ᠲᠥᠯᠥᠭᠡᠯᠡᠭᠴᠢ᠄ ᠪᠦᠷᠢᠨᠪᠠᠶᠠᠷ ᠬᠠᠶᠢᠯᠠᠷ ᠠᠴᠠ ᠮᠠᠨᠵᠤᠤᠷ ᠬᠦᠷᠬᠦ 301 ᠤᠯᠤᠰ ᠤᠨ ᠵᠠᠮ ᠢ ᠥᠷᠭᠡᠳᠬᠡᠨ ᠵᠠᠰᠠᠬᠤ ᠶᠢ ᠬᠦᠰᠡᠵᠦ ᠪᠠᠶᠢᠨ᠎ᠠ
ᠨᠡᠶᠢᠲᠡᠯᠡᠭᠰᠡᠨ ᠴᠠᠭ᠄
2024/1/22
       ᠤᠯᠤᠰ ᠤᠨ ᠵᠡᠮ ᠭᠡᠳᠡᠭ ᠪᠣᠯ ᠡᠯ᠎ᠡ ᠲᠣᠮᠣ ᠠᠵᠤ ᠠᠬᠤᠢ ᠶᠢᠨ ᠲᠥᠪ᠂ ᠭᠠᠷᠠᠮ ᠥᠷᠳᠡᠭᠡ᠂ ᠲᠠᠸᠠᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠪᠠᠶᠢᠯᠳᠤᠬᠤ ᠪᠣᠳᠣᠯᠭ᠎ᠠ ᠶᠢᠨ ᠴᠢᠬᠤᠯᠠ ᠭᠠᠵᠠᠷ ᠢ ᠬᠤᠯᠪᠣᠭᠰᠠᠨ  ᠭᠤᠣᠯ ᠵᠠᠰᠠᠮᠠᠯ ᠵᠡᠮ ᠢ ᠵᠢᠭᠠᠵᠤ ᠪᠠᠶᠢᠨ᠎ᠠ᠃ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠨᠢ ᠪᠣᠳᠠᠲᠤ ᠠᠴᠢ ᠬᠤᠯᠪᠣᠭᠳᠠᠯ ᠲᠠᠢ ᠮᠥᠷᠲᠡᠭᠡᠨ ᠠᠯᠤᠰ ᠭᠡᠲᠦ ᠶᠢᠨ ᠦᠨ᠎ᠡ ᠥᠷᠲᠡᠭ ᠲᠠᠢ ᠪᠣᠯᠬᠤᠷ ᠵᠠᠮ ᠢ ᠬᠡᠷᠬᠢᠨ ᠵᠠᠰᠠᠵᠤ᠂ ᠬᠡᠷᠬᠢᠨ ᠬᠠᠮᠠᠭᠠᠯᠠᠨ ᠬᠡᠷᠡᠭᠯᠡᠬᠦ ᠨᠢ ᠡᠯ᠎ᠡ ᠱᠠᠲᠤᠨ ᠤ ᠵᠠᠰᠠᠭ ᠤᠨ ᠣᠷᠳᠣᠨ ᠤ ᠴᠢᠬᠤᠯᠠ ᠠᠰᠠᠭᠤᠳᠠᠯ ᠪᠣᠯᠣᠭᠰᠠᠭᠠᠷ ᠢᠷᠡᠵᠡᠢ᠃
20240122-2.jpg
       ᠡᠶᠢᠨ ᠬᠦ ᠬᠥᠯᠥᠨ ᠪᠦᠢᠷ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠤ ᠤᠷᠤᠯᠴᠠᠵᠤ ᠪᠠᠶᠢᠭ᠎ᠠ ᠬᠠᠭᠤᠴᠢᠨ ᠪᠠᠷᠭᠤ ᠬᠤᠰᠢᠭᠤᠨ ᠤ ᠠᠷᠠᠳ ᠤᠨ ᠲᠥᠯᠥᠭᠡᠯᠡᠭᠴᠢ ᠪᠦᠷᠢᠨᠪᠠᠶᠠᠷ ᠢ ᠰᠤᠷᠪᠤᠯᠵᠢᠯᠠᠵᠤ᠂ ᠲᠡᠭᠦᠨ ᠤ ︽ᠬᠠᠶᠢᠯᠠᠷ ᠠᠴᠠ ᠮᠠᠨᠵᠤᠤᠷ ᠬᠦᠷᠬᠦ 301 ᠤᠯᠤᠰ ᠤᠨ ᠵᠠᠮ ᠢ ᠥᠷᠭᠡᠳᠬᠡᠨ ᠵᠠᠰᠠᠬᠤ ᠶᠢ ᠬᠦᠰᠡᠵᠦ ᠪᠠᠶᠢᠨ᠎ᠠ︾ᠭᠡᠬᠦ ᠰᠠᠨᠠᠯ ᠵᠥᠪᠯᠡᠯᠭᠡ ᠶᠢ ᠤᠡᠭᠰᠢᠬᠴᠢ ᠲᠦᠮᠡᠨ ᠲᠠᠢ ᠪᠠᠨ ᠬᠤᠪᠢᠶᠠᠯᠴᠠᠬᠤ ᠶᠢ ᠵᠣᠷᠢᠯ᠎ᠠ᠃       ᠪᠦᠷᠢᠨᠪᠠᠶᠠᠷ᠄ ︽ᠬᠥᠯᠥᠨ ᠪᠤᠶᠢᠷ ᠤᠨ  ᠵᠤᠭᠠᠴᠠᠯ ᠤᠨ ᠦᠢᠯᠡᠰ ᠤᠨ ᠬᠥᠭᠵᠢᠯᠲᠡ ᠶᠢ ᠳᠠᠭᠠᠯᠳᠤᠨ᠂ ᠬᠤᠪᠢ ᠶᠢᠨ ᠲᠡᠷᠭᠡ ᠪᠠᠨ ᠵᠢᠯᠤᠭᠤᠳᠴᠤ ᠵᠤᠭᠠᠴᠠᠬᠤ ᠪᠠᠷ ᠢᠷᠡᠬᠦ ᠬᠥᠮᠥᠨ ᠤᠯᠠᠨ ᠪᠣᠯᠵᠤ ᠪᠢᠯᠡ᠃ ᠮᠠᠨᠵᠤᠤᠷ ᠪᠣᠯ ᠮᠠᠨ ᠤ ᠬᠤᠳᠠ ᠶᠢᠨ ᠭᠤᠣᠯ ᠪᠤᠯᠬᠤ ᠵᠤᠭᠠᠴᠠᠯ ᠤᠨ ᠭᠠᠵᠠᠷ ᠪᠣᠯᠣᠨ᠎ᠠ᠂ ᠭᠡᠪᠡᠴᠦ ᠬᠠᠶᠢᠯᠠᠷ ᠠᠴᠠ ᠮᠠᠨᠵᠤᠤᠷ ᠬᠦᠷᠬᠦ 301 ᠤᠯᠤᠰ ᠤᠨ ᠵᠠᠮ ᠬᠠᠷᠢᠴᠠᠩᠭᠤᠢ ᠨᠠᠷᠢᠨ ᠪᠠᠶᠢᠳᠠᠭ ᠠᠴᠠ ᠬᠤᠶᠠᠷ ᠲᠡᠷᠭᠡ ᠵᠥᠷᠢᠵᠦ ᠭᠠᠷᠬᠤ ᠳᠤ ᠴᠤ ᠪᠡᠷᠬᠡ ᠪᠠᠶᠢᠳᠠᠭ ᠤᠨ ᠳᠡᠭᠡᠷ᠎ᠡ ᠠᠴᠠ ᠡᠮᠦᠨᠡᠬᠢ ᠮᠠᠰᠢᠨ ᠨᠢ ᠵᠣᠭᠰᠣᠭᠰᠠᠭᠠᠷ ᠲᠡᠷᠭᠡ ᠪᠥᠭᠯᠡᠷᠡᠬᠦ ᠦᠵᠡᠭᠳᠡᠯ ᠭᠠᠷᠳᠠᠭ᠃ ᠡᠭᠦᠨ ᠳᠤ ᠰᠢᠨ᠎ᠡ ᠪᠠᠷᠭᠤ ᠵᠡᠭᠦᠨ ᠬᠤᠰᠢᠭᠤᠨ ᠠᠴᠠ ᠵᠠᠯᠠᠶᠢᠨᠠᠭᠤᠷ ᠲᠣᠭᠤᠷᠢᠭ ᠬᠦᠷᠬᠦ ᠵᠠᠮ ᠤᠨ ᠬᠡᠰᠡᠭ ᠲᠤ ᠬᠡᠷᠪᠡ ᠡᠮᠦᠨ᠎ᠡ ᠲᠠᠯ᠎ᠠ ᠶᠢᠨ ᠲᠡᠷᠭᠡ ᠪᠠᠨ ᠳᠠᠪᠠᠵᠤ ᠭᠠᠷᠬᠤ ᠭᠡᠪᠡᠯ   ᠵᠠᠮ ᠠᠴᠠ ᠪᠠᠭᠤᠵᠤ᠂ ᠮᠠᠯᠴᠢᠳ ᠤᠨ ᠨᠤᠲᠤᠭ ᠪᠡᠯᠴᠢᠭᠡᠷ ᠢ  ᠳᠠᠷᠤᠵᠤ ᠨᠤᠲᠤᠭ ᠪᠡᠯᠴᠢᠭᠡᠷ ᠢ ᠡᠪᠳᠡᠬᠦ ᠦᠵᠡᠭᠳᠡᠯ ᠭᠠᠷᠴᠤ ᠪᠤᠢ᠃ ᠡᠪᠦᠯ ᠤᠨ ᠡᠷᠢᠨ ᠳᠤ ᠬᠠᠭᠤᠴᠢᠨ ᠪᠠᠷᠭᠤ ᠬᠤᠰᠢᠭᠤᠨ ᠤ ᠪᠠᠷᠠᠭᠤᠨ ᠬᠥᠭᠦᠷᠭᠡ ᠶᠢᠨ ᠵᠠᠮ  ᠨᠠᠷᠢᠨ ᠪᠠᠶᠢᠳᠠᠭ ᠠᠴᠠ ᠴᠠᠰᠤ ᠲᠠᠢ ᠡᠳᠦᠷ ᠲᠡᠷᠭᠡ ᠨᠡᠪᠲᠡᠷᠡᠬᠦ ᠶᠢᠨ ᠠᠷᠭ᠎ᠠ ᠦᠭᠡᠢ ᠪᠤᠯᠳᠠᠭ᠃ ᠨᠠᠮᠤᠷ ᠤᠨ ᠡᠪᠡᠰᠦ ᠬᠠᠳᠤᠬᠤ ᠤᠯᠠᠷᠢᠯ ᠪᠣᠯᠣᠭᠰᠠᠭᠠᠷ ᠮᠠᠯᠴᠢᠳ ᠡᠪᠡᠰᠦ ᠬᠠᠮᠤᠬᠤ ᠲᠡᠷᠭᠡ ᠪᠠᠨ ᠵᠢᠯᠤᠭᠤᠳᠴᠤ 301 ᠤᠯᠤᠰ ᠤᠨ ᠵᠠᠮ ᠢᠶᠠᠷ ᠶᠠᠪᠤᠪᠠᠯ ᠪᠤᠰᠤᠳ ᠲᠡᠷᠭᠡ ᠤᠨᠤᠭᠠᠨ ᠤ ᠨᠡᠪᠲᠡᠷᠡᠬᠦ ᠳᠤ ᠶᠡᠭᠡ ᠰᠠᠭᠠᠳ ᠤᠴᠠᠷᠠᠭᠤᠯᠳᠠᠭ᠃ ᠡᠶᠢᠮᠦ ᠪᠣᠯᠬᠤᠷ ᠤᠯᠤᠰ ᠤᠨ ᠵᠠᠮ ᠤᠨ ᠬᠤᠶᠠᠷ ᠬᠠᠵᠠᠭᠤ ᠪᠠᠷ 3 ᠮᠧᠲᠷ ᠬᠠᠶᠢᠷ ᠴᠢᠯᠠᠭᠤᠨ ᠵᠠᠮ ᠢ ᠥᠷᠭᠡᠳᠬᠡᠨ ᠵᠠᠰᠠᠪᠠᠯ ᠮᠠᠯᠴᠢᠳ ᠤᠨ ᠡᠪᠡᠰᠦ ᠪᠡᠯᠴᠢᠭᠡᠷ ᠤᠨ ᠠᠰᠠᠭᠤᠳᠠᠯ᠂ ᠵᠤᠭᠠᠴᠠᠭᠰᠠᠳ ᠤᠨ ᠲᠡᠷᠭᠡ ᠡᠪᠳᠡᠷᠡᠪᠡᠯ ᠲᠡᠷᠭᠡ ᠵᠣᠬᠰᠣᠬᠤ ᠠᠰᠠᠭᠤᠳᠠᠯ ᠢ ᠰᠢᠢᠳᠪᠦᠷᠢᠯᠡᠨ᠂ ᠠᠷᠠᠳ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠪᠠᠲᠤᠯᠠᠵᠤ ᠴᠢᠳᠠᠬᠤ ᠪᠣᠯᠣᠨ᠎ᠠ︾ ᠭᠡᠵᠦ ᠥᠪᠡᠷ ᠤᠨ ᠰᠠᠨᠠᠯ ᠵᠥᠪᠯᠡᠯᠭᠡ ᠪᠠᠨ ᠲᠠᠶᠢᠯᠪᠤᠷᠢᠯᠠᠵᠤ ᠶᠠᠷᠢᠨ᠎ᠠ᠃       ᠪᠦᠷᠢᠨᠪᠠᠶᠠᠷ ᠪᠣᠯ ᠥᠪᠥᠷ ᠮᠣᠩᠭᠤᠯ ᠤᠨ ᠮᠠᠨᠵᠤᠤᠷ ᠤᠨ ᠺᠠᠳ᠋ᠷ ᠤᠨ ᠳᠡᠭᠡᠳᠦ ᠰᠤᠷᠭᠠᠭᠤᠯᠢ ᠶᠢᠨ ᠬᠠᠭᠤᠴᠢᠨ ᠪᠠᠷᠭᠤ ᠬᠤᠰᠢᠭᠤᠨ ᠳᠠᠬᠢ ᠲᠢᠶᠠᠨ ᠵᠢᠶᠣᠣ ᠮᠧᠩ ᠶᠤᠸᠠᠨ ᠨᠠᠮ ᠤᠨ ᠭᠡᠰᠢᠭᠦᠨ ᠺᠠᠳ᠋ᠷ ᠤᠨ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ ᠶᠢᠨ ᠴᠡᠭ ᠤᠨ ᠬᠠᠷᠢᠭᠤᠴᠠᠯᠭᠠᠲᠠᠨ ᠮᠥᠨ᠃  ᠲᠡᠷᠡ ᠥᠪᠡᠷ ᠤᠨ  ᠲᠤᠬᠠᠶᠢᠯᠠᠭᠰᠠᠨ ᠠᠵᠢᠯ ᠤᠨ ᠰᠢᠯᠲᠠᠭᠠᠨ ᠠᠴᠠ ᠪᠠᠨ ᠪᠣᠯᠵᠤ ᠦᠷᠭᠦᠯᠵᠢ 301 ᠤᠯᠤᠰ ᠤᠨ ᠵᠠᠮ ᠢᠶᠠᠷ ᠨᠠᠭᠠᠰᠢ ᠴᠠᠭᠠᠰᠢ ᠶᠠᠪᠤᠳᠠᠭ᠃ ᠡᠶᠢᠮᠦ ᠠᠴᠠ ᠲᠡᠷᠡ ᠲᠤᠰ ᠬᠡᠰᠡᠭ ᠵᠠᠮ ᠤᠨ ᠲᠤᠬᠠᠢ ᠨᠠᠷᠢᠯᠢᠭ ᠣᠶᠢᠯᠠᠭᠠᠯᠲᠠ ᠲᠠᠢ ᠪᠠᠶᠢᠳᠠᠭ ᠠᠴᠠ ᠵᠠᠮ ᠳᠠᠭᠠᠤ ᠮᠠᠯᠴᠢᠨ ᠲᠠᠷᠢᠶᠠᠴᠢᠨ ᠪᠣᠯᠣᠨ ᠵᠤᠭᠠᠴᠠᠭᠰᠠᠳ ᠲᠤ ᠲᠦᠭᠦᠮ ᠦᠵᠡᠭᠦᠯᠭᠦ ᠵᠣᠷᠢᠯᠭ᠎ᠠ ᠠᠴᠠ ᠲᠤᠰ ᠤᠳᠠᠭᠠᠨ ᠤ︽ᠬᠤᠶᠠᠷ ᠬᠤᠷᠠᠯ︾ ᠳᠤ ᠳᠡᠭᠡᠷᠡᠬᠢ ᠰᠠᠨᠠᠯ ᠵᠥᠪᠯᠡᠯᠭᠡ ᠪᠠᠨ ᠳᠡᠪᠰᠢᠭᠦᠯᠦᠭᠰᠡᠨ ᠶᠤᠮ᠃      ᠤᠯᠤᠰ ᠤᠨ ᠵᠠᠮ ᠪᠣᠯ ᠡᠯ᠎ᠡ ᠬᠤᠲᠠ᠂ ᠬᠥᠳᠡᠭᠡ ᠲᠣᠰᠬᠤᠨ ᠢ ᠬᠤᠯᠪᠣᠭᠰᠠᠨ ᠴᠢᠬᠤᠯᠠ ᠵᠠᠮ ᠬᠠᠷᠢᠯᠴᠠᠭᠠᠨ ᠤ ᠲᠣᠣᠷ ᠪᠠᠶᠢᠵᠤ᠂ ᠶᠡᠭᠡ ᠬᠡᠮᠵᠢᠶᠡᠨ ᠤ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠡᠭᠦᠷᠭᠡ ᠶᠢ ᠡᠭᠦᠷᠭᠡᠯᠡᠵᠦ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠪᠠ ᠰᠣᠯᠢᠯᠴᠠᠭ᠎ᠠ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠵᠦ ᠪᠠᠶᠢᠳᠠᠭ᠃ ᠲᠡᠷᠡ ᠨᠢ ᠮᠥᠨ ᠴᠤ ᠪᠦᠭᠦ ᠤᠯᠤᠰ ᠤᠨ ᠵᠠᠰᠠᠮᠠᠯ ᠵᠠᠮ ᠤᠨ ᠲᠣᠣᠷ ᠤᠨ ᠭᠤᠣᠯᠯᠠᠭᠴᠢ ᠱᠤᠭᠤᠮ ᠪᠠᠶᠢᠵᠤ᠂ ᠵᠠᠮ ᠤᠨ ᠲᠣᠣᠷ ᠤᠨ ᠪᠦᠬᠦᠯᠢ ᠴᠣᠭᠴᠠ ᠶᠢᠨ ᠦᠷ᠎ᠡ ᠠᠰᠢᠭ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠭᠦ ᠳᠤ ᠴᠢᠬᠤᠯᠠ ᠦᠢᠯᠡᠳᠦᠯ ᠲᠠᠢ ᠶᠤᠮ᠃      ᠮᠠᠨ ᠤ ᠬᠤᠳᠠ ᠶᠢᠨ ᠠᠵᠤ ᠠᠬᠤᠢ ᠶᠢᠨ ᠬᠥᠭᠵᠢᠯᠲᠡ ᠪᠣᠯᠣᠨ ᠵᠤᠭᠠᠴᠠᠯ ᠤᠨ ᠦᠢᠯᠡᠰ ᠤᠨ ᠬᠥᠭᠵᠢᠯᠲᠡ ᠶᠢ ᠳᠠᠭᠠᠯᠳᠤᠵᠤ ᠵᠠᠮ ᠬᠠᠷᠢᠯᠴᠠᠭᠠᠨ ᠤ ᠬᠡᠷᠡᠭᠴᠡᠭᠡ ᠱᠠᠭᠠᠷᠳᠠᠯᠭ᠎ᠠ ᠶᠠᠪᠤᠬᠤ ᠲᠤᠳᠤᠮ ᠥᠨᠳᠥᠷ ᠪᠣᠯᠵᠤ᠂ ᠰᠠᠶᠢᠨ ᠰᠠᠶᠢᠬᠠᠨ ᠵᠠᠮ ᠬᠠᠷᠢᠯᠴᠠᠭᠠᠨ ᠤ ᠣᠷᠴᠢᠨ ᠨᠢ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠲᠤᠯᠭᠠᠭᠤᠷᠢᠯᠠᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠳᠤ ᠮᠠᠰᠢ ᠢᠳᠡᠪᠬᠢᠲᠡᠢ ᠦᠢᠯᠡᠳᠦᠯ ᠦᠵᠡᠭᠦᠯᠦᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠤᠨ ᠠᠮᠢᠨ ᠰᠤᠳᠠᠰᠤ ᠶᠢᠨ ᠨᠢᠭᠡ ᠪᠣᠯᠤᠭᠰᠠᠨ ᠶᠤᠮ᠃      ᠪᠦᠷᠢᠨᠪᠠᠶᠠᠷ ᠪᠠᠰᠠ᠂ ᠤᠯᠤᠰ ᠤᠨ ᠵᠠᠮ ᠨᠢ ᠣᠷᠣᠨ ᠨᠤᠲᠤᠭ ᠤᠨ ᠵᠠᠰᠠᠭ ᠤᠨ ᠣᠷᠳᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠤᠨ ᠨᠢᠭᠡ ᠪᠣᠯᠤᠭᠰᠠᠨ ᠤ ᠬᠤᠪᠢ ᠳᠤ᠂ ᠤᠯᠤᠰ ᠠᠴᠠ ᠳᠦᠷᠦ ᠶᠢᠨ ᠪᠣᠳᠣᠯᠭ᠎ᠠ ᠪᠠ ᠪᠡᠯᠡ ᠮᠥᠩᠭᠦ ᠶᠢᠨ ᠲᠠᠯ᠎ᠠ ᠪᠠᠷ ᠵᠠᠰᠠᠮᠠᠯ ᠵᠠᠮ ᠢ ᠳᠡᠰ ᠳᠡᠪᠰᠢᠭᠦᠯᠦᠨ ᠥᠭᠡᠷᠡᠴᠢᠯᠡᠬᠦ ᠶᠠᠪᠤᠳᠠᠯ ᠢ ᠴᠢᠬᠤᠯᠠᠴᠢᠯᠠᠨ ᠳᠡᠮᠵᠢᠵᠤ ᠪᠤᠢ᠂ ᠪᠢᠳᠡ ᠡᠨᠡ ᠬᠦ ᠲᠤᠭᠢᠶᠠᠯ ᠢ ᠠᠰᠢᠭᠯᠠᠨ ᠤᠯᠤᠰ ᠤᠨ ᠵᠠᠮ ᠢ ᠥᠷᠭᠡᠳᠬᠡᠨ ᠵᠠᠰᠠᠪᠠᠯ ᠥᠷᠭᠡᠨ ᠤᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠵᠢᠴᠢ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠨ ᠨᠡᠮᠡᠷᠢᠯᠡᠵᠦ ᠴᠢᠳᠠᠨ᠎ᠠ ᠭᠡᠵᠡᠢ᠃
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ