ᠲᠥᠯᠥᠭᠡᠯᠡᠭᠴᠢ ᠰᠧᠷᠡᠨᠲᠤᠷᠵᠢ᠄ ᠳᠤᠯᠠᠭᠠᠨ  ᠣᠷᠣᠨ ᠳᠤ  ᠨᠡᠭᠦᠳᠡᠯᠯᠡᠨ ᠡᠪᠦᠯᠵᠢᠵᠦ  ᠪᠠᠶᠢᠭ᠎ᠠ ᠮᠠᠯᠴᠢᠳ ᠲᠤ ᠵᠠᠰᠠᠭ ᠤᠨ ᠲᠠᠯ᠎ᠠ ᠠᠴᠠ ᠳᠡᠮᠵᠢᠯᠭᠡ ᠦᠵᠡᠭᠦᠯᠪᠡᠯ ᠵᠣᠬᠢᠨ᠎ᠠ
ᠨᠡᠶᠢᠲᠡᠯᠡᠭᠰᠡᠨ ᠴᠠᠭ᠄
2024/1/19
       1 ᠰᠠᠷ᠎ᠠ ᠶᠢᠨ 17 ᠤ ᠡᠳᠦᠷ᠂ ᠬᠥᠯᠥᠨ ᠪᠤᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠬᠤᠷᠠᠯᠳᠤᠵᠤ ᠡᠬᠢᠯᠡᠯ᠎ᠡ᠃ ᠠᠷᠠᠳ ᠤᠨ ᠲᠥᠯᠥᠭᠡᠯᠡᠭᠴᠢᠳ ᠮᠠᠨᠢ ᠠᠷᠠᠳ ᠲᠦᠮᠡᠨ ᠤ ᠪᠠᠨ ᠬᠦᠨᠳᠦ ᠨᠠᠶᠢᠲᠠᠯᠭ᠎ᠠ ᠶᠢ ᠡᠭᠦᠷᠭᠡᠯᠡᠨ᠂ ︽ᠬᠤᠶᠠᠷ ᠬᠤᠷᠠᠯ︾ ᠳᠤ ᠤᠷᠤᠯᠴᠠᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠷᠬᠢᠮ ᠨᠠᠨᠳᠢᠨ ᠰᠠᠨᠠᠯ ᠵᠥᠪᠯᠡᠯᠭᠡ ᠪᠠᠨ ᠳᠡᠪᠰᠢᠭᠦᠯᠵᠡᠭᠡᠯ᠎ᠡ᠃       ᠰᠢᠨ᠎ᠡ ᠪᠠᠷᠭᠤ ᠵᠡᠭᠦᠨ ᠬᠤᠰᠢᠭᠤᠨ ᠤ ᠴᠠᠭᠠᠨ ᠪᠠᠯᠭᠠᠰᠤᠨ ᠤ ᠶᠡᠬᠡᠠ᠋ᠭᠤᠯᠠ ᠭᠠᠴᠠᠭ᠎ᠠ ᠠᠴᠠ ᠢᠷᠡᠭᠰᠡᠨ ᠵᠠᠯᠠᠭᠤ ᠮᠠᠯᠴᠢᠨ ᠲᠥᠯᠥᠭᠡᠯᠡᠭᠴᠢ ᠰᠧᠷᠡᠨᠲᠤᠷᠵᠢ᠂ ᠮᠠᠯᠴᠢᠳ ᠤᠨ ᠮᠠᠯ ᠢᠶᠠᠨ ᠠᠪᠴᠤ ᠨᠡᠭᠦᠳᠡᠯ ᠢᠶᠠᠷ ᠭᠠᠳᠠᠭᠰᠢ ᠶᠠᠪᠤᠵᠤ ᠪᠠᠶᠢᠭ᠎ᠠ ᠪᠣᠳᠠᠲᠠᠢ ᠪᠠᠶᠢᠳᠠᠯ ᠳᠤ ᠴᠢᠭᠯᠡᠭᠦᠯᠦᠨ︽ᠳᠤᠯᠠᠭᠠᠨ ᠣᠷᠣᠨ ᠳᠤ ᠨᠡᠭᠦᠳᠡᠯᠯᠡᠨ  ᠡᠪᠦᠯᠵᠢᠵᠦ ᠪᠠᠶᠢᠭ᠎ᠠ ᠮᠠᠯᠴᠢᠳ ᠲᠤ ᠵᠠᠰᠠᠭ ᠤᠨ ᠲᠠᠯ᠎ᠠ ᠠᠴᠠ ᠳᠡᠮᠵᠢᠯᠭᠡ ᠦᠵᠡᠭᠦᠯᠪᠡᠯ ᠵᠣᠬᠢᠨ᠎ᠠ︾ᠭᠡᠬᠦ ᠰᠠᠨᠠᠯ ᠵᠥᠪᠯᠡᠯᠭᠡ ᠪᠠᠨ ᠳᠡᠪᠰᠢᠭᠦᠯᠵᠡᠢ᠃       2023 ᠣᠨ ᠤ ᠵᠤᠨ᠂ ᠮᠠᠯᠵᠢᠬᠤ ᠲᠦᠷᠪᠡᠨ ᠬᠤᠰᠢᠭᠤᠨ ᠤ ᠶᠡᠬᠡᠩᠬᠢ ᠭᠠᠵᠠᠷ ᠨᠤᠲᠤᠭ ᠭᠠᠩᠳᠠᠵᠤ᠂ ᠡᠪᠡᠰᠦ ᠪᠣᠷᠳᠣᠭᠠᠨ ᠤ ᠭᠠᠷᠤᠯᠲᠠ ᠲᠠᠭᠠᠷᠠᠤᠬᠠᠨ ᠠᠴᠠ᠂ ᠮᠠᠯᠴᠢᠳ ᠨᠤᠲᠤᠭ ᠲᠠᠭᠠᠨ ᠡᠪᠦᠯᠵᠢᠬᠦ ᠳᠤ ᠡᠪᠡᠰᠦ ᠪᠣᠷᠳᠤᠭ᠎ᠠ ᠶᠡᠭᠡ ᠪᠠᠷ ᠳᠤᠲᠠᠭᠳᠠᠵᠠᠢ᠃ ᠴᠠᠭ ᠠᠭᠠᠷ ᠬᠦᠢᠲᠡᠨ᠂ ᠴᠠᠰᠤ ᠵᠤᠳ ᠶᠡᠭᠡ᠂ ᠦᠬᠡᠷ ᠬᠤᠨᠢᠨ ᠤ ᠦᠨ᠎ᠡ ᠬᠠᠩᠰᠢ ᠡᠳᠦᠷ ᠠᠴᠠ ᠡᠳᠦᠷ ᠪᠠᠭᠤᠷᠠᠵᠤ᠂ ᠡᠪᠡᠰᠦ ᠪᠣᠷᠳᠣᠭᠠᠨ ᠤ ᠦᠨ᠎ᠡ ᠥᠰᠦᠭᠰᠡᠨ ᠪᠠᠶᠢᠳᠠᠯ ᠳᠤ᠂ ︽ᠮᠠᠯ ᠢᠶᠠᠨ ᠭᠡᠪᠡᠯ ᠮᠠᠬᠠᠷᠠᠳᠠᠭ︾ᠮᠠᠯᠴᠢᠳ᠂ ᠤᠷᠤᠯᠭ᠎ᠠ ᠶᠢᠨ ᠬᠢᠨᠢ ᠡᠬᠢ ᠪᠣᠯᠤᠭᠰᠠᠨ ᠮᠠᠯ ᠤᠨ ᠢᠶᠠᠨ ᠲᠠᠷᠭᠤ ᠬᠦᠴᠦ ᠶᠢ ᠪᠠᠲᠤᠯᠠᠵᠤ᠂ ᠮᠠᠯ ᠢᠶᠠᠨ ᠮᠡᠨᠲᠤ ᠣᠨ ᠳᠤ ᠤᠷᠤᠭᠤᠯᠬᠤ ᠪᠠᠷ᠂  ᠵᠠᠷᠤᠯᠭ᠎ᠠ ᠪᠠᠨ ᠠᠷᠪᠢᠯᠠᠬᠤ ᠥᠭᠡᠷ᠎ᠡ ᠪᠣᠯᠣᠮᠵᠢᠲᠠᠢ ᠠᠷᠭ᠎ᠠ ᠵᠠᠮ ᠢ ᠰᠦᠪᠡᠭᠴᠢᠯᠡᠨ᠂ ᠮᠠᠯ ᠤᠨᠤᠭ᠎ᠠ ᠪᠠᠨ ᠲᠡᠭᠡᠭᠡᠵᠦ᠂ ᠳᠤᠯᠠᠭᠠᠨ ᠣᠷᠣᠨ ᠳᠤ ᠨᠡᠭᠦᠵᠦ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠠᠷᠤᠨ ᠬᠤᠰᠢᠭᠤ ᠵᠡᠷᠭᠡ ᠮᠠᠨ ᠤ ᠬᠤᠲᠠ ᠶᠢᠨ ᠲᠠᠷᠢᠶᠠᠯᠠᠬᠤ ᠣᠷᠣᠨ ᠪᠣᠯᠣᠨ ᠬᠢᠩᠭᠠᠨ ᠠᠶᠢᠮᠠᠭ᠂ ᠭᠢᠷᠢᠨ ᠮᠤᠵᠢ᠂ ᠬᠠᠷᠠᠮᠥ᠋ᠷᠡᠨ ᠮᠤᠵᠢ ᠵᠡᠷᠭᠡ ᠭᠠᠵᠠᠷ ᠣᠷᠣᠨ ᠳᠤ ᠣᠴᠢᠵᠤ᠂ ᠬᠡᠮᠵᠢᠶ᠎ᠡ ᠲᠠᠢ ᠲᠠᠷᠢᠶᠠᠨ ᠭᠠᠵᠠᠷ ᠬᠥᠯᠥᠰᠦᠯᠡᠨ᠂ ᠬᠥᠮᠥᠨ ᠤ ᠭᠠᠵᠠᠷ ᠬᠥᠨᠳᠡᠯᠡᠨ ᠤ ᠨᠤᠲᠤᠭ ᠲᠤ ᠨᠡᠭᠦᠳᠡᠯ ᠠᠮᠢᠳᠤᠷᠠᠯ ᠬᠢᠵᠦ ᠪᠤᠢ᠃       ᠰᠧᠷᠡᠨᠲᠤᠷᠵᠢ ᠶᠢᠨ ᠬᠢᠨ ᠴᠦ ᠠᠳᠠᠯᠢᠬᠠᠨ᠂ ᠡᠨᠡ ᠵᠢᠯ ᠬᠠᠷᠠᠮᠥ᠋ᠷᠡᠨ ᠮᠤᠵᠢ ᠶᠢᠨ ᠳᠥᠷᠪᠡᠳ ᠮᠣᠩᠭᠤᠯ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠪᠠᠶᠠᠨᠴᠠᠭᠠᠨ ᠰᠢᠶᠠᠩ ᠳᠤ ᠨᠡᠭᠦᠳᠡᠯ ᠢᠶᠠᠷ ᠣᠴᠢᠵᠤ ᠡᠪᠦᠯᠵᠢᠵᠦ ᠪᠠᠶᠢᠨ᠎ᠠ᠃       — ᠮᠠᠯ ᠢᠶᠠᠨ ᠠᠪᠴᠤ ᠨᠡᠭᠦᠬᠦ ᠳᠤ ᠲᠣᠮᠣ ᠮᠠᠰᠢᠨ ᠬᠥᠯᠥᠰᠦᠯᠡᠨ᠎ᠡ᠂ ᠬᠡᠷᠡᠭᠴᠡᠭᠡ ᠶᠡᠭᠡ ᠪᠣᠯᠤᠭᠰᠠᠨ ᠴᠢᠨᠢ ᠬᠥᠯᠥᠰᠦᠨ ᠮᠠᠰᠢᠨ ᠤ ᠵᠢᠯᠣᠭᠤᠴᠢ ᠴᠠᠭ ᠢ ᠵᠠᠪᠳᠤᠨ ᠲᠡᠭᠡᠭᠡᠪᠦᠷᠢ ᠶᠢᠨ ᠦᠨ᠎ᠡ ᠶᠢ ᠶᠡᠭᠡ ᠪᠠᠷ ᠥᠰᠬᠡᠵᠦ ᠵᠠᠪᠰᠢᠵᠤ ᠪᠤᠢ᠃ ᠭᠠᠵᠠᠷ ᠦᠨ᠎ᠡ ᠲᠠᠢ᠂ ᠲᠠᠨᠢᠵᠤ ᠮᠡᠳᠡᠬᠦ ᠦᠭᠡᠢ ᠭᠠᠵᠠᠷ᠂ ᠬᠢᠴᠢᠶᠡᠬᠦ ᠦᠭᠡᠢ ᠪᠣᠯ ᠮᠠᠭᠤ ᠭᠠᠵᠠᠷ ᠲᠠᠭᠠᠷᠠᠴᠢᠬᠠᠨ᠎ᠠ᠃  ᠬᠥᠯᠥᠰᠦᠯᠡᠭᠰᠡᠨ ᠭᠠᠵᠠᠷ ᠬᠡᠮᠵᠢᠶ᠎ᠡ ᠲᠠᠢ᠂ ᠮᠠᠯ ᠬᠥᠯᠥᠰᠦᠯᠡᠭᠰᠡᠨ ᠭᠠᠵᠠᠷ ᠠᠴᠠ ᠪᠠᠨ ᠭᠠᠷᠬᠤ ᠪᠠᠷ ᠲᠣᠷᠭᠤᠭᠳᠠᠨ᠎ᠠ᠁ ᠬᠥᠮᠥᠨ ᠤ ᠨᠤᠲᠤᠭ ᠲᠤ ᠬᠥᠮᠥᠨ ᠤ ᠴᠢᠷᠠᠢ ᠶᠢ ᠬᠠᠷᠠᠵᠤ ᠶᠠᠪᠤᠬᠤ ᠭᠡᠭᠴᠢ ᠠᠮᠠᠷ ᠦᠭᠡᠢ ᠭᠡᠵᠦ ᠰᠧᠷᠡᠨᠲᠤᠷᠵᠢ ᠶᠠᠷᠢᠯ᠎ᠠ᠃       ᠡᠨᠡ ᠪᠠᠶᠢᠳᠠᠯ ᠳᠤ ᠴᠢᠭᠯᠡᠭᠦᠯᠦᠨ᠂︽ᠬᠤᠲᠠ᠂ ᠬᠤᠰᠢᠭᠤᠨ ᠤ ᠵᠠᠰᠠᠭ ᠤᠨ ᠣᠷᠳᠣᠨ ᠠᠴᠠ᠂ ᠮᠠᠨ ᠤ ᠬᠤᠲᠠ ᠶᠢᠨ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠠᠷᠤᠨ ᠬᠤᠰᠢᠭᠤ᠂ ᠬᠢᠩᠭᠠᠨ ᠠᠶᠢᠮᠠᠭ᠂ ᠭᠢᠷᠢᠨ ᠮᠤᠵᠢ᠂ ᠬᠠᠷᠠᠮᠥ᠋ᠷᠡᠨ ᠮᠤᠵᠢ ᠵᠡᠷᠭᠡ ᠲᠠᠷᠢᠶᠠᠯᠠᠬᠤ ᠪᠠᠷ ᠭᠤᠣᠯᠯᠠᠭᠰᠠᠨ  ᠬᠤᠰᠢᠭᠤ ᠨᠤᠲᠤᠭ ᠲᠠᠢ ᠨᠦᠭᠦᠷᠰᠡᠭ ᠬᠠᠷᠢᠯᠴᠠᠭ᠎ᠠ ᠬᠤᠯᠪᠤᠭ᠎ᠠ ᠪᠠᠶᠢᠭᠤᠯᠵᠤ᠂ ᠬᠤᠶᠠᠷ ᠲᠠᠯ᠎ᠠ ᠶᠢᠨ ᠵᠠᠰᠠᠭ ᠤᠨ ᠭᠠᠵᠠᠷ ᠬᠤᠯᠪᠣᠭᠳᠠᠨ᠂ ᠮᠠᠯᠴᠢᠳ ᠤᠨ ᠡᠲᠡᠭᠡᠷ ᠭᠠᠵᠠᠷ ᠣᠷᠣᠨ ᠳᠤ ᠡᠪᠦᠯᠵᠢᠬᠦ ᠪᠠᠷ ᠨᠡᠭᠦᠳᠡᠯ ᠢᠶᠠᠷ ᠶᠠᠪᠤᠬᠤ ᠳᠤᠨᠢ ᠬᠤᠯᠪᠣᠭᠠᠰᠤ ᠶᠢᠨ ᠦᠢᠯᠡᠳᠦᠯ ᠦᠵᠡᠭᠦᠯᠵᠦ ᠵᠣᠬᠢᠴᠠᠭᠤᠯᠤᠨ᠂ ᠮᠠᠯᠴᠢᠨ ᠲᠠᠷᠢᠶᠠᠴᠢᠨ ᠳᠤ ᠳᠦᠭᠦᠮ ᠦᠵᠡᠭᠦᠯᠭᠦ ᠶᠢ ᠬᠦᠰᠡᠵᠦ ᠪᠠᠶᠢᠨ᠎ᠠ︾ᠭᠡᠵᠦ ᠳᠦᠯᠦᠭᠯᠡᠭᠴᠢ ᠰᠧᠷᠠᠨᠳᠤᠷᠵᠢ ᠮᠠᠯᠴᠢᠳ ᠤᠨ ᠠᠮᠢᠳᠤᠷᠠᠯ ᠦᠢᠯᠡᠳᠪᠦᠷᠢᠯᠡᠯ ᠳᠤ  ᠶᠠᠭ ᠲᠤᠯᠭᠠᠷᠠᠵᠤ ᠪᠠᠶᠢᠭ᠎ᠠ ᠪᠣᠳᠠᠲᠠᠢ ᠠᠰᠠᠭᠤᠳᠠᠯ ᠢ ᠲᠤᠰᠬᠠᠭᠰᠠᠨ ᠰᠠᠨᠠᠯ ᠵᠥᠪᠯᠡᠯᠭᠡ ᠪᠠᠨ ᠳᠡᠪᠰᠢᠭᠦᠯᠵᠡᠢ᠃       ᠲᠡᠷᠡᠪᠡᠷ ᠬᠤᠷᠠᠯ ᠳᠤ ᠪᠠᠰᠠ ︽ᠮᠠᠯᠵᠢᠬᠤ ᠣᠷᠣᠨ ᠳᠤ ᠪᠠᠶᠢᠩᠭᠤ ᠶᠢᠨ ᠴᠠᠭᠢᠯᠭᠠᠨ ᠢ ᠨᠡᠶᠢᠳᠡᠮ ᠪᠦᠷᠬᠦᠭᠦᠯᠵᠦ᠂ ᠣᠳᠣᠬᠢᠴᠢᠯᠠᠭᠰᠠᠨ ᠮᠠᠯᠵᠢᠬᠤ ᠦᠢᠯᠡᠳᠪᠦᠷᠢᠯᠡᠯ ᠳᠤ ᠦᠢᠯᠡᠴᠢᠯᠡᠭᠦᠯᠪᠡᠯ ᠵᠣᠬᠢᠨ᠎ᠠ︾ ᠭᠡᠬᠦ ᠬᠤᠶᠠᠳᠠᠭᠢ ᠰᠠᠨᠠᠯ ᠵᠦᠪᠯᠯᠡᠭᠡ ᠪᠠᠨ ᠳᠡᠪᠰᠢᠭᠦᠯᠵᠡᠢ᠃ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠳᠠᠭᠠᠯᠳᠤᠨ᠂ ᠮᠠᠯᠵᠢᠬᠤ ᠣᠷᠣᠨ ᠳᠤ ᠴᠠᠭᠢᠯᠭᠠᠨ ᠢ ᠬᠡᠷᠡᠭᠰᠡᠬᠦ ᠱᠠᠭᠠᠷᠳᠠᠯᠭ᠎ᠠ ᠲᠤᠯᠭᠠᠮ᠎ᠠ ᠱᠠᠭᠠᠷᠳᠠᠭᠳᠠᠵᠤ ᠪᠤᠢ᠃ ᠪᠠᠶᠢᠩᠭᠤ ᠶᠢᠨ ᠴᠠᠭᠢᠯᠭᠠᠨ ᠨᠢ ᠤᠲᠤ ᠦᠶ᠎ᠡ ᠶᠢᠨ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠪᠠ ᠰᠠᠭᠤᠭᠠᠯᠢ ᠠᠷᠠᠳ ᠤᠨ ᠠᠮᠢᠳᠤᠷᠠᠯ ᠳᠤ ᠶᠠᠪᠤᠬᠤ ᠲᠤᠲᠤᠮ ᠴᠢᠬᠤᠯᠠ  ᠪᠠᠶᠢᠷᠢ ᠶᠢ ᠡᠵᠡᠯᠡᠬᠦ ᠪᠣᠯᠪᠠ᠃ ᠡᠶᠢᠮᠦ ᠪᠠᠶᠢᠳᠠᠯ ᠳᠣᠣᠷ᠎ᠠ ᠤᠲᠤ ᠪᠤᠯᠲᠠᠯ᠎ᠠ ᠵᠠᠷᠢᠮ ᠬᠥᠳᠡᠭᠡ ᠨᠤᠲᠤᠭ᠂ ᠮᠠᠯᠵᠢᠬᠤ ᠣᠷᠣᠨ ᠢᠶᠠᠷ ᠪᠠᠶᠢᠩᠭᠤ ᠶᠢᠨ ᠴᠠᠭᠢᠯᠭᠠᠨ ᠨᠡᠪᠲᠡᠷᠡᠭᠡ ᠦᠭᠡᠢ ᠪᠠᠶᠢᠳᠠᠯ ᠣᠷᠣᠰᠢᠵᠤ᠂ ᠠᠷᠠᠳ ᠤᠯᠠᠨ ᠤ ᠠᠮᠢᠳᠤᠷᠠᠯ ᠦᠢᠯᠡᠳᠪᠦᠷᠢᠯᠡᠯ ᠳᠤ ᠲᠤᠶᠢᠯ ᠤᠨ ᠳᠦᠭᠦᠮ ᠦᠭᠡᠢ ᠪᠠᠶᠢᠳᠠᠯ ᠢ ᠠᠪᠴᠢᠷᠠᠪᠠ᠃       ᠰᠧᠷᠡᠨᠲᠤᠷᠵᠢ᠄ ︽ᠮᠠᠯᠵᠢᠬᠤ ᠣᠷᠣᠨ ᠤ ᠮᠠᠯᠴᠢᠳ ᠤᠨ ᠲᠠᠷᠠᠬᠠᠢ ᠪᠤᠲᠠᠷᠬᠠᠢ ᠰᠠᠭᠤᠷᠢᠰᠢᠨ ᠠᠮᠢᠳᠤᠷᠠᠵᠤ ᠪᠠᠶᠢᠭ᠎ᠠ ᠰᠢᠯᠲᠠᠭᠠᠨ ᠠᠴᠠ ᠪᠣᠯᠵᠤ᠂ ᠵᠠᠷᠢᠮ ᠭᠠᠴᠠᠭ᠎ᠠ ᠲᠤᠰᠬᠤᠨ ᠳᠤ ᠴᠠᠭᠢᠯᠭᠠᠨ ᠬᠠᠷᠠᠬᠠᠨ ᠨᠡᠪᠲᠡᠷᠡᠭᠡᠳᠦᠢ ᠪᠠᠶᠢᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠢ ᠬᠦᠨᠳᠦ ᠨᠣᠴᠢᠲᠠᠢ ᠨᠥᠯᠥᠭᠡᠯᠡᠵᠦ ᠪᠤᠢ᠂ ᠣᠳᠣᠬᠢᠴᠢᠯᠠᠭᠰᠠᠨ ᠮᠠᠯ ᠠᠵᠤ ᠠᠬᠤᠢ ᠶᠢᠨ ᠬᠥᠭᠵᠢᠭᠰᠡᠨ ᠡᠰᠡᠬᠦ ᠨᠢ ᠰᠠᠭᠤᠷᠢ ᠲᠥᠬᠦᠭᠡᠷᠦᠮᠵᠢ ᠶᠢᠨ  ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠪᠣᠯᠣᠨ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠬᠡᠮᠵᠢᠶ᠎ᠡ ᠲᠠᠢ ᠰᠢᠭᠤᠳ ᠬᠠᠷᠢᠴᠠᠭ᠎ᠠ ᠲᠠᠢ᠃ ᠴᠠᠭᠢᠯᠭᠠᠨ ᠬᠠᠩᠭᠠᠬᠤ ᠰᠢᠰᠲ᠋ᠧᠮ ᠨᠢ ᠣᠳᠣᠬᠢᠴᠢᠯᠠᠭᠰᠠᠨ ᠮᠠᠯ ᠠᠵᠤ ᠠᠬᠤᠢ ᠶᠢᠨ ᠠᠵᠤ ᠦᠢᠯᠡᠰ ᠤᠨ ᠳᠡᠰ ᠳᠡᠪᠰᠢᠬᠦ᠂ ᠬᠡᠪᠴᠢᠶᠡᠵᠢᠭᠦᠯᠦᠨ ᠬᠥᠭᠵᠢᠭᠦᠯᠬᠦ ᠳᠤ ᠴᠢᠬᠤᠯᠠ ᠦᠢᠯᠡᠳᠦᠯ ᠦᠵᠡᠭᠦᠯᠵᠦ ᠪᠠᠶᠢᠭ᠎ᠠ ᠲᠤᠯᠠ ᠴᠠᠭᠢᠯᠭᠠᠨ ᠲᠣᠣᠷ ᠢ ᠲᠡᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠪᠡᠯ ᠵᠣᠬᠢᠨ᠎ᠠ᠂ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ ᠲᠡᠰ ᠳᠡᠪᠰᠢᠭᠦᠯᠬᠦ ᠵᠢᠴᠢ ᠣᠳᠣᠬᠢᠴᠢᠯᠠᠯᠲᠠ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ︾ ᠭᠡᠵᠦ ᠰᠤᠷᠪᠤᠯᠵᠢᠯᠠᠬᠴᠢ ᠳᠤ ᠶᠠᠷᠢᠵᠤ ᠪᠠᠶᠢᠯ᠎ᠠ᠃       ᠰᠧᠷᠡᠨᠲᠤᠷᠵᠢ ᠠᠷᠠᠳ ᠤᠯᠠᠨ ᠤ ᠬᠠᠮᠤᠭ ᠤᠨ ᠰᠠᠨᠠᠭᠠᠰᠢᠷᠠᠵᠤ ᠪᠠᠶᠢᠭ᠎ᠠ᠂ ᠬᠠᠮᠤᠭ ᠤᠨ ᠲᠦᠪᠡᠭᠲᠡᠢ᠂ ᠬᠠᠮᠤᠭ ᠤᠨ ᠬᠦᠴᠢᠷᠲᠡᠢ ᠠᠰᠠᠭᠤᠳᠠᠯ ᠢ ᠨᠢᠭᠲᠠ ᠠᠩᠬᠠᠷᠴᠤ ᠲᠤᠰᠬᠠᠨ᠂ ᠠᠷᠠᠳ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠶᠠᠪᠤᠨ᠎ᠠ᠃
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ