ᠭᠡᠰᠢᠭᠦᠨ ᠣᠳᠣᠩᠭᠤᠸ᠎ᠠ᠄ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯᠲᠤ ᠮᠡᠷᠭᠡᠵᠢᠯ ᠤᠨ ᠬᠢᠴᠢᠶᠡᠯ ᠢ ᠠᠵᠢᠯ ᠮᠡᠷᠭᠡᠵᠢᠯ ᠤᠨ ᠳᠡᠭᠡᠳᠦ ᠲᠤᠮᠳᠠᠳᠦ ᠰᠤᠷᠭᠠᠭᠤᠯᠢ ᠶᠢᠨ ᠬᠦᠷᠢᠶᠡᠨ ᠳᠤ ᠣᠷᠣᠭᠤᠯᠪᠠᠯ ᠵᠣᠬᠢᠨ᠎ᠠ
ᠨᠡᠶᠢᠲᠡᠯᠡᠭᠰᠡᠨ ᠴᠠᠭ᠄
2024/1/22
       1 ᠰᠠᠷ᠎ᠠ ᠶᠢᠨ 16 ᠤ ᠡᠳᠦᠷ ᠠᠴᠠ 18 ᠤ ᠡᠳᠦᠷ ᠪᠤᠯᠲᠠᠯ᠎ᠠ᠂ ᠤᠯᠤᠰ ᠲᠦᠷᠦ ᠶᠢᠨ ᠵᠥᠪᠯᠡᠯᠭᠡᠨ ᠤ ᠬᠥᠯᠥᠨ ᠪᠤᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠬᠠᠶᠢᠯᠠᠷ ᠲᠤ ᠬᠤᠷᠠᠯᠳᠤᠪᠠ᠃ ᠰᠤᠷᠪᠤᠯᠵᠢᠯᠬᠠᠴᠢ ᠬᠠᠭᠤᠴᠢᠨ ᠪᠠᠷᠭᠤ ᠬᠤᠰᠢᠭᠤᠨ ᠳᠤ ᠨᠤᠲᠤᠭ ᠲᠠᠢ ᠣᠷᠣᠨ ᠤ ᠲᠡᠰ ᠤᠨ ᠪᠠᠷᠭᠤ ᠬᠤᠪᠴᠠᠰᠤ ᠵᠠᠰᠠᠯ ᠤᠨ ᠲᠥᠯᠥᠭᠡᠯᠡᠭᠴᠢ ᠴᠢᠨᠠᠷᠲᠠᠢ ᠥᠪᠯᠡᠨ ᠤᠯᠠᠮᠵᠢᠯᠠᠭᠴᠢ ᠣᠳᠣᠩᠭᠤᠸ᠎ᠠ ᠶᠢ ᠰᠤᠷᠪᠤᠯᠵᠢᠯᠠᠵᠤ ᠪᠢᠯᠡ᠃
20240122-1.jpg
             ︽ᠪᠢ  ᠭᠤᠷᠪᠠᠳᠠᠭᠢ ᠵᠢᠯ ᠳᠡᠭᠡᠨ ᠬᠤᠲᠠ ᠶᠢᠨ ︿ᠬᠤᠶᠠᠷ ᠬᠤᠷᠠᠯ﹀ ᠳᠤ ᠤᠷᠤᠯᠴᠠᠵᠦ ᠪᠤᠢ ᠪᠥᠭᠡᠳ ᠡᠮᠦᠨ᠎ᠡ ᠬᠤᠶᠠᠷ ᠵᠢᠯ ᠤᠨ ᠲᠤᠰᠬᠠᠭᠰᠠᠨ ᠰᠠᠨᠠᠯ ᠳᠤᠷᠠᠳᠤᠯᠭ᠎ᠠ ᠮᠠᠨᠢ ᠵᠠᠰᠠᠭ ᠤᠨ ᠣᠷᠳᠣᠨ ᠪᠠ ᠰᠤᠷᠭᠠᠨ ᠬᠥᠮᠦᠵᠢᠯ ᠤᠨ ᠲᠣᠪᠴᠢᠶᠠᠨ ᠠᠴᠠ ᠬᠠᠷᠢᠭᠤ ᠲᠤᠰᠬᠠᠯ ᠣᠯᠵᠤ᠂ ᠨᠢᠭᠡ ᠨᠢᠭᠡ ᠪᠠᠷ ᠪᠡᠶᠡᠯᠡᠭᠳᠡᠵᠦ ᠪᠤᠢ︾ ᠭᠡᠵᠦ ᠮᠠᠰᠢ ᠪᠠᠶᠠᠷᠲᠠᠢ ᠶᠠᠷᠢᠵᠤ ᠪᠠᠶᠢᠯ᠎ᠠ ᠁       ᠡᠨᠡ ᠵᠢᠯ ᠲᠡᠷᠡ ︽ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯᠲᠤ ᠮᠡᠷᠭᠡᠵᠢᠯ ᠤᠨ ᠬᠢᠴᠢᠶᠡᠯ ᠢ ᠠᠵᠢᠯ ᠮᠡᠷᠭᠡᠵᠢᠯ ᠤᠨ ᠳᠡᠭᠡᠳᠦ ᠲᠤᠮᠳᠠᠳᠦ ᠰᠤᠷᠭᠠᠭᠤᠯᠢ ᠶᠢᠨ ᠬᠦᠷᠢᠶᠡᠨ ᠳᠤ ᠣᠷᠣᠭᠤᠯᠪᠠᠯ ᠵᠣᠬᠢᠨ᠎ᠠ︾ᠭᠡᠬᠦ ᠰᠠᠨᠠᠯ ᠳᠤᠷᠠᠳᠤᠯᠭ᠎ᠠ ᠲᠠᠢ ᠢᠷᠡᠭᠰᠡᠨ ᠪᠢᠯᠡ᠃       ᠣᠳᠣᠩᠭᠤᠸ᠎ᠠ᠄ ︽ᠪᠢ ᠪᠣᠯ ᠪᠠᠷᠭᠤ ᠬᠤᠪᠴᠠᠰᠤ ᠵᠠᠰᠠᠯ ᠤᠨ ᠲᠥᠯᠥᠭᠡᠯᠡᠭᠴᠢ ᠴᠢᠨᠠᠷᠲᠠᠢ ᠥᠪᠯᠡᠨ ᠤᠯᠠᠮᠵᠢᠯᠠᠭᠴᠢ᠂ ᠪᠠᠷᠭᠤ ᠬᠤᠪᠴᠠᠰᠤ ᠵᠠᠰᠠᠯ᠂ ᠪᠠᠷᠭᠤ ᠰᠥᠭᠦᠬᠡᠢ ᠭᠤᠲᠤᠯ ᠢᠶᠠᠨ ᠭᠤᠷᠪᠠᠨ ᠦᠶ᠎ᠡ ᠪᠠᠷ ᠢᠶᠠᠨ ᠤᠷᠠᠯᠠᠵᠤ ᠣᠶᠣᠵᠤ ᠢᠷᠡᠭᠰᠡᠨ ᠣᠶᠣᠳᠠᠯᠴᠢᠨ᠂ ᠭᠤᠷᠪᠠᠨ ᠦᠶ᠎ᠡ ᠪᠠᠷ ᠢᠶᠠᠨ ᠪᠣᠳᠠᠰ ᠤᠨ ᠪᠤᠰᠤ ᠰᠣᠶᠣᠯ ᠤᠨ ᠥᠪ ᠤᠨ ᠦᠨ᠎ᠡ ᠴᠡᠨ᠎ᠡ ᠶᠢ ᠮᠡᠳᠡᠷᠡᠵᠦ ᠶᠠᠪᠤᠭ᠎ᠠ ᠪᠣᠯᠬᠤᠷ ︿ᠪᠣᠳᠠᠰ ᠤᠨ ᠪᠤᠰᠤ ᠰᠣᠶᠣᠯ ᠤᠨ ᠥᠪ ᠤᠨ  ᠤᠯᠠᠮᠵᠢᠯᠠᠯᠲᠤ ᠮᠡᠷᠭᠡᠵᠢᠯ ᠤᠨ ᠬᠢᠴᠢᠶᠡᠯ ᠢ ᠠᠵᠢᠯ ᠮᠡᠷᠭᠡᠵᠢᠯ ᠤᠨ ᠳᠡᠭᠡᠳᠦ ᠲᠤᠮᠳᠠᠳᠦ ᠰᠤᠷᠭᠠᠭᠤᠯᠢ ᠶᠢᠨ ᠬᠦᠷᠢᠶᠡᠨ ᠳᠤ ᠣᠷᠣᠭᠤᠯᠪᠠᠯ ᠵᠣᠬᠢᠨ᠎ᠠ﹀ᠭᠡᠬᠦ ᠰᠠᠨᠠᠯ  ᠳᠤᠷᠠᠳᠤᠯᠭ᠎ᠠ ᠪᠠᠨ ᠳᠡᠪᠰᠢᠭᠦᠯᠵᠦ ᠪᠢᠯᠡ᠃ ᠪᠣᠳᠠᠰ ᠤᠨ ᠪᠤᠰᠤ ᠰᠣᠶᠣᠯ ᠤᠨ ᠥᠪ ᠨᠢ ᠵᠦᠪᠭᠡᠨ ᠨᠢᠭᠡ ᠭᠡᠷ ᠪᠦᠯᠢ᠂ ᠨᠢᠭᠡ ᠬᠤᠪᠢ ᠬᠥᠮᠥᠨ ᠤ ᠥᠪ ᠰᠣᠶᠣᠯ ᠪᠢᠰᠢ᠂ ᠬᠠᠷᠢᠨ ᠲᠤᠬᠠᠢ ᠶᠢᠨ  ᠣᠷᠣᠨ ᠨᠤᠲᠤᠭ᠂ ᠤᠯᠤᠰ ᠦᠨᠳᠦᠰᠦᠲᠡᠨ ᠤ ᠡᠷᠬᠢᠮ ᠨᠠᠨᠳᠢᠨ ᠥᠪ ᠰᠣᠶᠣᠯ ᠪᠣᠯᠣᠨ᠎ᠠ᠃ ᠡᠶᠢᠮᠦ ᠠᠴᠠ ᠬᠥᠯᠥᠨ ᠪᠤᠶᠢᠷ ᠬᠤᠲᠠ ᠶᠢᠨ ᠣᠨᠴᠠᠯᠢᠭ ᠲᠠᠢ ᠪᠣᠳᠠᠰ ᠤᠨ ᠪᠤᠰᠤ ᠰᠣᠶᠣᠯ ᠤᠨ ᠥᠪ ᠢ ᠠᠵᠢᠯ ᠮᠡᠷᠭᠡᠵᠢᠯ ᠤᠨ ᠳᠡᠭᠡᠳᠦ ᠲᠤᠮᠳᠠᠳᠦ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ ᠨᠢ ᠪᠣᠳᠠᠰ ᠤᠨ ᠪᠤᠰᠤ ᠰᠣᠶᠣᠯ ᠤᠨ ᠥᠪ ᠮᠠᠷᠲᠠᠭᠳᠠᠵᠤ ᠬᠠᠶᠠᠭᠳᠠᠬᠤ  ᠠᠴᠠ ᠵᠠᠶᠢᠯᠠᠰᠬᠢᠵᠦ ᠴᠢᠳᠠᠬᠤ ᠪᠠᠷ ᠪᠠᠷᠠᠬᠤ ᠦᠭᠡᠢ᠂ ᠪᠣᠳᠠᠰ ᠤᠨ ᠪᠤᠰᠤ ᠰᠣᠶᠣᠯ ᠤᠨ ᠥᠪ ᠢ ᠣᠶᠢᠯᠠᠭᠠᠵᠤ ᠮᠡᠳᠡᠬᠦ ᠬᠥᠮᠥᠨ ᠴᠦ ᠡᠳᠦᠷ ᠠᠴᠠ ᠡᠳᠦᠷ ᠤᠯᠠᠨ ᠪᠣᠯᠣᠨ᠎ᠠ᠃ ᠡᠨᠡ ᠨᠢ ᠪᠠᠰᠠ  ᠬᠥᠯᠥᠨ ᠪᠤᠶᠢᠷ  ᠬᠤᠲᠠ ᠶᠢᠨ ᠰᠣᠶᠣᠯ ᠠᠵᠤ  ᠠᠬᠤᠢ ᠶᠢᠨ ᠬᠥᠭᠵᠢᠯᠲᠡ ᠳᠤ ᠴᠢᠬᠤᠯᠠ ᠲᠦᠯᠬᠢᠬᠦ ᠬᠦᠴᠦᠨ ᠦᠵᠡᠭᠦᠯᠦᠨ᠎ᠡ︾ ᠭᠡᠵᠦ ᠰᠤᠷᠪᠤᠯᠵᠢᠯᠠᠬᠴᠢ ᠳᠤ ᠶᠠᠷᠢᠨ᠎ᠠ᠃        ᠲᠡᠷᠡ ᠪᠠᠰᠠ᠂ ᠣᠳᠣᠬᠠᠨ ᠳᠤ ᠬᠥᠯᠥᠨ ᠪᠤᠶᠢᠷ ᠬᠤᠲᠠ ᠶᠢᠨ ᠵᠠᠷᠢᠮ  ᠰᠤᠷᠭᠠᠭᠤᠯᠢ ᠪᠣᠳᠠᠰ ᠤᠨ ᠪᠤᠰᠤ ᠰᠣᠶᠣᠯ ᠤᠨ ᠥᠪ ᠤᠨ ᠬᠢᠴᠢᠶᠡᠯ ᠲᠦᠷᠦᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ ᠬᠢᠴᠢᠶᠡᠯᠯᠡᠵᠦ ᠪᠠᠶᠢᠭ᠎ᠠ ᠪᠤᠯᠪᠠᠴᠦ ᠰᠤᠷᠭᠠᠨ ᠬᠥᠮᠦᠵᠢᠯ ᠤᠨ ᠡᠬᠢ ᠪᠠᠶᠠᠯᠢᠭ ᠳᠤᠲᠠᠮᠠᠭ᠂ ᠪᠠᠭᠰᠢ ᠶᠢᠨ ᠬᠦᠴᠦᠨ ᠪᠠᠭᠤᠷᠠᠢ ᠪᠠᠶᠢᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠬᠢᠴᠢᠶᠡᠯᠯᠡᠭᠡ ᠨᠢ ᠪᠠᠭᠰᠢ ᠶᠢᠨ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠪᠠ ᠵᠢᠭᠠᠨ ᠰᠤᠷᠭᠠᠬᠤ ᠤᠷ᠎ᠠ ᠴᠢᠳᠠᠪᠤᠷᠢ ᠶᠢᠨ ᠱᠠᠭᠠᠷᠳᠠᠯᠭ᠎ᠠ ᠥᠨᠳᠥᠷ᠂ ᠣᠯᠠᠩᠬᠢ ᠪᠠᠭᠰᠢ ᠨᠠᠷ ᠪᠣᠳᠠᠰ ᠤᠨ ᠪᠤᠰᠤ ᠰᠣᠶᠣᠯ ᠤᠨ ᠥᠪ ᠤᠨ ᠮᠡᠳᠡᠯᠭᠡ ᠶᠢᠨ ᠲᠤᠬᠠᠢ ᠰᠢᠰᠲ᠋ᠧᠮ ᠲᠠᠢ ᠪᠣᠯᠪᠠᠰᠤᠷᠠᠯ ᠳᠤ ᠤᠷᠤᠯᠴᠠᠬᠰᠠᠨ ᠦᠭᠡᠢ ᠪᠣᠯᠬᠤᠷ ᠰᠤᠷᠤᠡᠡᠴᠢᠳ ᠤᠨ ᠪᠣᠳᠠᠰ ᠤᠨ ᠪᠤᠰᠤ ᠰᠣᠶᠣᠯ ᠤᠨ ᠥᠪ ᠤᠨ ᠮᠡᠳᠡᠯᠭᠡ ᠶᠢ ᠰᠤᠷᠴᠤ ᠡᠵᠡᠮᠰᠢᠬᠦ ᠳᠤ ᠪᠠᠭᠰᠢ ᠰᠤᠷᠤᠡᠡᠴᠢᠳ  ᠪᠣᠳᠠᠰ ᠤᠨ ᠪᠤᠰᠤ ᠰᠣᠶᠣᠯ ᠤᠨ ᠥᠪ ᠤᠨ ᠲᠤᠬᠠᠢ ᠲᠠᠨᠢᠯᠲᠠ ᠪᠠᠨ ᠦᠨᠳᠦᠰᠦᠨ ᠠᠴᠠ ᠨᠢ ᠬᠤᠪᠢᠷᠠᠭᠤᠯᠬᠤ ᠳᠤ ᠮᠠᠰᠢ ᠬᠦᠴᠢᠷᠲᠡᠢ ᠪᠠᠶᠢᠳᠠᠭ᠃       ᠰᠤᠷᠭᠠᠭᠤᠯᠢ ᠶᠢᠨ ᠬᠦᠷᠢᠶᠡᠨ ᠳᠤ ᠣᠳᠣᠬᠠᠨ ᠳᠤ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ ᠬᠢᠴᠢᠶᠡᠯ ᠢ ᠵᠢᠭᠠᠨ ᠰᠤᠷᠭᠠᠵᠤ ᠪᠠᠶᠢᠭ᠎ᠠ ᠪᠤᠯᠪᠠᠴᠦ ᠲᠣᠭᠲᠠᠮᠠᠯ ᠬᠤᠭᠤᠴᠠᠭ᠎ᠠ ᠲᠠᠢ ᠪᠠᠷ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ᠂ ᠨᠡᠷᠡᠲᠦ ᠤᠷᠠᠨ ᠲᠠᠷᠬᠠᠨ ᠢ ᠤᠷᠢᠵᠤ ᠲᠠᠶᠢᠯᠤᠮᠵᠢ ᠬᠢᠯᠭᠡᠬᠦ᠂ ᠤᠯᠠᠮᠵᠢᠯᠠᠭᠴᠢ ᠪᠠᠭᠰᠢ ᠶᠢ ᠤᠷᠢᠵᠤ ᠲᠤᠰᠢᠶᠠᠯ ᠬᠠᠪᠰᠤᠷᠭᠠᠭᠰᠠᠨ ᠪᠠᠭᠰᠢ᠂ ᠲᠤᠰᠬᠠᠢ ᠮᠡᠷᠭᠡᠵᠢᠯ ᠤᠨ ᠳᠠᠭᠠᠭᠤᠯᠤᠭᠴᠢ ᠵᠡᠷᠭᠡ ᠶᠢ ᠲᠣᠮᠢᠯᠠᠵᠤ᠂ ᠲᠤᠰᠬᠠᠢ ᠮᠡᠷᠭᠡᠵᠢᠯᠲᠡᠨ ᠪᠠᠭᠰᠢ ᠨᠠᠷ ᠤᠨ ᠠᠵᠢᠯᠯᠠᠬᠤ ᠲᠠᠰᠤᠭ ᠪᠠᠶᠢᠭᠤᠯᠵᠤ᠂ ᠱᠠᠲᠤ ᠳᠠᠪᠬᠤᠷᠭ᠎ᠠ ᠶᠢᠨ ᠤᠯᠠᠮᠵᠢᠯᠠᠯ ᠤᠨ ᠪᠦᠯᠭᠦᠮ ᠪᠠᠶᠢᠭᠤᠯᠵᠤ᠂ ᠤᠳᠦ ᠦᠶ᠎ᠡ ᠶᠢᠨ ᠱᠠᠪᠢ ᠤᠷᠢᠬᠤ ᠳᠦᠷᠢᠮ ᠢ ᠬᠡᠷᠡᠭᠵᠢᠭᠦᠯᠦᠨ᠎ᠡ᠃ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠳᠤ ᠠᠭᠤᠰᠬᠠᠨ ᠣᠷᠣᠭᠤᠯᠵᠤ ᠪᠣᠳᠠᠰ ᠤᠨ ᠪᠤᠰᠤ ᠰᠣᠶᠣᠯ ᠤᠨ ᠥᠪ ᠤᠨ ᠬᠢᠴᠢᠶᠡᠯ ᠢ ᠨᠡᠭᠡᠭᠡᠨ ᠬᠥᠭᠵᠢᠭᠦᠯᠬᠦ ᠶᠢᠨ ᠬᠠᠮᠲᠤ  ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠭᠤᠣᠯᠯᠠᠭᠴᠢ ᠴᠢᠳᠠᠪᠤᠷᠢᠲᠠᠨ ᠤ ᠡᠩᠨᠡᠭᠡ ᠶᠢ ᠪᠤᠢ ᠪᠣᠯᠭᠠᠨ᠎ᠠ᠃ᠲᠡᠷᠡᠪᠡᠷ᠂ ︽ᠰᠤᠷᠭᠠᠭᠤᠯᠢ + ᠠᠵᠤ ᠠᠬᠤᠶᠢᠯᠠᠯ + ᠰᠠᠭᠤᠷᠢᠨ ᠭᠠᠵᠠᠷ︾ ᠤᠨ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠠᠵᠤ ᠠᠬᠤᠢ ᠶᠢᠨ ᠦᠷ᠎ᠡ ᠠᠰᠢᠭ᠂ ᠰᠣᠶᠣᠯ ᠤᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢ ᠬᠠᠶᠢᠨ  ᠰᠦᠪᠡᠭᠴᠢᠯᠡᠨ᠂ ᠣᠷᠣᠨ ᠨᠤᠲᠤᠭ ᠤᠨ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢ ᠥᠷᠭᠡᠨ ᠲᠠᠷᠬᠠᠨ ᠳᠡᠯᠭᠡᠷᠡᠭᠦᠯᠬᠦ ᠳᠤ  ᠰᠤᠷᠭᠠᠨ ᠬᠥᠮᠦᠵᠢᠯ ᠤᠨ ᠲᠣᠪᠴᠢᠶ᠎ᠠ᠂ ᠵᠠᠰᠠᠭ ᠤᠨ ᠣᠷᠳᠣᠨ ᠠᠴᠠ ᠪᠣᠳᠠᠲᠠᠢ ᠲᠠᠢ ᠤᠶᠠᠯᠳᠤᠭᠤᠯᠤᠨ ᠬᠢᠴᠢᠶᠡᠯ ᠵᠢᠭᠠᠵᠤ᠂ ᠪᠠᠭᠰᠢ ᠨᠠᠷ ᠤᠨ ᠡᠩᠨᠡᠭᠡ ᠶᠢᠨ ᠤᠷ᠎ᠠ ᠮᠡᠷᠭᠡᠵᠢᠯ ᠢ ᠲᠡᠭᠡᠭᠰᠢᠯᠡᠭᠦᠯᠭᠦ ᠴᠢᠬᠤᠯᠠ ᠲᠠᠢ ᠭᠡᠬᠦ  ᠰᠠᠨᠠᠯ ᠳᠤᠷᠠᠳᠤᠯᠭ᠎ᠠ ᠪᠠᠨ ᠥᠨᠥ ᠵᠢᠯ ᠤᠨ ︽ᠬᠤᠶᠠᠷ ᠬᠤᠷᠠᠯ︾ ᠳᠤ ᠳᠡᠪᠰᠢᠭᠦᠯᠵᠦ ᠪᠠᠶᠢᠭ᠎ᠠ ᠶᠤᠮ᠃
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ