ᠲᠥᠯᠥᠭᠡᠯᠡᠭᠴᠢ ᠸᠠᠩ ᠰᠢᠦ ᠯᠠᠨ᠄ ᠠᠷᠠᠳ ᠤᠨ ᠪᠠᠭᠰᠢ ᠶᠢᠨ ᠳᠠᠷᠤᠭᠠᠰᠤ ᠶᠢ ᠬᠥᠩᠭᠡᠷᠡᠭᠦᠯᠵᠦ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2024/1/19
       ᠬᠥᠯᠥᠨ ᠪᠤᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠬᠠᠶᠢᠯᠠᠷ ᠲᠤ ᠬᠤᠷᠠᠯᠳᠤᠵᠤ᠂ ᠲᠥᠯᠥᠭᠡᠯᠡᠭᠴᠢᠳ ᠮᠠᠨᠢ ᠮᠠᠨ ᠤ ᠬᠤᠲᠠ ᠶᠢᠨ ᠪᠦᠭᠦ ᠲᠠᠯ᠎ᠠ ᠶᠢᠨ ᠬᠥᠭᠵᠢᠯᠲᠡ ᠳᠤ ᠠᠷᠭ᠎ᠠ ᠤᠬᠠᠭᠠᠨ ᠢᠶᠠᠨ ᠰᠤᠪᠢᠵᠤ᠂ ᠬᠦᠴᠦᠨ ᠴᠢᠳᠠᠯ ᠢᠶᠠᠨ ᠡᠷᠭᠦᠬᠦ ᠪᠠᠷ ᠡᠯ᠎ᠡ ᠭᠠᠵᠠᠷ᠂ ᠡᠯ᠎ᠡ ᠠᠵᠢᠯ ᠤᠨ ᠪᠠᠶᠢᠷᠢ ᠠᠴᠠ ᠪᠠᠨ ᠬᠦᠷᠦᠯᠴᠡᠨ ᠢᠷᠡᠵᠦ ᠬᠤᠷᠠᠯ ᠳᠤ ᠣᠷᠣᠯᠴᠠᠪᠠ᠃ ᠡᠭᠦᠨ ᠤ ᠳᠤᠮᠳᠠ ᠬᠠᠭᠤᠴᠢᠨ ᠪᠠᠷᠭᠤ ᠬᠤᠰᠢᠭᠤᠨ ᠤ ᠦᠨᠳᠦᠰᠦᠲᠡᠨ ᠤ ᠳᠤᠮᠳᠠᠲᠤ ᠰᠤᠷᠭᠠᠭᠤᠯᠢ ᠶᠢᠨ ᠠᠷᠠᠳ ᠤᠨ ᠪᠠᠭᠰᠢ ᠸᠠᠩ ᠰᠢᠦ ᠯᠠᠨ︽ᠠᠷᠠᠳ ᠤᠨ ᠪᠠᠭᠰᠢ  ᠶᠢᠨ ᠳᠠᠷᠤᠭᠠᠰᠤ ᠶᠢ ᠬᠥᠩᠭᠡᠷᠡᠭᠦᠯᠵᠦ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠤᠶ᠎ᠠ︾ ᠬᠡᠮᠡᠬᠦ ᠰᠠᠨᠠᠯ ᠵᠥᠪᠯᠡᠯᠭᠡ ᠲᠠᠢ ᠪᠠᠨ ᠲᠤᠰ ᠤᠳᠠᠭᠠᠨ ᠤ ︽ᠬᠤᠶᠠᠷ ᠬᠤᠷᠠᠯ︾ ᠳᠤ ᠤᠷᠤᠯᠴᠠᠵᠤ ᠪᠢᠯᠡ᠃       ᠨᠢᠳᠤᠨᠤᠨ ᠸᠠᠩ ᠰᠢᠦ ᠯᠠᠨ ︽ᠵᠠᠯᠠᠭᠤ ᠪᠠᠭᠰᠢ ᠶᠢᠨ ᠠᠵᠢᠯ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ ᠠᠵᠢᠯ ᠢ ᠬᠦᠨᠳᠦᠳᠬᠡᠨ ᠦᠵᠡᠪᠡᠯ ᠵᠣᠬᠢᠨ᠎ᠠ︾ ᠭᠡᠰᠡᠨ ᠰᠠᠨᠠᠯ ᠵᠥᠪᠯᠡᠯᠭᠡ ᠪᠠᠨ ᠳᠤᠷᠠᠳᠤᠭᠰᠠᠨ ᠪᠢᠯᠡ᠃ ᠲᠡᠷᠡ ᠭᠤᠴᠢ ᠭᠠᠷᠤᠢ ᠵᠢᠯ ᠤᠨ ᠪᠠᠭᠰᠢ ᠶᠢᠨ ᠠᠯᠳᠠᠷ ᠵᠡᠭᠦᠵᠦ ᠶᠠᠪᠤᠭ᠎ᠠ ᠠᠬᠠᠮᠠᠳ ᠪᠠᠭᠰᠢ ᠪᠣᠯᠤᠭᠰᠠᠨ ᠤ ᠲᠤᠰᠠᠳᠠ ᠪᠠᠭᠰᠢ ᠶᠢᠨ ᠠᠵᠢᠯ ᠳᠠᠬᠢ ᠠᠯᠢ ᠤᠯᠠᠨ ᠲᠤᠯᠭᠠᠷᠠᠵᠤ ᠪᠠᠶᠢᠭ᠎ᠠ ᠠᠰᠠᠭᠤᠳᠠᠯ ᠪᠠ ᠪᠠᠭᠰᠢ ᠶᠢᠨ ᠳᠠᠷᠤᠭᠠᠰᠤ ᠬᠦᠨᠳᠦ ᠪᠠᠶᠢᠭ᠎ᠠ ᠪᠠᠶᠢᠳᠠᠯ ᠢ ᠬᠢᠨᠠᠮᠠᠭᠠᠢ ᠰᠦᠪᠡᠭᠴᠢᠯᠡᠨ ᠰᠠᠨᠠᠯ ᠵᠥᠪᠯᠡᠯᠭᠡ ᠪᠠᠨ ᠳᠡᠪᠰᠢᠭᠦᠯᠦᠭᠰᠡᠨ ᠪᠠᠶᠢᠨ᠎ᠠ᠃       ᠸᠠᠩ ᠰᠢᠦ ᠯᠠᠨ ᠰᠤᠷᠪᠤᠯᠵᠢᠯᠠᠬᠴᠢ ᠳᠤ᠄︽ᠤᠯᠤᠰ ᠨᠡᠶᠢᠭᠡᠮ ᠤᠨ ᠬᠥᠭᠵᠢᠯᠲᠡ ᠨᠢ ᠰᠤᠷᠭᠠᠨ ᠬᠥᠮᠦᠵᠢᠯ ᠠᠴᠠ ᠰᠠᠯᠵᠤ ᠴᠢᠳᠠᠬᠤ ᠦᠭᠡᠢ᠂ ᠰᠤᠷᠭᠠᠨ ᠬᠥᠮᠦᠵᠢᠯ ᠤᠨ ᠭᠤᠣᠯ ᠴᠣᠭᠴᠠ ᠨᠢ ᠳᠠᠷᠤᠢ ᠪᠠᠭᠰᠢ ᠪᠣᠯᠣᠭᠰᠠᠳ ᠪᠣᠯᠣᠨ᠎ᠠ᠃ ᠡᠭᠦᠨᠴᠢᠯᠡᠨ ᠪᠠᠭᠰᠢ ᠨᠠᠷ ᠤᠨ ᠳᠠᠷᠤᠭᠠᠰᠤ ᠶᠢ ᠬᠥᠩᠭᠡᠷᠡᠭᠦᠯᠵᠦ᠂ ᠲᠡᠳᠡᠨ ᠤ ᠠᠵᠢᠯ ᠤᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠠᠶᠢᠴᠢᠯᠠᠬᠤ ᠨᠢ ᠰᠤᠷᠭᠠᠨ ᠬᠥᠮᠦᠵᠢᠯ ᠤᠨ ᠬᠥᠭᠵᠢᠯᠲᠡ ᠳᠤ ᠮᠠᠰᠢ ᠠᠰᠢᠭᠲᠠᠢ ᠪᠠᠶᠢᠳᠠᠭ᠃ ᠤᠳᠤ ᠶᠢᠨ ᠪᠠᠶᠢᠳᠠᠯ ᠳᠤ ᠪᠠᠭᠰᠢ ᠨᠠᠷ ᠨᠢ ᠠᠵᠢᠯ ᠤᠨ ᠳᠠᠷᠤᠭᠠᠰᠤ᠂ ᠠᠮᠢᠳᠤᠷᠠᠯ ᠤᠨ ᠳᠠᠷᠤᠭᠠᠰᠤ᠂ ᠰᠡᠳᠬᠢᠯ ᠤᠨ ᠳᠠᠷᠤᠭᠠᠰᠤ ᠪᠠᠷ ᠬᠦᠨᠳᠦ ᠪᠠᠶᠢᠭ᠎ᠠ ᠪᠠᠶᠢᠳᠠᠯ ᠨᠡᠶᠢᠳᠡᠮ ᠣᠷᠣᠰᠢᠵᠤ ᠪᠤᠢ᠃ ᠲᠡᠷᠡ  ᠨᠢ ᠤᠯᠠᠨ ᠵᠦᠢᠯ ᠠᠴᠠ ᠰᠢᠯᠲᠠᠭᠠᠯᠠᠭᠳᠠᠵᠤ ᠪᠠᠶᠢᠳᠠᠭ᠃ ᠨᠢᠭᠡ ᠳᠤ᠂ ᠰᠤᠷᠤᠬᠴᠢ ᠪᠠ ᠭᠡᠷ ᠤᠨ ᠠᠬᠠᠮᠠᠳ ᠠᠴᠠ ᠪᠣᠯᠤᠭᠰᠠᠨ ᠳᠠᠷᠤᠭᠠᠰᠤ᠃ ᠣᠳᠣ ᠶᠢᠨ ᠰᠤᠷᠤᠬᠴᠢᠳ ᠤᠨ ᠣᠯᠠᠩᠬᠢ ᠨᠢ ᠠᠶᠢᠯ ᠤᠨ ᠭᠠᠭᠴᠠ ᠬᠡᠦᠬᠡᠳ ᠪᠠᠶᠢᠵᠤ᠂ ᠶᠠᠮᠠᠷ ᠨᠢᠭᠡᠨ ᠵᠥᠷᠢᠴᠡᠯ ᠮᠥᠷᠭᠦᠯᠳᠦᠭᠡᠨ ᠭᠠᠷᠤᠭᠰᠠᠭᠠᠷ ᠯᠡ ᠭᠡᠷ ᠤᠨ ᠠᠬᠠᠮᠠᠳ ᠨᠢ ᠪᠠᠭᠰᠢ ᠨᠠᠷ ᠢ ᠵᠢᠮᠡᠯᠡᠨ ᠪᠤᠷᠤᠭᠤᠰᠢᠶᠠᠵᠤ᠂ ᠴᠢᠨᠠᠭᠰᠢᠯᠠᠪᠠᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠵᠠᠭᠠᠯᠳᠤᠳᠠᠭ ᠪᠠᠶᠢᠳᠠᠯ ᠣᠷᠣᠰᠢᠵᠤ ᠪᠤᠢ᠃ ᠬᠤᠶᠠᠷ ᠲᠤ᠂ ᠠᠩᠭᠢ ᠶᠢᠨ ᠬᠠᠮᠢᠶᠠᠷᠤᠯᠲᠠ ᠠᠴᠠ ᠪᠣᠯᠤᠭᠰᠠᠨ ᠳᠠᠷᠤᠭᠠᠰᠤ᠃ ᠣᠶᠢᠷ᠎ᠠ ᠶᠢᠨ ᠬᠡᠳᠦᠨ ᠵᠢᠯ ᠳᠤ ᠰᠤᠷᠭᠠᠭᠤᠯᠢ ᠶᠢᠨ ᠲᠠᠯ᠎ᠠ ᠠᠴᠠ ᠰᠣᠷᠣᠬᠴᠢ ᠪᠠ ᠭᠡᠷ ᠤᠨ ᠠᠬᠠᠮᠠᠳ ᠢ ᠵᠣᠬᠢᠶᠠᠨ ᠪᠠᠶᠢᠭᠤᠯᠵᠤ ᠭᠡᠷᠡᠯ ᠵᠢᠷᠤᠭ ᠠᠪᠤᠭᠤᠯᠬᠤ ᠶᠢ ᠱᠠᠭᠠᠷᠳᠠᠬᠤ ᠠᠵᠢᠯᠯᠠᠭ᠎ᠠ ᠨᠡᠮᠡᠭᠳᠡᠬᠦ ᠶᠢ ᠳᠠᠭᠠᠯᠳᠤᠨ ᠠᠩᠭᠢ ᠶᠢᠨ ᠡᠷᠭᠢᠯᠡᠭᠴᠢ ᠶᠢᠨ ᠠᠵᠢᠯ ᠤᠨ ᠬᠡᠮᠵᠢᠶ᠎ᠡ ᠴᠦ ᠨᠡᠮᠡᠭᠳᠡᠭᠰᠡᠨ ᠪᠠᠶᠢᠨ᠎ᠠ᠃ ᠭᠤᠷᠪᠠ ᠳᠤ᠂  ᠪᠠᠭᠰᠢ ᠶᠢᠨ ᠠᠵᠢᠯ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ ᠠᠵᠢᠯ ᠠᠴᠠ ᠪᠣᠯᠤᠭᠰᠠᠨ ᠳᠠᠷᠤᠭᠠᠰᠤ᠃ ᠪᠠᠭᠰᠢ ᠶᠢᠨ ᠠᠵᠢᠯ ᠮᠡᠷᠭᠡᠵᠢᠯ ᠤᠨ ᠴᠣᠯᠠ ᠬᠠᠮᠠᠭᠠᠯᠠᠬᠤ ᠳᠤ ᠱᠠᠭᠠᠷᠳᠠᠬᠤ ᠨᠥᠬᠦᠴᠡᠯ ᠥᠨᠳᠥᠷ᠂ ᠡᠯ᠎ᠡ ᠰᠤᠷᠭᠠᠭᠤᠯᠢ ᠶᠢᠨ ᠣᠷᠣᠨ ᠲᠤᠭ᠎ᠠ ᠬᠢᠵᠠᠭᠠᠷ  ᠲᠠᠢ ᠵᠡᠷᠭᠡ ᠰᠢᠯᠲᠠᠭᠠᠨ ᠠᠴᠠ ᠢᠳᠡᠷ ᠵᠠᠯᠠᠭᠤ ᠨᠠᠰᠤᠨ ᠤ ᠪᠠᠭᠰᠢ ᠨᠠᠷ ᠥᠨᠳᠥᠷ ᠨᠢᠭᠡ ᠳᠡᠰ ᠤᠨ ᠠᠵᠢᠯ ᠮᠡᠷᠭᠡᠵᠢᠯ ᠤᠨ ᠴᠣᠯᠠ ᠬᠠᠮᠠᠭᠠᠯᠠᠬᠤ ᠵᠠᠪᠰᠢᠶᠠᠨ ᠲᠤᠩ ᠳᠣᠣᠷ᠎ᠠ᠃ ᠳᠥᠷᠪᠡ ᠳᠤ᠂ ᠶᠠᠪᠤᠬᠤ ᠳᠤᠲᠤᠮ ᠤᠯᠠᠨ ᠪᠣᠯᠵᠤ ᠪᠠᠶᠢᠭ᠎ᠠ ᠪᠠᠶᠢᠴᠠᠭᠠᠯᠲᠠ᠂ ᠰᠤᠷᠤᠯᠴᠠᠯᠭ᠎ᠠ ᠪᠣᠯᠪᠠᠰᠤᠷᠠᠯ᠂ ᠬᠢᠨᠠᠨ ᠰᠢᠯᠭᠠᠷᠠᠭᠤᠯᠲᠠ ᠠᠴᠠ ᠭᠠᠳᠠᠨ᠎ᠠ ᠨᠡᠶᠢᠭᠡᠮ ᠤᠨ ᠤᠯᠠᠨ ᠲᠠᠯ᠎ᠠ ᠶᠢᠨ ᠠᠵᠢᠯᠯᠠᠭᠠᠨ ᠳᠤ ᠪᠠᠭᠰᠢ ᠨᠠᠷ ᠣᠷᠤᠯᠴᠠᠬᠤ ᠴᠢᠬᠤᠯᠠ ᠲᠠᠢ ᠪᠣᠯᠵᠤ᠂ ᠪᠠᠭᠰᠢ ᠨᠠᠷ ᠤᠨ ᠦᠨᠡᠨ ᠬᠦ ᠱᠠᠭᠠᠷᠳᠠᠭᠳᠠᠬᠤ ᠬᠢᠴᠢᠶᠡᠯ ᠪᠡᠯᠡᠳᠬᠡᠬᠦ᠂ ᠰᠤᠷᠤᠬᠴᠢ ᠵᠢᠯᠤᠭᠤᠳᠬᠤ᠂ ᠳᠠᠰᠬᠠᠯ ᠳᠠᠭᠠᠭᠠᠯᠭᠠᠪᠤᠷᠢ ᠵᠠᠰᠠᠬᠤ ᠴᠠᠭ ᠢ ᠶᠡᠬᠡᠳᠡ ᠵᠠᠷᠤᠴᠠᠭᠤᠯᠬᠤ ᠪᠣᠯᠤᠭᠰᠠᠨ︾ ᠵᠡᠷᠭᠡ  ᠪᠠᠭᠰᠢ ᠨᠠᠷ ᠤᠨ ᠡᠮᠦᠨ᠎ᠡ ᠲᠤᠯᠭᠠᠷᠠᠵᠤ ᠪᠠᠶᠢᠭ᠎ᠠ ᠬᠦᠴᠢᠷᠳᠡᠯ᠂ ᠣᠷᠣᠰᠢᠵᠤ ᠪᠠᠶᠢᠭ᠎ᠠ ᠠᠰᠠᠭᠤᠳᠠᠯ ᠢ ᠤᠯᠠᠨ ᠲᠠᠯ᠎ᠠ ᠪᠠᠷ ᠬᠤᠷᠢᠶᠠᠩᠭᠤᠶᠢᠯᠠᠵᠤ ᠶᠠᠷᠢᠯ᠎ᠠ᠃       ᠡᠳᠡᠭᠡᠷ ᠪᠠᠶᠢᠳᠠᠯ ᠳᠤ ᠬᠠᠨᠳᠤᠭᠤᠯᠤᠨ ᠸᠠᠩ ᠰᠢᠦ ᠯᠠᠨ᠄︽ᠳᠡᠭᠡᠳᠦ ᠱᠠᠲᠤᠨ ᠠᠴᠠ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠪᠣᠳᠠᠲᠤ ᠪᠠᠶᠢᠳᠠᠯ ᠢ ᠣᠶᠢᠯᠠᠭᠠᠪᠠᠯ ᠵᠣᠬᠢᠨ᠎ᠠ᠃ ᠪᠠᠶᠢᠴᠠᠭᠠᠵᠤ ᠠᠳᠠᠯᠢᠳᠬᠠᠨ ᠰᠢᠯᠭᠠᠨ ᠬᠢᠨᠠᠬᠤ᠂ ᠱᠠᠯᠠᠪᠳᠠᠭᠤᠯᠤᠨ ᠪᠠᠶᠢᠴᠠᠭᠠᠬᠤ ᠵᠡᠷᠭᠡ ᠵᠦᠢᠯ ᠢ ᠴᠣᠮᠬᠠᠳᠬᠠᠨ᠂ ᠠᠷᠭ᠎ᠠ ᠮᠠᠶ᠋ᠢᠭ ᠢᠶᠠᠨ ᠬᠠᠯᠠᠨ ᠰᠠᠶᠢᠵᠢᠷᠠᠭᠤᠯᠵᠤ᠂ ᠪᠠᠭᠰᠢ ᠨᠠᠷ ᠲᠤ ᠤᠯᠠᠮ ᠢᠯᠡᠭᠦᠦ ᠠᠩᠬᠠᠷᠤᠯ ᠢᠶᠠᠨ ᠬᠠᠨᠳᠤᠭᠤᠯᠤᠨ᠂ ᠪᠠᠭᠰᠢ ᠨᠠᠷ ᠤᠨ ᠠᠵᠢᠯ ᠰᠤᠷᠤᠯᠴᠠᠯᠭ᠎ᠠ ᠶᠢ ᠵᠣᠬᠢᠰᠲᠠᠢ ᠬᠤᠪᠢᠶᠠᠷᠢᠯᠠᠪᠠᠯ ᠵᠣᠬᠢᠨ᠎ᠠ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠰᠤᠷᠭᠠᠭᠤᠯᠢ ᠶᠢᠨ ᠤᠳᠤᠷᠢᠳᠤᠯᠭ᠎ᠠ ᠠᠴᠠ ᠪᠠᠭᠰᠢ ᠨᠠᠷ ᠤᠨ ᠪᠡᠶ᠎ᠡ ᠰᠡᠳᠬᠢᠴᠡ ᠶᠢᠨ ᠡᠷᠡᠭᠦᠯ ᠮᠡᠨᠳᠦ ᠶᠢ ᠠᠩᠬᠠᠷᠴᠤ᠂ ᠪᠠᠭᠰᠢ ᠨᠠᠷ ᠤᠨ ᠰᠡᠳᠬᠢᠴᠡ ᠶᠢᠨ ᠳᠠᠷᠤᠭᠠᠰᠤ ᠶᠢ ᠬᠥᠩᠭᠡᠷᠡᠭᠦᠯᠬᠦ ᠶᠢ ᠠᠩᠬᠠᠷᠬᠤ ᠬᠡᠷᠡᠭᠲᠡᠢ᠃ ᠨᠡᠩ ᠣᠨᠴᠠᠭᠠᠶᠢᠯᠠᠨ ᠨᠡᠶᠢᠭᠡᠮ ᠨᠡᠶᠢᠲᠡ ᠪᠠᠷ ᠢᠶᠠᠨ ᠭᠡᠷ ᠪᠦᠯᠢ ᠶᠢᠨ ᠬᠥᠮᠦᠵᠢᠯ ᠢ ᠠᠩᠬᠠᠷᠴᠤ᠂  ᠪᠠᠭᠰᠢ ᠨᠠᠷ ᠤᠨ ᠠᠵᠢᠯ ᠤᠨ ᠰᠢᠨᠵᠢ ᠴᠢᠨᠠᠷ ᠢ ᠢᠯᠡᠭᠦᠬᠡᠨ ᠣᠶᠢᠯᠠᠭᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠢᠯᠡᠭᠦᠬᠡᠨ ᠣᠶᠢᠯᠠᠭᠠᠬᠤ ᠶᠢ ᠤᠷᠢᠶᠠᠯᠠᠪᠠᠯ ᠵᠣᠬᠢᠨ᠎ᠠ᠃  ᠡᠭᠦᠨ ᠤ ᠬᠠᠮᠲᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ  ᠬᠢᠨ ᠪᠠᠭᠰᠢ ᠶᠢᠨ ᠠᠵᠢᠯ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ ᠠᠵᠢᠯ ᠳᠤ ᠨᠡᠩ ᠵᠣᠬᠢᠰᠲᠠᠢ ᠠᠷᠭ᠎ᠠ ᠬᠡᠮᠵᠢᠶ᠎ᠡ ᠠᠪᠴᠤ᠂ ᠨᠡᠩ ᠤᠯᠠᠨ ᠵᠠᠯᠠᠭᠤ ᠰᠢᠯᠢᠳᠡᠭ ᠪᠠᠭᠰᠢ ᠳᠤ ᠮᠡᠷᠭᠡᠵᠢᠯ ᠤᠨ ᠴᠣᠯᠠ ᠦᠨᠡᠯᠡᠬᠦ ᠳᠤᠭᠢᠶᠠᠯ ᠣᠯᠭᠤᠨ᠂ ᠪᠠᠭᠰᠢ ᠶᠢᠨ ᠬᠦᠷᠲᠡᠮᠵᠢ ᠶᠢᠨ ᠲᠥᠷᠥᠭᠳᠡᠯ᠂ ᠦᠷᠳᠡᠭ ᠤᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠭᠦ ᠶᠢ ᠬᠦᠰᠡᠵᠦ ᠪᠠᠶᠢᠨ᠎ᠠ︾ ᠬᠡᠮᠡᠨ ᠰᠠᠨᠠᠯ ᠵᠥᠪᠯᠡᠯᠭᠡ ᠶᠢᠨ ᠢᠶᠠᠨ ᠲᠤᠬᠠᠢ ᠰᠤᠷᠪᠤᠯᠵᠢᠯᠠᠬᠴᠢ ᠳᠤ ᠶᠠᠷᠢᠵᠤ ᠪᠠᠶᠢᠯ᠎ᠠ᠃       ᠲᠥᠯᠥᠭᠡᠯᠡᠭᠴᠢ ᠸᠠᠩ ᠰᠢᠦ ᠯᠠᠨ ᠤ ᠳᠤᠷᠠᠳᠤᠭᠰᠠᠨ ᠰᠠᠨᠠᠯ ᠵᠥᠪᠯᠡᠯᠭᠡ ᠨᠢ ᠡᠷᠲᠡ ᠡᠳᠦᠷ ᠪᠡᠶᠡᠯᠡᠯ ᠢᠶᠠᠨ ᠣᠯᠵᠤ᠂ ᠥᠷᠭᠡᠨ ᠤᠯᠠᠨ ᠪᠠᠭᠰᠢ ᠨᠠᠷ ᠲᠤ ᠨᠡᠩ ᠤᠯᠠᠨ ᠠᠰᠢᠭ ᠬᠦᠷᠲᠡᠭᠡᠬᠦ ᠶᠢ ᠬᠦᠰᠡᠶ᠎ᠡ︕                                                                ᠲᠤᠰ ᠰᠣᠨᠢᠨ ᠤ ᠰᠤᠷᠪᠤᠯᠵᠢᠯᠠᠬᠴᠢ ᠵᠢᠨᠨ᠎ᠠ
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ