᠭᠠᠨᠪᠠᠭᠠᠲᠤᠷ 
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ