2024 ᠣᠨ ᠤ 1 ᠰᠠᠷ᠎ᠠ ᠶᠢᠨ 16 ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠬᠥᠯᠥᠨ ᠪᠦᠢᠷ ᠬᠤᠳᠠ ᠶᠢᠨ ᠲᠠᠪᠤᠳᠤᠭᠠᠷ ᠬᠤᠭᠤᠴᠠᠭᠠᠨ ᠤ | ᠬᠤᠷᠢᠶ᠎ᠠ ᠶᠢᠨ ᠭᠤᠷᠪᠠᠳᠤᠭᠠᠷ ᠬᠤᠷᠠᠯ ᠬᠠᠶᠢᠯᠠᠷ ᠲᠤ ᠬᠤᠷᠠᠯᠳᠤᠵᠤ ᠡᠬᠢᠯᠡᠯ᠎ᠡ᠃ ᠡᠨᠡ ᠬᠦ ᠲᠠᠰᠢᠷᠠᠮ ᠢᠶᠠᠷ ᠰᠤᠷᠪᠤᠯᠵᠢᠯᠠᠬᠴᠢ ᠰᠢᠨ᠎ᠡ ᠪᠠᠷᠭᠤ ᠵᠡᠭᠦᠨ ᠬᠤᠰᠢᠭᠤᠨ ᠤ | ᠰᠣᠶᠣᠯ ᠤᠨ ᠣᠷᠳᠣᠨ ᠳᠤ ᠠᠵᠢᠯᠯᠠᠵᠤ ᠪᠠᠶᠢᠭ᠎ᠠ ᠬᠥᠭᠵᠢᠯᠲᠦ ᠶᠢ ᠰᠤᠷᠪᠤᠯᠵᠢᠯᠠᠵᠤ ᠪᠢᠯᠡ᠃ ᠲᠡᠷᠡ ᠪᠠᠷ ᠡᠨᠡ ᠵᠢᠯ ᠠᠩᠬ᠎ᠠ ᠤᠳᠠᠭ᠎ᠠ ᠪᠦᠭᠦ ᠬᠤᠳᠠ ᠶᠢᠨ ᠤᠯᠤᠰ | ᠲᠦᠷᠦ ᠶᠢᠨ ᠵᠥᠪᠯᠡᠯᠭᠡᠨ ᠤ ᠬᠤᠷᠠᠯ ᠳᠤ ᠤᠷᠤᠯᠴᠠᠵᠤ ᠪᠤᠢ ᠪᠥᠭᠡᠳ ︽ᠦᠨᠳᠦᠰᠦᠨ ᠱᠠᠲᠤᠨ ᠳᠤ ᠤᠷᠠᠨ ᠵᠢᠷᠤᠭ ᠤᠨ ᠣᠷᠳᠣᠨ ᠢ ᠪᠠᠶᠢᠭᠤᠯᠪᠠᠯ ᠵᠣᠬᠢᠨ᠎ᠠ︾ ᠭᠡᠬᠦ | ᠰᠠᠨᠠᠯ ᠳᠤᠷᠠᠳᠤᠯᠭ᠎ᠠ ᠲᠠᠢ ᠢᠷᠡᠭᠰᠡᠨ ᠶᠤᠮ᠃ | | | ᠬᠥᠯᠥᠨ ᠪᠤᠶᠢᠷ ᠤᠨ ᠤᠷᠠᠨ ᠵᠢᠷᠤᠭ ᠨᠢ ᠥᠪᠡᠷᠲᠡᠭᠡᠨ ᠵᠠᠰᠠᠬᠤ ᠣᠷᠣᠨ᠂ ᠴᠢᠨᠠᠭᠰᠢᠯᠠᠪᠠᠯ ᠤᠯᠤᠰ ᠤᠨ ᠳᠣᠲᠣᠭᠠᠳᠤ ᠳᠤ ᠴᠥᠮ ᠴᠢᠬᠤᠯᠠ ᠪᠠᠶᠢᠷᠢ | ᠰᠠᠭᠤᠷᠢ ᠲᠠᠢ ᠶᠤᠮ᠂ ᠣᠶᠢᠷ᠎ᠠ ᠶᠢᠨ ᠵᠢᠯ ᠤᠳ ᠲᠤ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠴᠤ︽ᠲᠣᠰᠣᠨ ᠪᠤᠳᠤᠭ ᠤᠨ ᠵᠢᠷᠤᠭ ᠤᠨ ᠬᠤᠲᠠ︾ ᠶᠢᠨ | ᠰᠣᠶᠣᠯ ᠤᠨ ᠰᠢᠨ᠎ᠡ ᠨᠡᠷ᠎ᠡ ᠶᠢᠨ ᠬᠠᠭᠤᠳᠠᠰᠤ ᠶᠢ ᠡᠭᠦᠳᠦᠨ ᠪᠦᠲᠦᠭᠡᠬᠦ ᠶᠢ ᠲᠦᠯᠬᠢᠨ ᠠᠬᠢᠭᠤᠯᠵᠤ ᠪᠠᠶᠢᠨ᠎ᠠ᠃ ᠬᠥᠯᠥᠨ ᠪᠤᠶᠢᠷ ᠤᠨ ᠲᠡᠦᠬᠡ ᠭᠦᠨ ᠵᠤᠵᠠᠭᠠᠨ᠂ ᠰᠣᠶᠣᠯ | ᠢᠷᠭᠡᠨᠰᠢᠯ ᠪᠠᠶᠠᠯᠢᠭ᠂ ᠪᠠᠶᠢᠭᠠᠯᠢ ᠶᠢᠨ ᠥᠩᠭᠡ ᠦᠵᠡᠮᠵᠢ ᠭᠤᠶᠤ ᠰᠠᠶᠢᠬᠠᠨ᠂ ᠠᠷᠠᠳ ᠤᠨ ᠵᠠᠩ ᠵᠠᠩᠰᠢᠯ ᠪᠣᠷᠣᠭᠵᠢᠭᠤᠨ ᠪᠠᠶᠢᠵᠤ᠂ ᠯᠤᠲᠤ ᠶᠡᠭᠡ ᠤᠷᠠᠯᠢᠭ ᠤᠨ | ᠵᠣᠬᠢᠶᠠᠨ ᠪᠦᠲᠦᠭᠡᠯᠭᠡ ᠶᠢᠨ ᠠᠭᠤᠷ ᠠᠮᠢᠰᠬᠤᠯ ᠲᠠᠢ ᠶᠤᠮ᠃ ᠭᠡᠬᠦ ᠳᠤ ᠣᠯᠠᠩᠬᠢ ᠬᠤᠰᠢᠭᠤ᠂ ᠬᠤᠲᠠ᠂ ᠲᠣᠭᠤᠷᠢᠭ ᠲᠤ ᠲᠤᠰᠬᠠᠢ ᠮᠡᠷᠭᠡᠵᠢᠯ ᠤᠨ ᠤᠷᠠᠨ ᠵᠢᠷᠤᠭ ᠤᠨ | ᠣᠷᠳᠣᠨ ᠴᠥᠭᠡᠨ ᠪᠠᠶᠢᠵᠤ᠂ ᠬᠤᠯᠪᠣᠭᠳᠠᠯ ᠪᠦᠬᠦᠢ ᠳᠡᠯᠭᠡᠨ ᠦᠵᠡᠭᠦᠯᠭᠡ ᠶᠢᠨ ᠠᠵᠢᠯᠯᠠᠭ᠎ᠠ ᠡᠷᠭᠢᠯᠡᠭᠦ ᠳᠤ ᠵᠦᠪᠭᠡᠨ ᠲᠦᠷ ᠴᠠᠭ ᠪᠤᠰᠤᠳ ᠲᠠᠯᠠᠪᠤᠷ ᠢ ᠵᠢᠭᠡᠯᠡᠨ | ᠬᠡᠷᠡᠭᠯᠡᠬᠦ ᠦᠵᠡᠭᠳᠡᠯ ᠣᠷᠣᠰᠢᠵᠤ ᠪᠤᠢ᠃ ᠬᠥᠳᠡᠭᠡ ᠲᠤᠰᠬᠤᠨ ᠳᠤ ᠤᠷᠠᠨ ᠵᠢᠷᠤᠭ ᠤᠨ ᠣᠷᠳᠣᠨ ᠪᠠᠶᠢᠭᠤᠯᠬᠤ ᠨᠢ ᠳᠤᠮᠳᠠᠳᠤ ᠶᠢᠨ ᠦᠨᠳᠦᠰᠦᠲᠡᠨ ᠤ ᠰᠢᠯᠢᠳᠡᠭ | ᠰᠣᠶᠣᠯ ᠤᠷᠠᠯᠢᠭ ᠤᠨ ᠵᠣᠬᠢᠶᠠᠨ ᠪᠦᠲᠦᠭᠡᠯᠭᠡ ᠶᠢᠨ ᠦᠷ᠎ᠡ ᠪᠦᠲᠦᠭᠡᠯ ᠢ ᠪᠠᠳᠠᠷᠠᠭᠤᠯᠬᠤ ᠦᠵᠡᠭᠦᠯᠭᠡ ᠶᠢᠨ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠤᠯᠠᠨ ᠲᠦᠮᠡᠨ ᠤ ᠭᠤᠸ᠎ᠠ ᠰᠠᠶᠢᠬᠠᠨ ᠤ ᠬᠥᠮᠦᠵᠢᠯ ᠤᠨ ᠴᠢᠬᠤᠯᠠ ᠲᠠᠯᠠᠪᠤᠷ ᠪᠤᠯᠬᠤ ᠮᠥᠷᠲᠡᠭᠡᠨ ᠥᠷᠭᠡᠨ ᠳᠡᠯᠭᠡᠷ ᠨᠥᠯᠥᠭᠡᠯᠡᠬᠦ ᠬᠦᠴᠦᠨ᠂ ᠤᠯᠠᠮᠵᠢᠯᠠᠬᠤ ᠬᠦᠴᠦᠨ | ᠪᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠲᠦᠯᠬᠢᠴᠡ ᠬᠦᠴᠦᠨ ᠲᠠᠢ ᠪᠠᠶᠢᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠲᠠᠶᠢᠴᠢᠯᠠᠵᠤ᠂ ᠡᠯ᠎ᠡ | ᠦᠨᠳᠦᠰᠦᠲᠡᠨ ᠤ ᠪᠦᠯᠬᠦᠮᠳᠡᠯ ᠲᠠᠪᠰᠢᠯᠳᠠ ᠰᠣᠶᠣᠯ ᠤᠨ ᠰᠣᠯᠢᠯᠴᠠᠭ᠎ᠠ᠂ ᠶᠠᠪᠤᠯᠴᠠᠭ᠎ᠠ᠂ ᠠᠭᠤᠰᠤᠯᠴᠠᠯ ᠢ ᠠᠬᠢᠭᠤᠯᠬᠤ ᠳᠤ ᠬᠦᠨᠳᠦ ᠴᠢᠬᠤᠯᠠ ᠠᠴᠢ ᠬᠤᠯᠪᠣᠭᠳᠠᠯ ᠲᠠᠢ | ᠶᠤᠮ᠃ | ᠬᠥᠭᠵᠢᠯᠲᠦ᠄ ︽ᠣᠳᠣᠬᠠᠨ ᠳᠤ᠂ ᠮᠠᠨ ᠤ ᠬᠤᠳᠠ ᠶᠢᠨ ᠣᠯᠠᠩᠬᠢ ᠬᠤᠰᠢᠭᠤ᠂ ᠬᠤᠳᠠ᠂ ᠲᠣᠭᠤᠷᠢᠭ ᠲᠤ ᠤᠷᠠᠨ ᠵᠢᠷᠤᠭ ᠤᠨ ᠣᠷᠳᠣᠨ ᠮᠠᠰᠢ ᠴᠥᠭᠡᠨ | ᠪᠠᠶᠢᠳᠠᠭ᠃ ᠨᠡᠶᠢᠭᠡᠮ ᠤᠨ ᠬᠥᠭᠵᠢᠯᠲᠡ ᠶᠢ ᠳᠠᠭᠠᠯᠳᠤᠵᠤ ᠬᠥᠮᠥᠰ ᠤᠨ ᠤᠶᠤᠨ ᠰᠠᠨᠠᠭᠠᠨ ᠤ ᠬᠡᠷᠡᠭᠴᠡᠭᠡ ᠱᠠᠭᠠᠷᠳᠠᠯᠭ᠎ᠠ ᠶᠠᠪᠤᠬᠤ ᠲᠤᠳᠤᠮ ᠳᠡᠭᠡᠭᠰᠢᠯᠡᠵᠦ ᠪᠤᠢ᠃ | ᠡᠭᠦᠨ ᠳᠤ ᠦᠨᠳᠦᠰᠦᠨ ᠱᠠᠲᠤᠨ ᠤ ᠠᠷᠠᠳ ᠲᠦᠮᠡᠨ ᠤ ᠡᠨᠡ ᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠴᠢᠬᠤᠯᠠ ᠭᠡᠯᠪᠡᠷᠢ ᠶᠢᠨ ᠨᠢᠭᠡ ᠪᠣᠯ ᠦᠨᠳᠦᠰᠦᠨ | ᠱᠠᠲᠤᠨ ᠳᠤ ᠤᠷᠠᠨ ᠵᠢᠷᠤᠭ ᠤᠨ ᠣᠷᠳᠣᠨ ᠪᠠᠶᠢᠭᠤᠯᠬᠤ ᠶᠠᠪᠤᠳᠠᠯ ᠪᠣᠯᠣᠨ᠎ᠠ᠃ ᠬᠥᠳᠡᠭᠡ ᠲᠤᠰᠬᠤᠨ ᠤ ᠤᠷᠠᠨ ᠵᠢᠷᠤᠭ ᠤᠨ ᠣᠷᠳᠣᠨ ᠪᠣᠯ ᠨᠢᠭᠡ ᠵᠦᠢᠯ ᠤᠨ ᠤᠷᠠᠨ | ᠵᠢᠷᠤᠭ ᠢᠶᠠᠷ ᠭᠤᠣᠯ ᠠᠭᠤᠯᠭ᠎ᠠ ᠪᠤᠯᠭᠠᠬᠰᠠᠨ ᠬᠥᠳᠡᠭᠡ ᠲᠣᠰᠬᠤᠨ ᠤ ᠰᠣᠶᠣᠯ ᠤᠨ ᠪᠠᠶᠢᠭᠤᠯᠤᠯᠲᠠ ᠶᠢᠨ ᠠᠴᠢᠶᠠᠯᠠᠪᠤᠷᠢ ᠪᠣᠯᠣᠨ᠎ᠠ᠂ ᠲᠡᠷᠡ ᠨᠢ ᠦᠨᠳᠦᠰᠦᠨ ᠱᠠᠲᠤᠨ ᠤ | ᠲᠡᠦᠬᠡ ᠰᠣᠶᠣᠯ᠂ ᠠᠷᠠᠳ ᠤᠨ ᠤᠷᠠᠯᠢᠭ ᠪᠣᠯᠣᠨ ᠪᠠᠶᠢᠭᠠᠯᠢ ᠶᠢᠨ ᠦᠵᠡᠮᠵᠢ ᠶᠢ ᠳᠡᠯᠭᠡᠨ ᠦᠵᠡᠭᠦᠯᠵᠦ᠂ ᠬᠥᠳᠡᠭᠡ ᠲᠣᠰᠬᠤᠨ ᠤ ᠰᠣᠶᠣᠯ ᠪᠣᠯᠣᠨ ᠭᠤᠸ᠎ᠠ | ᠲᠠᠭᠠᠰᠢᠶᠠᠯ ᠤᠨ ᠬᠡᠪ ᠪᠣᠯᠪᠠᠰᠤᠷᠠᠯ ᠢ ᠬᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠳᠤ | ᠬᠦᠴᠦᠨ ᠨᠡᠮᠡᠷᠢᠯᠡᠵᠦ ᠪᠠᠶᠢᠳᠠᠭ᠃ ᠡᠶᠢᠮᠦ ᠪᠣᠯᠬᠤᠷ ᠦᠨᠳᠦᠰᠦᠨ ᠱᠠᠲᠤᠨ ᠤ ᠤᠷᠠᠨ ᠵᠢᠷᠤᠭ ᠤᠨ ᠣᠷᠳᠣᠨ ᠤ ᠪᠦᠲᠦᠭᠡᠨ ᠪᠠᠶᠢᠭᠤᠯᠤᠯᠲᠠ ᠳᠤ ᠵᠠᠰᠠᠭ ᠤᠨ ᠣᠷᠳᠣᠨ ᠤ | ᠬᠥᠲᠥᠯᠥᠨ ᠵᠢᠯᠤᠭᠤᠳᠬᠤ ᠦᠢᠯᠡᠳᠦᠯ ᠪᠠ ᠨᠡᠶᠢᠭᠡᠮ ᠤᠨ ᠬᠦᠴᠦᠨ ᠤ ᠣᠷᠣᠯᠴᠠᠭ᠎ᠠ ᠳᠡᠮᠵᠢᠯᠭᠡ ᠮᠠᠰᠢ ᠴᠢᠬᠤᠯᠠ ᠪᠠᠶᠢᠳᠠᠭ᠃ ᠬᠡᠷᠪᠡ ᠪᠢᠳᠡ ᠰᠢᠨ᠎ᠡ ᠪᠠᠷ ᠤᠷᠠᠨ | ᠵᠢᠷᠤᠭ ᠤᠨ ᠣᠷᠳᠣᠨ ᠪᠠᠶᠢᠭᠤᠯᠬᠤ ᠨᠥᠬᠦᠴᠡᠯ ᠪᠣᠯᠣᠯᠴᠠᠭ᠎ᠠ ᠬᠦᠷᠦᠯᠴᠡᠬᠦ ᠦᠭᠡᠢ ᠪᠣᠯ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠡᠷᠡᠭᠯᠡᠵᠦ ᠪᠤᠯᠬᠤ ᠬᠠᠭᠤᠴᠢᠨ ᠭᠡᠷ | ᠪᠠᠶᠢᠰᠢᠩ ᠢ ᠰᠢᠨᠡᠳᠬᠡᠨ ᠵᠠᠰᠠᠵᠤ᠂ ᠤᠷᠠᠨ ᠵᠢᠷᠤᠭ ᠳᠡᠯᠭᠡᠨ ᠦᠵᠡᠭᠦᠯᠭᠦ ᠲᠤᠰᠬᠠᠢ ᠲᠠᠯᠠᠪᠤᠷ ᠪᠣᠯᠭᠠᠨ ᠠᠰᠢᠭᠯᠠᠯᠲᠠ ᠳᠤ ᠤᠷᠤᠭᠤᠯᠬᠤ ᠶᠢ ᠬᠦᠰᠡᠵᠦ ᠪᠠᠶᠢᠨ᠎ᠠ︾ᠭᠡᠵᠦ | ᠰᠤᠷᠪᠤᠯᠵᠢᠯᠠᠬᠴᠢ ᠳᠤ ᠶᠠᠷᠢᠨ᠎ᠠ᠃ | ᠬᠥᠭᠵᠢᠯᠲᠦ ᠪᠠᠰᠠ᠂ ᠦᠨᠳᠦᠰᠦᠨ ᠱᠠᠲᠤᠨ ᠤ ᠤᠷᠠᠨ ᠵᠢᠷᠤᠭ ᠤᠨ ᠣᠷᠳᠣᠨ ᠢ ᠪᠦᠲᠦᠭᠡᠨ ᠪᠠᠶᠢᠭᠤᠯᠬᠤ ᠳᠤ ᠡᠳ᠋ ᠤᠨ ᠵᠠᠰᠠᠭ ᠤᠨ ᠪᠠ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠵᠦ᠂ ᠦᠨᠳᠦᠰᠦᠨ ᠱᠠᠲᠤᠨ ᠤ ᠤᠷᠠᠨ ᠵᠢᠷᠤᠭ ᠤᠨ ᠣᠷᠳᠣᠨ ᠢ ᠬᠥᠳᠡᠭᠡ ᠲᠣᠰᠬᠤᠨ ᠤ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠰᠢᠰᠲ᠋ᠧᠮᠵᠢ ᠳᠤ ᠣᠷᠣᠭᠤᠯᠵᠤ᠂ ᠦᠨᠳᠦᠰᠦᠨ ᠱᠠᠲᠤᠨ ᠤ ᠤᠷᠠᠨ ᠵᠢᠷᠤᠭ ᠤᠨ ᠣᠷᠳᠣᠨ ᠤ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ | ᠪᠠ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠵᠤ᠂ ᠦᠨᠳᠦᠰᠦᠨ ᠱᠠᠲᠤᠨ ᠤ ᠤᠷᠠᠨ ᠵᠢᠷᠤᠭ ᠤᠨ ᠣᠷᠳᠣᠨ ᠤ ᠴᠢᠳᠠᠪᠤᠷᠢᠲᠠᠨ ᠬᠥᠮᠥᠵᠢᠭᠦᠯᠬᠦ ᠪᠠ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠲᠤᠰᠬᠠᠶᠢᠵᠢᠭᠰᠠᠨ᠂ ᠣᠷᠣᠨ ᠨᠤᠲᠤᠭᠴᠢᠯᠠᠭᠰᠠᠨ᠂ ᠰᠢᠨ᠎ᠡ ᠶᠢ ᠡᠭᠦᠳᠬᠦ ᠭᠡᠯᠪᠡᠷᠢ ᠶᠢᠨ ᠦᠨᠳᠦᠰᠦᠨ ᠱᠠᠲᠤᠨ ᠤ | ᠤᠷᠠᠨ ᠵᠢᠷᠤᠭ ᠤᠨ ᠣᠷᠳᠣᠨ ᠤ ᠠᠵᠢᠯᠲᠠᠨ ᠢ ᠬᠥᠮᠥᠵᠢᠭᠦᠯᠵᠦ᠂ ᠦᠨᠳᠦᠰᠦᠨ ᠱᠠᠲᠤᠨ ᠤ ᠤᠷᠠᠨ ᠵᠢᠷᠤᠭ ᠤᠨ ᠣᠷᠳᠣᠨ ᠤ ᠦᠢᠯᠡᠴᠢᠯᠡᠭᠡᠨ ᠤ ᠴᠢᠳᠠᠪᠤᠷᠢ ᠪᠠ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠤᠷᠠᠨ ᠵᠢᠷᠤᠭ ᠤᠨ ᠣᠷᠳᠣᠨ ᠤ ᠪᠣᠯᠪᠠᠰᠤᠷᠠᠯ ᠪᠠ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠦᠨᠳᠦᠰᠦᠨ | ᠱᠠᠲᠤᠨ ᠤ ᠤᠷᠠᠨ ᠵᠢᠷᠤᠭ ᠤᠨ ᠣᠷᠳᠣᠨ ᠤ ᠰᠤᠷᠤᠯᠴᠠᠯᠭ᠎ᠠ ᠪᠠ ᠰᠢᠨ᠎ᠡ ᠶᠢ ᠡᠭᠦᠳᠬᠦ ᠶᠢ ᠠᠬᠢᠭᠤᠯᠬᠤ ᠶᠢ ᠬᠦᠰᠡᠵᠦ ᠪᠤᠢ᠃ ᠦᠨᠳᠦᠰᠦᠨ ᠱᠠᠲᠤᠨ ᠤ ᠤᠷᠠᠨ | ᠵᠢᠷᠤᠭ ᠤᠨ ᠣᠷᠳᠣᠨ ᠤ ᠠᠭᠤᠯᠭ᠎ᠠ ᠪᠠ ᠭᠡᠯᠪᠡᠷᠢ ᠶᠢ ᠪᠠᠶᠠᠯᠢᠭᠵᠢᠭᠤᠯᠵᠤ᠂ ᠦᠨᠳᠦᠰᠦᠨ ᠱᠠᠲᠤᠨ ᠤ ᠤᠷᠠᠨ ᠵᠢᠷᠤᠭ ᠤᠨ ᠡᠬᠢ ᠪᠠᠶᠠᠯᠢᠭ ᠪᠠ ᠣᠨᠴᠠᠯᠢᠭ ᠢ ᠠᠭᠤᠳᠠᠯᠤᠨ | ᠠᠰᠢᠭᠯᠠᠵᠤ᠂ ᠣᠯᠠᠨ ᠶᠠᠩᠵᠤ ᠶᠢᠨ ᠤᠷᠠᠨ ᠵᠢᠷᠤᠭ ᠤᠨ ᠦᠵᠡᠰᠭᠦᠯᠡᠩ᠂ ᠰᠤᠷᠭᠠᠨ ᠬᠥᠮᠦᠵᠢᠯ᠂ ᠵᠣᠬᠢᠶᠠᠨ ᠪᠦᠲᠦᠭᠡᠯᠭᠡ᠂ ᠰᠣᠯᠢᠯᠴᠠᠭ᠎ᠠ ᠵᠡᠷᠭᠡ ᠠᠵᠢᠯᠯᠠᠭ᠎ᠠ ᠶᠢ | ᠥᠷᠨᠢᠭᠦᠯᠵᠦ᠂ ᠠᠳᠠᠯᠢ ᠪᠤᠰᠤ ᠲᠠᠰ ᠳᠠᠪᠬᠤᠷᠭ᠎ᠠ ᠪᠠ ᠲᠥᠷᠥᠯ ᠭᠡᠯᠪᠡᠷᠢ ᠶᠢᠨ ᠦᠵᠡᠭᠴᠢᠳ ᠤᠨ ᠬᠡᠷᠡᠭᠴᠡᠭᠡ ᠱᠠᠭᠠᠷᠳᠠᠯᠭ᠎ᠠ᠂ ᠳᠤᠷ᠎ᠠ ᠰᠣᠨᠢᠷᠬᠠᠯ ᠢ ᠬᠠᠩᠭᠠᠵᠤ᠂ | ᠦᠨᠳᠦᠰᠦᠨ ᠱᠠᠲᠤᠨ ᠤ ᠤᠷᠠᠨ ᠵᠢᠷᠤᠭ ᠤᠨ ᠣᠷᠳᠣᠨ ᠤ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ ᠪᠣᠯᠣᠨ᠎ᠠ ᠭᠡᠵᠦ ᠦᠨᠳᠦᠰᠦᠨ | ᠱᠠᠲᠤᠨ ᠤ ᠤᠷᠠᠨ ᠵᠢᠷᠤᠭ ᠤᠨ ᠣᠷᠳᠣᠨ ᠢ ᠬᠡᠷᠬᠢᠨ ᠪᠦᠲᠦᠭᠡᠨ ᠪᠠᠶᠢᠭᠤᠯᠬᠤ ᠲᠤᠬᠠᠢ ᠪᠤᠳᠤᠯ ᠰᠠᠨᠠᠯ ᠢᠶᠠᠨ ᠰᠤᠷᠪᠤᠯᠵᠢᠯᠠᠬᠴᠢ ᠲᠠᠢ ᠬᠤᠪᠢᠶᠠᠯᠴᠠᠪᠠ᠃ | | ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠬᠴᠢ ᠴᠡᠯᠡᠭᠡᠷ |