︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠰᠤᠷᠲᠠᠯ ᠢ ᠤᠯᠠᠮᠵᠢᠯᠠᠨ ᠪᠠᠳᠠᠷᠠᠭᠤᠯᠤᠶ᠎ᠠ
ᠨᠡᠶᠢᠲᠡᠯᠡᠭᠰᠡᠨ ᠴᠠᠭ᠄
2024/1/3
                                     ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ       ᠨᠢᠩᠳᠧ ᠠᠴᠠ ᠡᠬᠢᠯᠡᠵᠦ᠂ ᠹᠦᠵᠢᠶᠠᠨ ᠳᠤ ᠬᠥᠭᠵᠢᠵᠦ᠂ ᠪᠦᠬᠦ ᠤᠯᠤᠰ ᠲᠤ ᠳᠡᠯᠭᠡᠷᠡᠵᠦ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠡᠨᠡ ᠬᠦ ᠮᠠᠨ ᠤ ᠨᠠᠮ ᠤᠨ ᠤᠯᠠᠨ ᠲᠦᠮᠡᠨ ᠲᠠᠢ ᠨᠢᠭᠲᠠ ᠬᠠᠷᠢᠯᠴᠠᠭᠰᠠᠨ ᠦᠢᠯᠡᠳᠦᠯᠭᠡ ᠶᠢᠨ ᠡᠭᠦᠳᠦᠨ ᠪᠦᠲᠦᠭᠡᠯᠲᠡ ᠨᠢ 35 ᠵᠢᠯ ᠤᠨ ᠲᠤᠷᠰᠢ ᠲᠠᠰᠤᠷᠠᠯᠳᠠ ᠦᠭᠡᠢ ᠬᠥᠭᠵᠢᠨ ᠪᠠᠳᠠᠷᠠᠵᠤ᠂ ᠶᠡᠷᠦ ᠪᠤᠰᠤ ᠶᠢᠨ ᠦᠢᠯᠡᠳᠦᠯᠭᠡ ᠶᠢᠨ ᠬᠦᠴᠦᠨ ᠢ ᠢᠯᠡᠷᠡᠭᠦᠯᠪᠡ᠃ ᠤᠢᠢᠷ᠎ᠠ ᠶᠢᠨ ᠡᠳᠦᠷ᠂ ᠶᠡᠷᠦᠩᠬᠡᠢ ᠱᠦᠵᠢ ᠰᠢ ᠶᠢᠨ ᠫᠢᠩ ᠹᠦᠵᠢᠶᠠᠨ ᠤ ᠨᠢᠩᠳᠧ ᠶᠢᠨ ︽ᠳᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠪᠠᠷᠢᠮᠲᠠᠯᠠᠨ ᠦᠢᠯᠡᠳᠦᠯᠭᠡᠵᠢᠭᠦᠯᠵᠦ ᠬᠥᠭᠵᠢᠯᠲᠡ ᠶᠢ ᠠᠬᠢᠭᠤᠯᠤᠨ ᠪᠣᠳᠠᠲᠤ ᠦᠷ᠎ᠡ ᠪᠦᠲᠦᠮᠵᠢ ᠭᠠᠷᠭᠠᠬᠰᠠᠨ ᠲᠤᠬᠠᠢ ᠬᠤᠯᠪᠣᠭᠳᠠᠯ ᠪᠦᠬᠦᠢ ᠮᠠᠲ᠋ᠧᠷᠢᠶᠠᠯ ᠳᠤ ᠴᠢᠬᠤᠯᠠ ᠴᠣᠬᠤᠯᠠᠪᠤᠷᠢ ᠥᠭᠪᠡ᠃ ᠲᠥᠪ ᠤᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠰᠤᠷᠤᠯᠴᠠᠨ ᠳᠡᠯᠭᠡᠷᠡᠭᠦᠯᠬᠦ ᠶᠢ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠤᠨ ᠴᠢᠬᠤᠯᠠ ᠭᠠᠷᠳᠠᠴᠠ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃        ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠣᠯ ᠰᠢ ᠶᠢᠨ ᠫᠢᠩ ᠨᠥᠬᠦᠷ ᠤᠨ ᠹᠦᠵᠢᠶᠠᠨ ᠤ ᠨᠢᠩᠳᠧ ᠳᠤ ᠠᠵᠢᠯᠯᠠᠵᠤ ᠪᠠᠶᠢᠬᠤ ᠳᠠᠭᠠᠨ ᠶᠡᠭᠡ ᠪᠠᠷ ᠰᠠᠨᠠᠭᠠᠴᠢᠯᠠᠵᠤ ᠪᠡᠶ᠎ᠡ ᠪᠠᠷ ᠢᠶᠠᠨ ᠬᠡᠷᠡᠭᠵᠢᠭᠦᠯᠦᠭᠰᠡᠨ ᠠᠵᠢᠯ ᠤᠨ ᠠᠷᠭ᠎ᠠ ᠪᠣᠯᠤᠨ ᠠᠵᠢᠯ ᠤᠨ ᠲᠦᠷᠢᠮ ᠪᠣᠯᠤᠨ᠎ᠠ᠃ ᠲᠤᠬᠠᠢ ᠶᠢᠨ ᠵᠢᠯ ᠳᠤ᠂ ᠰᠢ ᠶᠢᠨ ᠫᠢᠩ ᠨᠥᠬᠦᠷ ᠨᠢᠩᠳᠧ ᠶᠢᠨ ᠡᠯ᠎ᠡ ᠱᠠᠲᠤᠨ ᠤ ᠤᠳᠤᠷᠢᠳᠬᠤ ᠺᠠᠳ᠋ᠷ ᠤᠨ ︽ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠦᠨᠳᠦᠰᠦᠨ ᠱᠠᠲᠤᠨ ᠳᠤ ᠤᠯᠠᠮᠵᠢᠯᠠᠬᠤ᠂ ᠪᠠᠶᠢᠴᠠᠭᠠᠨ ᠰᠤᠳᠤᠯᠤᠯᠲᠠ ᠶᠢ ᠦᠨᠳᠦᠰᠦᠨ ᠱᠠᠲᠤᠨ ᠳᠤ ᠪᠠᠭᠤᠯᠭᠠᠬᠤ᠂ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠠᠵᠢᠯ ᠢ ᠦᠨᠳᠦᠰᠦᠨ ᠱᠠᠲᠤᠨ ᠳᠤ ᠪᠠᠭᠤᠯᠭᠠᠬᠤ᠂ ᠲᠤᠬᠠᠢ ᠶᠢᠨ ᠲᠠᠯᠠᠪᠠᠢ ᠳᠤ ᠠᠵᠢᠯᠯᠠᠬᠤ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠱᠠᠭᠠᠷᠳᠠᠭᠰᠠᠨ ᠪᠥᠭᠡᠳ ᠲᠦᠷᠦᠭᠦᠯᠡᠨ ᠵᠢᠱᠢᠶ᠎ᠡ ᠦᠵᠡᠭᠦᠯᠵᠦ᠂ ᠲᠦᠷᠦᠭᠦᠯᠡᠨ ᠦᠨᠳᠦᠰᠦᠨ ᠱᠠᠲᠤᠨ ᠳᠤ ᠪᠠᠭᠤᠵᠤ ᠤᠬᠠᠭᠤᠯᠤᠨ ᠲᠠᠶᠢᠯᠪᠤᠷᠢᠯᠠᠵᠤ᠂ ᠪᠠᠶᠢᠴᠠᠭᠠᠨ ᠰᠤᠳᠤᠯᠵᠤ᠂ ᠵᠠᠬᠢᠳᠠᠯ ᠰᠤᠷᠪᠤᠯᠵᠢᠯᠠᠯ ᠢ ᠬᠦᠯᠢᠶᠡᠵᠦ᠂ ᠠᠯᠪᠠᠯᠠᠵᠤ᠂ ᠲᠦᠷᠦᠭᠦᠯᠡᠨ ᠬᠠᠮᠤᠭ ᠤᠨ ᠪᠤᠶᠢᠳᠠ ᠪᠥᠭᠯᠡᠭᠦᠦ᠂ ᠬᠠᠮᠤᠭ ᠤᠨ ᠬᠦᠴᠢᠷᠳᠡᠯᠲᠡᠢ ᠭᠠᠵᠠᠷ ᠲᠤ ᠭᠦᠨᠵᠡᠭᠡᠶᠢᠷᠡᠵᠦ᠂ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠥᠭᠡᠷᠡᠴᠢᠯᠡᠯᠲᠡ ᠨᠡᠬᠡᠬᠡᠯᠳᠡ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠬᠦ ᠳᠤ ᠬᠡᠷᠡᠯ ᠰᠠᠴᠤᠷᠠᠩᠭᠤᠢ ᠬᠡᠪ ᠳᠠᠭᠤᠷᠢᠶᠠᠯ ᠪᠣᠯᠤᠭᠰᠠᠨ ᠪᠠᠶᠢᠨ᠎ᠠ᠃ 35 ᠵᠢᠯ ᠤᠨ ᠲᠤᠷᠰᠢ᠂ ᠹᠦᠵᠢᠶᠠᠨ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠰᠤᠷᠲᠠᠯ ᠢ ᠶᠡᠭᠡ ᠪᠠᠷ ᠤᠯᠠᠮᠵᠢᠯᠠᠨ ᠪᠠᠳᠠᠷᠠᠭᠤᠯᠵᠤ᠂ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢᠨ ᠠᠭᠤᠯᠤᠭᠳᠠᠬᠤᠨ ᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠠᠴᠢᠶᠠᠯᠠᠪᠤᠷᠢ ᠶᠢ ᠲᠠᠰᠤᠷᠠᠯᠳᠠ ᠦᠭᠡᠢ ᠪᠠᠶᠠᠯᠢᠭᠵᠢᠭᠤᠯᠵᠤ᠂ ᠲᠦᠷᠢᠮ ᠢ ᠡᠳᠦᠷ ᠢᠷᠡᠬᠦᠶ᠎ᠡ ᠲᠡᠭᠦᠯᠳᠡᠷᠵᠢᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠤ ᠦᠷᠭᠦᠯᠵᠢᠯᠡᠨ ᠲᠡᠮᠡᠴᠡᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠵᠠᠢ᠃ ︽ᠳᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠣᠯ ᠺᠠᠳ᠋ᠷ ᠤᠨ ᠰᠤᠷᠲᠠᠯ ᠢ ᠬᠤᠪᠢᠷᠠᠭᠤᠯᠬᠤ᠂ ᠤᠯᠠᠨ ᠲᠦᠮᠡᠨ ᠲᠠᠢ ᠨᠢᠭᠲᠠ ᠬᠠᠷᠢᠯᠴᠠᠬᠤ ᠴᠢᠬᠤᠯᠠ ᠡᠷᠳᠡᠨᠢ ᠮᠥᠨ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠪᠦᠲᠦᠮᠵᠢᠲᠡᠢ ᠠᠷᠭ᠎ᠠ ᠮᠥᠨ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠡᠷᠬᠢᠮ ᠨᠠᠨᠳᠢᠨ ᠥᠪ ᠬᠦᠷᠦᠩᠭᠡ ᠮᠥᠨ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠪᠡ᠃        ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠤᠯᠠᠨ ᠲᠦᠮᠡᠨ ᠤ ᠡᠭᠦᠳᠡᠨ ᠳᠤ ᠥᠷᠨᠢᠭᠦᠯᠵᠦ᠂ ᠦᠨᠳᠦᠰᠦᠨ ᠱᠠᠲᠤᠨ ᠳᠤ ᠬᠦᠷᠬᠦ ᠲᠤᠳᠤᠮ ︽ᠪᠣᠳᠠᠲᠠᠢ ᠪᠠᠶᠢᠬᠤ︾ ᠶᠢ ᠲᠤᠪᠤᠶᠢᠯᠭᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ᠄ ︽ᠪᠣᠳᠠᠲᠠᠢ ᠪᠠᠶᠢᠬᠤ ᠱᠠᠭᠠᠷᠳᠠᠯᠭ᠎ᠠ ᠶᠢ ᠭᠤᠣᠯ ᠰᠡᠳᠦᠪᠲᠦ ᠬᠥᠮᠦᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠰᠡᠷᠭᠡᠶᠢᠯᠡᠨ ᠲᠡᠪᠴᠢᠵᠦ᠂ ᠤᠨᠤᠯ ᠤᠨ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠯᠲᠠ ᠶᠢ ᠦᠨᠡᠨ ᠪᠣᠳᠠᠲᠠᠢ ᠰᠠᠶᠢᠲᠤᠷ ᠠᠳᠬᠤᠵᠤ᠂ ᠲᠤᠪᠤᠶᠢᠮ᠎ᠠ ᠠᠰᠠᠭᠤᠳᠠᠯ ᠢ ᠦᠨᠡᠨ ᠪᠣᠳᠠᠲᠠᠢ ᠪᠠᠶᠢᠴᠠᠭᠠᠨ ᠦᠵᠡᠵᠦ ᠴᠡᠭᠴᠡᠯᠡᠨ ᠵᠠᠯᠠᠷᠠᠭᠤᠯᠵᠤ᠂ ᠠᠷᠠᠳ ᠲᠤ ᠠᠰᠢᠭ ᠬᠦᠷᠲᠡᠭᠡᠭᠦ ᠪᠣᠳᠠᠲᠤ ᠶᠠᠪᠤᠳᠠᠯ ᠢ ᠦᠨᠡᠨ ᠪᠣᠳᠠᠲᠠᠢ ᠰᠠᠶᠢᠲᠤᠷ ᠬᠢᠵᠦ᠂ ᠪᠣᠳᠠᠲᠠᠢ ᠠᠵᠢᠯᠯᠠᠬᠤ ᠪᠠᠷ ᠬᠥᠭᠵᠢᠯᠲᠡ ᠶᠢ ᠠᠬᠢᠭᠤᠯᠵᠤ᠂ ᠠᠷᠠᠳ ᠤᠨ ᠢᠲᠡᠭᠡᠯ ᠢ ᠤᠯᠬᠤ ᠬᠡᠷᠡᠭᠲᠡᠢ︾ ᠭᠡᠵᠦ ᠴᠢᠬᠤᠯᠠᠴᠢᠯᠠᠪᠠ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠭᠦᠨᠵᠡᠭᠡᠢ ᠯᠠᠪᠳᠠᠭᠤᠨ ᠦᠷᠨᠢᠭᠦᠯᠭᠦ ᠳᠤ ᠰᠠᠭᠤᠷᠢ ᠪᠠᠨ ᠪᠠᠲᠤᠳᠬᠠᠨ ᠦᠨᠳᠦᠰᠦ ᠪᠠᠨ ᠪᠠᠬᠢᠵᠢᠭᠦᠯᠬᠦ ᠶᠢ ᠨᠡᠩ ᠴᠢᠬᠤᠯᠠᠴᠢᠯᠠᠵᠤ᠂ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠡᠨᠡ ᠬᠦ ᠴᠢᠬᠤᠯᠠ ᠭᠠᠷᠳᠠᠴᠠ ᠶᠢ ᠭᠦᠢᠴᠡᠳ ᠰᠠᠶᠢᠲᠤᠷ ᠬᠡᠷᠡᠭᠯᠡᠵᠦ᠂ ᠨᠠᠮ ᠤᠨ ᠤᠨᠤᠯ ᠪᠣᠯᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠤᠬᠠᠭᠤᠯᠬᠤ ᠶᠢ ᠴᠢᠬᠤᠯᠠ ᠶᠡᠭᠡ ᠡᠭᠦᠷᠭᠡ ᠪᠣᠯᠭᠠᠵᠤ᠂ ᠪᠠᠶᠢᠴᠠᠭᠠᠨ ᠰᠤᠳᠤᠯᠤᠯᠲᠠ ᠬᠢᠬᠦ ᠶᠢ ᠴᠢᠬᠤᠯᠠ ᠠᠷᠭ᠎ᠠ ᠵᠠᠮ ᠪᠣᠯᠭᠠᠵᠤ᠂ ᠠᠰᠠᠭᠤᠳᠠᠯ ᠢ ᠰᠢᠢᠳᠪᠦᠷᠢᠯᠡᠬᠦ ᠪᠠᠷ ᠵᠠᠩᠭᠢᠯᠠᠭ᠎ᠠ ᠶᠢᠨ ᠤᠳᠤᠷᠢᠳᠤᠮᠵᠢ ᠪᠣᠯᠭᠠᠵᠤ᠂ ᠬᠥᠭᠵᠢᠯᠲᠡ ᠶᠢ ᠠᠬᠢᠭᠤᠯᠬᠤ ᠪᠠᠷ ᠲᠤᠰᠤᠯᠳᠠ ᠪᠣᠯᠭᠠᠵᠤ᠂ ᠭᠤᠣᠯ ᠰᠡᠳᠦᠪᠲᠦ ᠬᠥᠮᠦᠵᠢᠯ ᠤᠨ ᠴᠢᠨᠠᠷ ᠰᠠᠶᠢᠲᠠᠢ ᠰᠠᠶᠢᠨ ᠦᠷ᠎ᠡ ᠪᠦᠲᠦᠮᠵᠢ ᠭᠠᠷᠭᠠᠬᠤ ᠶᠢ ᠠᠳᠬᠤᠵᠤ᠂ ᠤᠯᠠᠨ ᠲᠦᠮᠡᠨ ᠳᠤ ᠪᠣᠳᠠᠲᠤ ᠦᠷ᠎ᠡ ᠠᠰᠢᠭ ᠢ ᠤᠯᠵᠤ ᠬᠠᠷᠠᠭᠤᠯᠬᠤ ᠬᠡᠷᠡᠭᠲᠡᠢ᠃        ᠠᠷᠠᠳ ᠲᠦᠮᠡᠨ ᠢᠶᠠᠷ ᠭᠤᠤᠯ ᠪᠣᠯᠭᠠᠬᠤ ᠥᠷᠲᠡᠭ ᠤᠨ ᠬᠥᠭᠡᠭᠡᠴᠡᠯᠳᠦᠯ ᠢ ᠪᠠᠲᠤᠳᠬᠠᠬᠤ ᠬᠡᠷᠡᠭᠲᠡᠶ᠃ ᠠᠯᠢᠪᠠ ᠪᠦᠬᠦᠨ ᠳᠤ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ ᠪᠦᠬᠦᠨ ᠳᠤ ᠠᠷᠠᠳ ᠲᠦᠮᠡᠨ ᠳᠤ ᠲᠦᠰᠢᠭᠯᠡᠬᠦ᠂ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠬᠦ᠂ ᠵᠣᠷᠢᠭ ᠰᠢᠭᠤᠳᠤᠨ ᠠᠷᠠᠳ ᠲᠦᠮᠡᠨ ᠳᠤ ᠪᠤᠶᠠᠨ ᠦᠢᠯᠡᠳᠬᠦ ᠪᠣᠯ ︽ᠳᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢᠨ ᠵᠣᠷᠢᠭ ᠰᠠᠨᠠᠭᠠᠨ ᠤ ᠮᠥᠨ ᠴᠢᠨᠠᠷ ᠪᠠ ᠦᠢᠯᠡᠳᠦᠯᠭᠡ ᠶᠢᠨ ᠱᠠᠭᠠᠷᠳᠠᠯᠭ᠎ᠠ ᠮᠥᠨ᠃ ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠤᠯᠤᠰ ᠤᠨ ᠡᠪ ᠬᠠᠮᠲᠤ ᠨᠠᠮ ᠪᠣᠯ ᠠᠷᠠᠳ ᠲᠦᠮᠡᠨ ᠳᠤ ᠤᠴᠢᠷ ᠶᠠᠪᠤᠳᠠᠯ ᠪᠦᠲᠦᠭᠡᠵᠦ ᠦᠭᠳᠡᠭ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠳᠠᠷᠤᠢ ᠪᠢᠳᠡᠨ ᠤ ᠲᠡᠮᠡᠴᠡᠬᠦ ᠬᠠᠷᠠᠯᠲᠠ ᠮᠥᠨ᠂ ᠡᠷᠬᠡᠪᠰᠢ ᠪᠠᠲᠤ ᠰᠠᠬᠢᠬᠤ ᠠᠷᠠᠳ ᠲᠦᠮᠡᠨ ᠤ ᠰᠡᠳᠬᠢᠯ ᠮᠥᠨ︾ ᠭᠡᠵᠦ ᠴᠢᠬᠤᠯᠠᠴᠢᠯᠠᠪᠠ᠃ ᠤᠷᠤᠭᠰᠢᠯᠠᠯᠲᠠ ᠶᠢᠨ ᠵᠠᠮ ᠳᠡᠭᠡᠷ᠎ᠡ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢᠮᠠᠭᠲᠠ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠢᠮᠠᠭᠲᠠ ᠠᠷᠠᠳ ᠲᠦᠮᠡᠨ ᠢ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠪᠤᠳᠤᠵᠦ ᠪᠠᠶᠢᠭ᠎ᠠ ᠵᠦᠢᠯ ᠢ ᠪᠤᠳᠤᠵᠦ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠭᠦᠢᠴᠡᠳᠬᠡᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠪᠣᠳᠠᠲᠤ ᠠᠬᠤᠢ ᠪᠣᠯᠭᠠᠬᠤ ᠬᠡᠷᠡᠭᠲᠡᠢ᠃  ᠣᠯᠠᠨ ᠲᠦᠮᠡᠨ ᠲᠠᠢ ᠨᠢᠭᠲᠠ ᠬᠠᠷᠢᠯᠴᠠᠬᠤ ᠠᠵᠢᠯ ᠤᠨ ᠠᠷᠭ᠎ᠠ ᠶᠢ ᠦᠢᠯᠡᠳᠦᠯᠭᠡᠵᠢᠭᠦᠯᠭᠦ ᠬᠡᠷᠡᠭᠲᠡᠢ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠣᠯ ᠣᠯᠠᠨ ᠲᠦᠮᠡᠨ ᠲᠠᠢ ᠨᠢᠭᠲᠠ ᠬᠠᠷᠢᠯᠴᠠᠬᠤ ᠴᠢᠬᠤᠯᠠ ᠠᠷᠭ᠎ᠠ ᠵᠠᠮ ᠮᠥᠨ᠃ ᠲᠤᠬᠠᠢ ᠶᠢᠨ ᠵᠢᠯ ᠳᠤ᠂ ᠰᠢ ᠶᠢᠨ ᠫᠢᠩ ᠨᠥᠬᠦᠷ ᠨᠢᠩᠳᠧ ᠶᠢᠨ ᠨᠠᠮ ᠵᠠᠰᠠᠭ ᠤᠨ ᠪᠠᠶᠢᠭᠤᠯᠤᠯᠭ᠎ᠠ ᠶᠢᠨ ᠺᠠᠳ᠋ᠷᠴᠤᠳ ᠢ ᠳᠠᠭᠠᠭᠤᠯᠤᠨ ︽ᠳᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠦᠢᠯᠡᠳᠦᠯᠭᠡᠵᠢᠭᠦᠯᠬᠦ ᠪᠠᠷ ᠳᠠᠮᠵᠢᠨ᠂ ᠤᠯᠠᠨ ᠲᠦᠮᠡᠨ ᠤ ᠳᠡᠭᠡᠭᠰᠢ ᠰᠤᠷᠪᠤᠯᠵᠢᠯᠠᠬᠤ ᠶᠢ ᠤᠳᠤᠷᠢᠳᠤᠯᠭ᠎ᠠ ᠶᠢᠨ ᠳᠣᠷᠣᠭᠰᠢ ᠰᠤᠷᠪᠤᠯᠵᠢᠯᠠᠬᠤ ᠪᠣᠯᠭᠠᠨ ᠬᠤᠪᠢᠷᠠᠭᠤᠯᠵᠤ᠂ ᠰᠠᠨᠠᠭᠠᠴᠢᠯᠠᠭᠠᠲᠤ ᠪᠤᠰᠤ ᠪᠠᠷ ᠦᠢᠯᠡᠴᠢᠯᠡᠬᠦ ᠶᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠣᠯᠭᠠᠨ ᠬᠤᠪᠢᠷᠠᠭᠤᠯᠵᠤ᠂ ᠨᠠᠮ ᠪᠣᠯᠤᠨ ᠠᠷᠠᠳ ᠲᠦᠮᠡᠨ ᠤ ︽ᠰᠡᠳᠬᠢᠯ ᠤᠨ ᠬᠤᠯᠪᠤᠭᠠᠰᠤ ᠬᠥᠭᠦᠷᠭᠡ︾ ᠶᠢ ᠴᠣᠭᠴᠠᠯᠠᠵᠠᠢ᠃ ᠤᠯᠠᠨ ᠲᠦᠮᠡᠨᠴᠢ ᠱᠤᠭᠤᠮ ᠪᠣᠯ ᠮᠠᠨ ᠤ ᠨᠠᠮ ᠤᠨ ᠠᠮᠢᠨ ᠰᠤᠳᠠᠰᠤ ᠪᠠ ᠦᠨᠳᠦᠰᠦᠨ ᠠᠵᠢᠯ ᠤᠨ ᠱᠤᠭᠤᠮ ᠮᠥᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠯᠠᠨ ᠲᠦᠮᠡᠨᠴᠢ ᠦᠵᠡᠯᠲᠡ᠂ ᠤᠯᠠᠨ ᠲᠦᠮᠡᠨᠴᠢ ᠱᠤᠭᠤᠮ ᠢ ᠦᠵᠡᠯ ᠰᠠᠨᠠᠭᠠᠨ ᠳᠠᠭᠠᠨ ᠭᠦᠨ ᠦᠨᠳᠦᠰᠦᠯᠡᠭᠦᠯᠵᠦ᠂ ᠦᠢᠯᠡ ᠠᠵᠢᠯᠯᠠᠭ᠎ᠠ ᠳᠠᠭᠠᠨ ᠪᠣᠳᠠᠲᠠᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠳᠤᠮᠳᠠ ᠣᠴᠢᠬᠤ᠂ ᠦᠢᠯᠡᠳᠦᠯᠭᠡ ᠶᠢᠨ ᠳᠤᠮᠳᠠ ᠣᠴᠢᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ ᠪᠤᠳᠤᠵᠤ ᠬᠦᠰᠡᠵᠦ ᠪᠠᠶᠢᠭ᠎ᠠ ᠵᠦᠢᠯ ᠢ ᠰᠣᠨᠣᠰᠴᠤ᠂ ᠨᠠᠮ ᠪᠣᠯᠤᠨ ᠠᠷᠠᠳ ᠤᠯᠠᠨ ᠤ ᠴᠢᠰᠤ ᠮᠢᠬᠠᠨ ᠤ ᠬᠠᠷᠢᠴᠠᠭ᠎ᠠ ᠶᠢ ᠢᠮᠠᠭᠲᠠ ᠪᠠᠲᠤᠯᠠᠬᠤ ᠬᠡᠷᠡᠭᠲᠡᠢ᠃  ᠠᠷᠠᠳ ᠲᠦᠮᠡᠨ ᠤ ᠲᠥᠯᠥᠭᠡ ᠠᠵᠢᠯ ᠶᠠᠪᠤᠳᠠᠯ ᠬᠢᠬᠦ᠂ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠠᠵᠢᠯ ᠤᠨ ᠪᠦᠲᠦᠮᠵᠢ ᠪᠤᠯᠭᠠᠬᠤ ᠬᠡᠷᠡᠭᠲᠡᠢ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢᠨ ᠵᠣᠷᠢᠯᠭ᠎ᠠ ᠪᠣᠯ ᠳᠠᠷᠤᠶ ᠠᠷᠠᠳ ᠲᠦᠮᠡᠨ ᠳᠤ ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠶᠤᠮ᠃ ᠲᠤᠬᠠᠢ ᠶᠢᠨ ᠵᠢᠯ ᠳᠤ᠂ ᠰᠢ ᠶᠢᠨ ᠫᠢᠩ ᠨᠥᠬᠦᠷ ᠰᠢᠶᠠ ᠳ᠋ᠠᠩ ᠲᠤᠰᠬᠤᠨ ᠳᠤ ᠭᠤᠷᠪᠠᠨᠳᠠ ᠪᠠᠭᠤᠵᠤ ᠶᠠᠳᠠᠭᠤ ᠬᠦᠴᠢᠷᠳᠡᠯᠲᠡᠢ ᠬᠥᠮᠦᠰ ᠢ ᠰᠤᠷᠪᠤᠯᠵᠢᠯᠠᠨ᠂ ᠲᠤᠬᠠᠢ ᠶᠢᠨ ᠲᠠᠯᠠᠪᠠᠢ ᠳᠤ ᠠᠯᠪᠠᠯᠠᠵᠤ᠂ ᠰᠢᠶᠠ ᠳ᠋ᠠᠩ ᠲᠣᠰᠬᠤᠨ ᠤ ᠵᠠᠰᠠᠮᠠᠯ ᠵᠠᠮ ᠪᠣᠯᠤᠨ ᠤᠰᠤ ᠴᠠᠬᠢᠯᠭᠠᠨ ᠤ ᠪᠦᠳᠦᠭᠡᠨ ᠪᠠᠶᠢᠭᠤᠯᠤᠯᠲᠠ᠂ ᠰᠢᠶᠠ ᠫᠢᠩ ᠹᠧᠩ ᠲᠣᠰᠬᠤᠨ ᠤ ᠭᠠᠮᠰᠢᠭ ᠤᠨ ᠳᠠᠷᠠᠭᠠᠬᠢ ᠲᠠᠬᠢᠨ ᠪᠦᠳᠦᠭᠡᠨ ᠪᠠᠶᠢᠭᠤᠯᠤᠯᠲᠠ ᠵᠡᠷᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠲᠤᠬᠠᠢ ᠶᠢᠨ ᠭᠠᠵᠠᠷ ᠤᠨ ᠤᠯᠠᠨ ᠲᠦᠮᠡᠨ ᠳᠤ ᠪᠤᠶᠠᠨ ᠦᠢᠯᠡᠳᠴᠡᠢ᠃ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠪᠣᠯ ᠭᠤᠣᠯ ᠰᠡᠳᠦᠪᠲᠦ ᠬᠥᠮᠦᠵᠢᠯ ᠤᠨ ᠬᠥᠮᠦᠰ ᠤᠨ ᠰᠡᠳᠬᠢᠯ ᠢ ᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠶᠢᠨ ᠪᠦᠲᠦᠮᠵᠢᠲᠡᠢ ᠪᠠᠲᠤᠯᠠᠭ᠎ᠠ ᠮᠥᠨ᠃       ᠰᠢᠨ᠎ᠡ ᠠᠶᠠᠨ ᠵᠠᠮ ᠳᠤ᠂ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠤᠢ ᠪᠣᠯᠭᠠᠵᠤ᠂ ᠬᠥᠭᠵᠢᠯᠲᠡ ᠶᠢᠨ ᠬᠡᠷᠡᠭᠴᠡᠭᠡ᠂ ᠥᠭᠡᠷᠡᠴᠢᠯᠡᠯᠲᠡ ᠶᠢᠨ ᠪᠠᠴᠢᠮ ᠱᠠᠭᠠᠷᠳᠠᠯᠭ᠎ᠠ᠂ ᠦᠨᠳᠦᠰᠦᠨ ᠱᠠᠲᠤᠨ ᠤ ᠬᠦᠰᠡᠯ ᠡᠷᠡᠮᠡᠯᠵᠡᠯ᠂ ᠠᠷᠠᠳ ᠤᠨ ᠰᠡᠳᠬᠢᠯ ᠤᠨ ᠬᠠᠨᠳᠤᠰᠢ ᠶᠢᠨ ᠲᠤᠪᠤᠶᠢᠮ᠎ᠠ ᠠᠰᠠᠭᠤᠳᠠᠯ ᠢ ᠴᠢᠩᠭ᠎ᠠ ᠡᠵᠡᠮᠳᠡᠵᠦ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠶᠢᠳᠠᠨ ᠬᠥᠮᠦᠵᠢᠭᠦᠯᠬᠦ᠂ ᠨᠠᠰᠤᠵᠢᠯ᠂ ᠣᠷᠣᠨ ᠰᠠᠭᠤᠴᠠ ᠵᠡᠷᠭᠡ ᠲᠠᠯ᠎ᠠ ᠶᠢᠨ ᠤᠯᠠᠨ ᠲᠦᠮᠡᠨ ᠤ ᠪᠠᠴᠢᠮᠳᠠᠨ ᠬᠦᠴᠢᠷᠲᠡᠵᠦ ᠵᠤᠪᠠᠨᠢᠨ ᠬᠦᠰᠡᠵᠦ ᠪᠠᠶᠢᠭ᠎ᠠ ᠠᠰᠠᠭᠤᠳᠠᠯ ᠢ ᠠᠳᠬᠤᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠠᠵᠢᠯ ᠢ ᠦᠨᠡᠨ ᠬᠦ ᠤᠯᠠᠨ ᠲᠦᠮᠡᠨ ᠰᠡᠳᠬᠢᠯ ᠬᠠᠨᠤᠮᠵᠢᠳᠠᠢ ᠪᠤᠯᠳᠠᠯ᠎ᠠ ᠬᠢᠭᠦ ᠬᠡᠷᠡᠭᠲᠡᠢ᠃  ᠦᠨᠳᠦᠰᠦᠨ ᠱᠠᠳᠤ ᠪᠣᠯ ᠨᠠᠮ ᠤᠨ ᠲᠦᠷᠦ ᠪᠠᠷᠢᠬᠤ ᠰᠠᠭᠤᠷᠢ᠂ ᠬᠦᠴᠦᠨ ᠴᠢᠳᠠᠯ ᠤᠨ ᠡᠬᠢ ᠰᠤᠷᠪᠤᠯᠵᠢ ᠮᠥᠨ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠨᠢ ᠦᠢᠯᠡᠳᠦᠯᠭᠡ ᠶᠢᠨ ᠳᠤᠮᠳᠠ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠶᠠᠪᠤᠬᠤ ᠲᠤᠳᠤᠮ ᠰᠢᠨᠡᠳᠴᠦ ᠪᠠᠶᠢᠭ᠎ᠠ ᠴᠠᠭ ᠦᠶ᠎ᠡ ᠶᠢᠨ ᠦᠷᠳᠡᠭ ᠪᠣᠯᠤᠨ ᠦᠢᠯᠡᠳᠦᠯᠭᠡ ᠶᠢᠨ ᠠᠴᠢ ᠬᠤᠯᠪᠣᠭᠳᠠᠯ ᠢ ᠢᠯᠡᠷᠡᠭᠦᠯᠪᠡ᠃ ᠰᠢᠨ᠎ᠡ ᠠᠶᠠᠨ ᠵᠠᠮ ᠳᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠰᠤᠷᠲᠠᠯ ᠢ ᠤᠯᠠᠮᠵᠢᠯᠠᠨ ᠪᠠᠳᠠᠷᠠᠭᠤᠯᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠠᠷᠠᠳ ᠲᠦᠮᠡᠨ ᠤ ᠵᠣᠭᠰᠣᠯᠲᠠ᠂ ᠠᠷᠠᠳᠴᠢ ᠰᠡᠳᠬᠢᠯᠭᠡ᠂ ᠤᠳᠤᠷᠢᠳᠬᠤ ᠠᠷᠭ᠎ᠠ᠂ ᠦᠵᠡᠯ ᠰᠠᠨᠠᠭᠠᠨ ᠤ ᠠᠷᠭ᠎ᠠ᠂ ᠠᠵᠢᠯ ᠤᠨ ᠠᠷᠭ᠎ᠠ ᠶᠢ ᠰᠢᠩᠭᠡᠭᠡᠨ ᠠᠪᠴᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠪᠠᠷ ᠴᠢᠷᠮᠠᠶᠢᠪᠠᠯ ᠯᠠᠪᠲᠠᠢ ᠤᠯᠤᠰ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ ᠴᠢᠳᠠᠨ᠎ᠠ᠃  
ᠢᠷᠡᠯᠲᠡ᠄ ᠠᠷᠠᠳ ᠤᠨ ᠮᠣᠩᠭᠤᠯ ᠰᠦᠯᠵᠢᠶ᠎ᠡ