ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯᠤᠨ ᠳᠦᠷᠦ ᠶᠢᠨ ᠪᠤᠳᠤᠯᠭ᠎ᠠ ᠶᠢᠨ ᠬᠠᠨᠳᠤᠰᠢ ᠶᠢ ᠣᠨᠣᠪᠴᠢᠲᠠᠢ ᠡᠵᠡᠮᠰᠢᠬᠦ ᠭᠡᠷᠡᠭᠳᠡᠢ
ᠨᠡᠶᠢᠲᠡᠯᠡᠭᠰᠡᠨ ᠴᠠᠭ᠄
2024/1/3
       — ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠦᠬᠦᠯᠡᠬᠦ ᠨᠢ                                              ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ       ᠢᠷᠡᠬᠦ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯᠤᠨ ᠲᠦᠷᠦ ᠶᠢᠨ ᠪᠤᠳᠤᠯᠭ᠎ᠠ ᠶᠢᠨ ᠬᠠᠨᠳᠤᠰᠢ ᠶᠢ ᠲᠣᠳᠣᠷᠬᠠᠢ ᠳᠤᠷᠠᠳᠴᠤ᠂ ︽ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠲᠣᠭᠲᠠᠭᠤᠨ ᠪᠠᠶᠢᠳᠠᠯ ᠢ ᠠᠬᠢᠭᠤᠯᠵᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ︾ ᠶᠢ ᠪᠠᠷᠢᠮᠲᠠᠯᠠᠵᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠠᠵᠢᠯᠯᠠᠭᠠᠨ ᠤ ᠵᠦᠭᠯᠡᠭᠦᠷ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃           ᠬᠥᠲᠥᠯᠪᠦᠷᠢ ᠶᠢ ᠠᠳᠬᠤᠪᠠᠯ ᠠᠯᠢᠪᠠ ᠪᠦᠬᠦᠨ ᠳᠠᠭᠠᠯᠳᠤᠨ ᠰᠢᠢᠳᠪᠦᠷᠢᠯᠡᠭᠳᠡᠨ᠎ᠡ᠂ ᠦᠨᠳᠦᠰᠦᠨ ᠵᠦᠢᠯ ᠢ ᠠᠳᠬᠤᠪᠠᠯ᠂ ᠪᠤᠰᠤᠳ ᠨᠠᠷᠢᠨ ᠵᠦᠢᠯᠡᠰ ᠠᠶᠠᠨᠳᠠᠭᠠᠨ ᠳᠠᠭᠠᠯᠳᠤᠨ ᠰᠢᠢᠳᠪᠦᠷᠢᠯᠡᠭᠳᠡᠨ᠎ᠡ᠃ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ  ᠪᠣᠯᠭᠠᠬᠤ︾ ᠶᠢ ᠲᠣᠳᠣᠷᠬᠠᠶᠢᠯᠠᠵᠤ᠂ ︽ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠶ︾ ᠭᠡᠵᠦ ᠴᠢᠬᠤᠯᠠᠴᠢᠯᠠᠵᠤ᠂ ︽ᠳᠣᠲᠣᠭᠠᠳᠤ ᠬᠡᠷᠡᠭᠴᠡᠭᠡ ᠶᠢ ᠨᠢᠭᠡᠳᠦᠯᠲᠡᠶ ᠲᠥᠯᠥᠪᠵᠢᠭᠦᠯᠦᠨ ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ ᠲᠥᠯᠥᠪᠵᠢᠭᠦᠯᠵᠦ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ ᠲᠦᠪᠰᠢᠨ ᠪᠥᠬᠦᠶ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠬᠦ ᠭᠡᠷᠡᠭᠳᠡᠢ︾ ᠭᠡᠵᠦ ᠵᠢᠭᠠᠵᠤ ᠭᠠᠷᠭᠠᠬᠰᠠᠨ ᠪᠦᠭᠡᠳ ︽ᠠᠵᠤ ᠠᠬᠤᠶ ᠶᠢᠨ ᠠᠮᠢᠵᠢᠷᠠᠯ ᠤᠨ ᠬᠦᠴᠦᠨ ᠢ ᠦᠨᠡᠨ ᠬᠦ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠬᠤ ᠬᠡᠷᠡᠭᠲᠡᠶ︾᠁ ᠭᠡᠵᠦ ᠱᠠᠭᠠᠷᠳᠠᠪᠠ᠃           ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠶᠡᠷᠦᠩᠬᠡᠢ ᠱᠠᠭᠠᠷᠳᠠᠯᠭ᠎ᠠ ᠳᠤᠷᠠᠳᠤᠭᠰᠠᠨ ᠨᠢ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶ᠎ᠠ ᠶᠢᠨ ᠣᠳᠣᠬᠠᠨ ᠤ ᠮᠠᠨ ᠤ ᠤᠯᠤᠰ ᠤᠨ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠬᠢᠭᠰᠡᠨ ᠪᠣᠯᠤᠨ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠨᠢᠭᠡᠳᠦᠯᠲᠡᠢ ᠲᠥᠯᠥᠪᠵᠢᠭᠦᠯᠭᠡ ᠬᠢᠭᠰᠡᠨ ᠢ ᠭᠦᠢᠴᠡᠳ ᠬᠠᠷᠠᠭᠤᠯᠵᠤ ᠪᠠᠶᠢᠨ᠎ᠠ᠂ ᠡᠨᠡ ᠨᠢ ᠳᠤᠮᠳᠠᠳᠤ ᠤᠯᠤᠰ ᠤᠨ ᠠᠵᠤ ᠠᠬᠤᠢ ᠶᠢᠨ ᠲᠤᠮᠤ ᠬᠥᠯᠭᠡ ᠣᠩᠭᠤᠴᠠ ᠳᠠᠪᠠᠯᠭᠠᠨ ᠢ ᠵᠦᠰᠦᠨ ᠤᠷᠤᠭᠰᠢᠯᠠᠵᠤ᠂ ᠠᠯᠤᠰ ᠢ ᠵᠣᠷᠢᠨ ᠯᠠᠪᠳᠠᠭᠤᠨ ᠢᠶᠠᠷ ᠤᠷᠤᠭᠰᠢᠯᠠᠬᠤ ᠴᠢᠬᠤᠯᠠ ᠵᠢᠯᠤᠭᠤᠳᠤᠯᠭ᠎ᠠ ᠪᠣᠯᠤᠨ᠎ᠠ᠃ ᠪᠢᠳᠡ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠷᠳᠤᠴᠠ ᠪᠣᠯᠤᠨ ᠶᠠᠰᠤ ᠴᠢᠨᠠᠷ᠂ ᠬᠤᠷᠸ᠎ᠠ ᠲᠤᠭ᠎ᠠ ᠪᠠᠷᠢᠮᠲᠠ ᠪᠣᠯᠤᠨ ᠬᠤᠮᠠᠬᠢ ᠲᠦᠷᠦᠭᠳᠡᠯ᠂ ᠠᠵᠤ ᠠᠬᠤᠢ ᠶᠢ ᠬᠥᠭᠵᠢᠭᠦᠯᠬᠦ ᠪᠣᠯᠤᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠭᠵᠢᠯᠲᠡ ᠪᠣᠯᠤᠨ ᠠᠮᠤᠷ ᠲᠦᠪᠰᠢᠨ ᠤ ᠬᠠᠷᠢᠴᠠᠭ᠎ᠠ ᠶᠢ ᠰᠠᠶᠢᠲᠤᠷ ᠡᠵᠡᠮᠰᠢᠬᠦ ᠪᠠ ᠰᠠᠶᠢᠲᠤᠷ ᠰᠢᠢᠳᠪᠦᠷᠢᠯᠡᠬᠦ ᠶᠢ ᠠᠩᠬᠠᠷᠴᠤ᠂ ᠠᠵᠤ ᠠᠬᠤᠢ ᠶᠢᠨ ᠰᠠᠶᠢᠵᠢᠷᠠᠬᠤ ᠬᠠᠨᠳᠤᠰᠢ ᠶᠢ ᠲᠠᠰᠤᠷᠠᠯᠳᠠ ᠦᠭᠡᠢ ᠪᠠᠬᠢᠵᠢᠭᠦᠯᠦᠨ ᠴᠢᠩᠭᠠᠳᠬᠠᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃           ᠲᠣᠭᠲᠠᠭᠤᠨ ᠤ ᠲᠤᠮᠳᠠ ᠤᠷᠤᠬᠰᠢᠯᠠᠨ ᠲᠠᠪᠰᠢᠬᠤ᠂ ᠤᠷᠤᠬᠰᠢᠯᠠᠨ ᠲᠠᠪᠰᠢᠬᠤ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠳᠠᠯᠠᠬᠤ ᠪᠣᠯ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶ᠎ᠠ ᠠᠴᠠ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠳᠤ ᠭᠦᠨᠵᠡᠭᠡᠢ ᠵᠠᠳᠠᠯᠤᠯᠲᠠ ᠬᠢᠵᠦ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠮᠥᠨ᠂ ᠡᠨᠡ ᠨᠢ ᠢᠯᠡ ᠲᠣᠳᠣ ᠠᠰᠠᠭᠤᠳᠠᠯ ᠤᠨ ᠤᠳᠤᠷᠢᠳᠤᠮᠵᠢ᠂ ᠬᠠᠷᠠᠯᠲᠠ ᠶᠢᠨ ᠤᠳᠤᠷᠢᠳᠤᠮᠵᠢ ᠶᠢ ᠢᠯᠡᠷᠡᠭᠦᠯᠵᠦ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠴᠢᠬᠤᠯᠠ ᠲᠠᠨᠢᠯᠲᠠ ᠶᠢᠨ ᠤᠨᠤᠯ ᠪᠠ ᠰᠢᠨᠵᠢᠯᠡᠬᠦ ᠤᠬᠠᠭᠠᠨᠴᠢ ᠠᠷᠭ᠎ᠠ ᠶᠢᠨ ᠤᠨᠤᠯ ᠢ ᠬᠠᠩᠭᠠᠪᠠ᠃ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠠᠴᠠ ︽ᠵᠢᠱᠢᠯᠲᠡ ᠶᠢ ᠲᠣᠭᠲᠠᠪᠤᠷᠢᠵᠢᠭᠤᠯᠬᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠠᠰᠢᠭᠲᠠᠶ ᠲᠥᠷᠥ ᠶᠢᠨ ᠪᠣᠳᠣᠯᠭ᠎ᠠ ᠶᠢ ᠢᠯᠡᠭᠦᠬᠡᠨ ᠭᠠᠷᠭᠠᠵᠤ᠂ ᠬᠡᠯᠪᠡᠷᠢ ᠶᠢ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠢᠳᠡᠪᠬᠢᠲᠡᠶ ᠤᠷᠤᠭᠰᠢᠯᠠᠨ ᠳᠡᠪᠰᠢᠬᠤ ᠬᠡᠷᠡᠭᠳᠡᠢ︾ ᠭᠡᠵᠦ ᠵᠢᠭᠠᠵᠤ ᠭᠠᠷᠭᠠᠪᠠ᠃ ︽ᠲᠤᠬᠳᠠᠭᠤᠨ ᠪᠠᠶᠢᠯᠭᠠᠬᠤ︾ ᠪᠠ ︽ᠤᠷᠤᠭᠰᠢᠯᠠᠨ ᠳᠡᠪᠰᠢᠬᠤ︾ ᠪᠣᠯ ᠬᠤᠪᠢᠰᠤᠩᠭᠤᠢ ᠨᠢᠭᠡᠳᠦᠯ ᠮᠥᠨ᠂ ᠲᠤᠬᠳᠠᠭᠤᠨ ᠪᠠᠶᠢᠯᠭᠠᠬᠤ ᠪᠣᠯ ᠶᠡᠭᠡ ᠲᠠᠯ᠎ᠠ ᠪᠠ ᠰᠠᠭᠤᠷᠢ ᠮᠥᠨ᠂ ᠤᠷᠤᠭᠰᠢᠯᠠᠨ ᠳᠡᠪᠰᠢᠬᠤ ᠪᠣᠯ ᠴᠢᠭᠯᠡᠯ ᠪᠠ ᠬᠥᠳᠡᠯᠭᠡᠬᠦ ᠬᠦᠴᠦᠨ ᠮᠥᠨ ᠭᠡᠳᠡᠭ ᠢ ᠡᠷᠬᠡᠪᠰᠢ ᠭᠦᠨᠵᠡᠭᠡᠢ ᠲᠠᠨᠢᠬᠤ ᠬᠡᠷᠡᠭᠲᠡᠢ᠃ ᠤᠯᠤᠰ ᠤᠨ ᠭᠠᠳᠠᠭᠠᠳᠤ ᠳᠣᠲᠣᠭᠠᠳᠤ ᠶᠢᠨ ᠣᠷᠴᠢᠨ ᠨᠥᠬᠦᠴᠡᠯ ᠳᠤ ᠭᠠᠷᠤᠭᠰᠠᠨ ᠬᠦᠨ ᠭᠦᠨᠵᠡᠭᠡᠢ ᠨᠠᠷᠢᠨ ᠪᠤᠳᠤᠯᠢᠶᠠᠨᠲᠠᠢ ᠬᠤᠪᠢᠷᠠᠯᠲᠠ ᠶᠢᠨ ᠡᠮᠦᠨ᠎ᠡ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠶᠢ ᠴᠢᠨᠠᠬᠰᠢᠳᠠ ᠠᠬᠢᠭᠤᠯᠬᠤ ᠳᠤ ᠢᠯᠠᠨ ᠳᠠᠪᠠᠭ᠋ᠤ ᠴᠢᠬᠤᠯᠠᠲᠠᠢ ᠵᠠᠷᠢᠮ ᠬᠦᠴᠢᠷᠳᠡᠯ ᠪᠠ ᠥᠷᠢᠰᠥᠯᠳᠦᠭᠡᠨ ᠤ ᠡᠮᠦᠨ᠎ᠡ᠂ ᠭᠠᠭᠴᠠ ᠬᠦ ᠲᠣᠭᠲᠠᠭᠤᠨ ᠤ ᠲᠤᠮᠳᠠ ᠤᠷᠤᠬᠰᠢᠯᠠᠨ ᠲᠠᠪᠰᠢᠬᠤ᠂ ᠤᠷᠤᠬᠰᠢᠯᠠᠨ ᠲᠠᠪᠰᠢᠬᠤ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠶᠡᠭᠡ ᠴᠢᠭᠯᠡᠯ ᠢ ᠲᠣᠭᠲᠠᠭᠤᠨ ᠪᠠᠶᠢᠯᠭᠠᠵᠤ᠂ ᠴᠢᠭᠯᠡᠯᠲᠡ ᠲᠦᠷᠦ ᠶᠢᠨ ᠪᠤᠳᠤᠯᠭ᠎ᠠ ᠶᠢ ᠲᠣᠭᠲᠠᠭᠤᠨ ᠪᠠᠶᠢᠯᠭᠠᠵᠤ᠂ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠣᠭᠲᠠᠭᠤᠨ ᠪᠠᠶᠢᠯᠭᠠᠵᠤ᠂ ᠦᠨᠳᠦᠰᠦ ᠰᠠᠭᠤᠷᠢ ᠶᠢ ᠪᠠᠲᠤ ᠰᠠᠬᠢᠵᠤ᠂ ᠯᠠᠪᠳᠠᠭᠤᠨ ᠪᠠᠲᠤᠲᠠᠢ ᠠᠵᠢᠯᠯᠠᠭᠰᠠᠨ ᠰᠠᠭᠤᠷᠢᠨ ᠳᠡᠭᠡᠷ᠎ᠡ ᠢᠳᠡᠪᠬᠢᠲᠡᠢ ᠤᠷᠤᠭᠰᠢᠯᠠᠨ ᠲᠠᠪᠰᠢᠵᠤ᠂ ᠪᠠᠶᠢᠭᠤᠯᠬᠤ ᠶᠣᠰᠣᠲᠠᠢ ᠶᠢ ᠨᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠪᠠᠶᠢᠭᠤᠯᠵᠤ᠂ ᠡᠪᠳᠡᠬᠦ ᠶᠣᠰᠣᠲᠠᠢ ᠶᠢ ᠨᠢ ᠪᠠᠶᠢᠭᠤᠯᠤᠭᠰᠠᠨ ᠰᠠᠭᠤᠷᠢᠨ ᠳᠡᠭᠡᠷ᠎ᠡ ᠡᠷᠡᠰ ᠰᠢᠭᠤᠷᠬᠠᠢ ᠡᠪᠳᠡᠪᠡᠯ ᠰᠠᠶ᠋ᠢ ᠲᠣᠭᠲᠠᠭᠤᠨ ᠤ ᠳᠤᠮᠳᠠ ᠰᠠᠶᠢᠵᠢᠷᠠᠬᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠳᠤᠮᠳᠠᠳᠤ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠲᠡᠶᠢᠰᠢ ᠲᠠᠰᠤᠷᠠᠯᠳᠠ ᠦᠭᠡᠢ ᠤᠷᠤᠭᠰᠢᠯᠠᠬᠤ ᠶᠢ ᠠᠬᠢᠭᠤᠯᠵᠤ ᠴᠢᠳᠠᠨ᠎ᠠ᠃           ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠠᠴᠠ᠄ ︽ᠬᠤᠷᠸ᠎ᠠ ᠲᠦᠷᠦ ᠶᠢᠨ ᠪᠤᠳᠤᠯᠭ᠎ᠠ ᠶᠢᠨ ᠦᠶᠡᠯᠡᠯ ᠦᠭᠰᠦᠬᠦ ᠪᠠ ᠦᠶᠡᠯᠡᠯ ᠠᠯᠤᠰᠯᠠᠨ ᠲᠤᠬᠢᠷᠠᠭᠤᠯᠬᠤ ᠶᠢ ᠴᠢᠩᠭᠠᠳᠬᠠᠵᠤ᠂ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠤᠳᠤᠯᠭ᠎ᠠ ᠪᠠ ᠵᠣᠭᠤᠰᠣᠨ ᠤ ᠲᠣᠭᠲᠠᠭᠤᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠦᠷᠦ ᠶᠢᠨ ᠪᠤᠳᠤᠯᠭ᠎ᠠ ᠶᠢᠨ ᠪᠠᠭᠠᠵᠢ ᠶᠢᠨ ᠰᠢᠨ᠎ᠡ ᠶᠢ ᠡᠭᠦᠳᠬᠦ ᠪᠠ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠢ︾ ᠭᠡᠵᠦ ᠲᠤᠷᠠᠳᠴᠠᠢ᠃ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠲᠦᠷᠦ ᠶᠢᠨ ᠪᠤᠳᠤᠯᠭ᠎ᠠ ᠶᠢᠨ ᠬᠠᠨᠳᠤᠰᠢ ᠮᠠᠰᠢ ᠲᠣᠳᠣᠷᠬᠠᠢ ᠪᠤᠯᠪᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠤᠳᠤᠯᠭ᠎ᠠ ᠶᠢᠨ ᠲᠠᠯ᠎ᠠ  ᠪᠠᠷ ᠵᠣᠬᠢᠰᠲᠠᠢ ᠬᠦᠴᠦᠯᠡᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠣᠷᠣᠨ ᠵᠠᠢ ᠶᠢ ᠰᠠᠶᠢᠲᠤᠷ ᠬᠡᠷᠡᠭᠯᠡᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠤᠯᠤᠰ ᠤᠨ  ᠴᠢᠬᠤᠯᠠ  ᠶᠡᠭᠡ  ᠪᠠᠶᠢᠯᠳᠤᠬᠤ ᠪᠤᠳᠤᠯᠭ᠎ᠠ ᠶᠢᠨ ᠡᠭᠦᠷᠭᠡ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠳᠬᠠᠵᠤ᠂ ᠪᠦᠲᠦᠴᠡ ᠶᠢᠨ ᠴᠢᠨᠠᠷᠲᠠᠢ ᠭᠠᠶᠢᠯᠢ ᠶᠢ ᠪᠠᠭᠠᠰᠬᠠᠵᠤ ᠰᠦᠢᠳᠬᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠬᠦ ᠦᠢᠯᠡᠰ ᠤᠨ ᠬᠥᠭᠵᠢᠯᠲᠡ ᠶᠢ ᠭᠤᠣᠯᠳᠠᠯᠭ᠎ᠠ ᠲᠠᠢ ᠳᠡᠮᠵᠢᠵᠦ᠂ ᠡᠳ᠋ ᠤᠨ ᠵᠠᠰᠠᠭ ᠤᠨ ᠦᠷᠭᠦᠯᠵᠢᠯᠡᠬᠦ ᠴᠢᠨᠠᠷ ᠢ ᠴᠢᠩᠭᠠᠳᠬᠠᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠵᠣᠭᠤᠰᠣᠨ ᠤ ᠲᠤᠬᠳᠠᠭᠤᠨ ᠲᠦᠷᠦ ᠶᠢᠨ ᠪᠤᠳᠤᠯᠭ᠎ᠠ ᠶᠢ ᠠᠮᠢᠳᠤᠯᠢᠭ ᠪᠥᠭᠡᠳ ᠵᠤᠬᠢᠰᠳᠠᠢ᠂ ᠤᠨᠤᠪᠴᠢᠳᠠᠢ ᠪᠥᠭᠡᠳ ᠪᠦᠲᠦᠮᠵᠢᠲᠡᠢ ᠪᠠᠶᠢᠯᠭᠠᠵᠦ᠂ ᠬᠦᠢᠯᠭᠡᠭᠡᠨ ᠤ ᠴᠢᠨᠠᠷ ᠢ ᠵᠦᠶ ᠵᠣᠬᠢᠰᠲᠠᠶ ᠪᠥᠭᠡᠳ ᠬᠦᠢᠴᠡᠳ ᠪᠠᠶᠢᠯᠭᠠᠵᠤ᠂ ᠵᠣᠭᠤᠰᠣᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠶᠡᠷᠦᠩᠬᠡᠶ ᠬᠡᠮᠵᠢᠶ᠎ᠡ ᠪᠠ ᠪᠦᠲᠦᠴᠡ ᠶᠢᠨ ᠳᠠᠪᠬᠤᠷ ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ᠂ ᠪᠠᠭ᠎ᠠ ᠵᠢᠵᠢᠭ ᠠᠵᠤ ᠠᠬᠤᠶᠢᠯᠠᠯ ᠳᠤ ᠨᠡᠶᠢᠳᠡᠮ ᠠᠰᠢᠭ ᠬᠦᠷᠲᠡᠭᠡᠬᠦ᠂ ᠲᠣᠭᠠᠴᠢᠯᠠᠭᠰᠠᠨ ᠠᠵᠤ ᠠᠬᠤᠶ ᠵᠡᠷᠭᠡ ᠲᠠᠯ᠎ᠠ ᠪᠠᠷ ᠬᠢ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠦ᠂ ᠨᠡᠶᠢᠭᠡᠮ ᠤᠨ ᠶᠡᠷᠦᠩᠬᠡᠶᠢᠯᠡᠭᠰᠡᠨ ᠪᠠᠯᠠ ᠮᠦᠡᠭᠭᠦ ᠴᠤᠬᠯᠠᠭᠤᠯᠬᠤ ᠥᠪᠡᠷ ᠤᠨ ᠥᠷᠲᠡᠭ ᠢ ᠲᠣᠭᠲᠠᠭᠤᠨ ᠤ ᠲᠤᠮᠳᠠ ᠪᠠᠭᠤᠷᠠᠭᠤᠯᠬᠤ ᠶᠢ ᠠᠬᠢᠭᠤᠯᠬᠤ ᠬᠡᠷᠡᠭᠳᠡᠢ᠃ ᠬᠤᠷᠸ᠎ᠠ ᠲᠦᠷᠦ ᠶᠢᠨ ᠪᠤᠳᠤᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠵᠦ᠂ ᠡᠳ᠋ ᠤᠨ ᠵᠠᠰᠠᠭ᠂ ᠵᠣᠭᠤᠰ᠂ ᠠᠵᠢᠯ ᠣᠯᠭᠤᠯᠲᠠ᠂ ᠠᠵᠤ ᠦᠢᠯᠡᠰ᠂ ᠣᠷᠣᠨ ᠪᠦᠰᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠣᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠲᠠᠯ᠎ᠠ ᠶᠢᠨ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠠᠵᠤ ᠠᠬᠤᠢ ᠶᠢᠨ ᠪᠤᠰᠤ ᠴᠢᠨᠠᠷᠲᠠᠢ ᠲᠦᠷᠦ ᠶᠢᠨ ᠪᠤᠳᠤᠯᠭ᠎ᠠ ᠶᠢ ᠬᠤᠷᠸ᠎ᠠ ᠲᠦᠷᠦ ᠶᠢᠨ ᠪᠤᠳᠤᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷᠲᠠᠢ ᠦᠨᠡᠯᠡᠨ ᠵᠢᠱᠢᠯᠲᠡ ᠳᠤ ᠣᠷᠣᠭᠤᠯᠵᠤ᠂ ᠲᠦᠷᠦ ᠶᠢᠨ ᠪᠤᠳᠤᠯᠭ᠎ᠠ ᠶᠢᠨ ᠨᠢᠭᠡᠳᠦᠯᠲᠡᠢ ᠲᠥᠯᠥᠪᠵᠢᠭᠦᠯᠭᠡ ᠶᠢ ᠴᠢᠩᠭᠠᠳᠬᠠᠵᠦ᠂ ᠲᠦᠷᠦ ᠶᠢᠨ ᠪᠤᠳᠤᠯᠭ᠎ᠠ ᠶᠢ ᠭᠡᠷᠡᠭᠵᠢᠬᠦᠯᠬᠦ ᠲᠠᠯ᠎ᠠ ᠪᠠᠷ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ᠂ ᠬᠠᠮ ᠦᠢᠯᠡᠳᠦᠯ ᠦᠵᠡᠬᠦᠯᠬᠦ ᠶᠢ ᠥᠷᠭᠡᠳᠬᠡᠬᠦ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠨᠥᠭᠡᠴᠡᠯᠡᠯ ᠤᠨ ᠲᠠᠯ᠎ᠠ ᠪᠠᠷ ᠤᠷᠢᠳᠴᠢᠯᠠᠭᠰᠠᠨ ᠬᠡᠮᠵᠢᠶ᠎ᠡ ᠶᠢ ᠰᠠᠶᠢᠲᠤᠷ ᠬᠢᠵᠦ᠂ ᠢᠯᠡᠭᠦᠴᠡ ᠬᠡᠮᠵᠢᠶ᠎ᠡ ᠶᠢ ᠦᠯᠡᠳᠡᠵᠦ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠦᠨᠡᠯᠡᠬᠦ ᠲᠠᠯ᠎ᠠ ᠪᠠᠷ ᠪᠦᠲᠦᠮᠵᠢᠲᠡᠶ ᠴᠢᠨᠠᠷ ᠢ ᠴᠢᠬᠤᠯᠠᠴᠢᠯᠠᠨ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠵᠦ᠂ ᠠᠳᠠᠯᠢ ᠴᠢᠭᠯᠡᠯ ᠢᠶᠠᠷ ᠬᠦᠴᠦᠯᠡᠨ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠦᠨᠡᠨ ᠬᠦ ᠪᠠᠲᠤᠯᠠᠵᠤ᠂ ᠬᠤᠷᠸ᠎ᠠ ᠲᠥᠷᠥ ᠶᠢᠨ ᠪᠣᠳᠣᠯᠭ᠎ᠠ ᠪᠠᠷ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠳᠡᠢ᠃ ᠮᠠᠨ ᠤ ᠤᠯᠤᠰ ᠤᠨ ᠠᠵᠤ ᠠᠬᠤᠶ ᠶᠢᠨ ᠰᠡᠷᠭᠦᠨ ᠰᠠᠶᠢᠵᠢᠷᠠᠬᠤ᠂ ᠣᠷᠳᠣ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ ᠬᠤᠪᠢᠷᠠᠭ᠎ᠠ ᠦᠭᠡᠢ᠂ ᠢᠲᠡᠭᠡᠯ ᠵᠣᠷᠢᠭ ᠪᠠ ᠢᠲᠡᠭᠡᠯ ᠬᠦᠴᠦᠨ ᠢᠶᠠᠨ ᠴᠢᠩᠭᠠᠷᠠᠭᠤᠯᠵᠦ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠵᠤ᠂ ᠠᠵᠤ ᠠᠬᠤᠶ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠵᠢᠯᠣᠭᠤᠳᠣᠯᠭ᠎ᠠ ᠶᠢ ᠴᠢᠩᠭᠠᠳᠬᠠᠵᠤ᠂ ᠣᠮᠤᠭ ᠲᠡᠭᠦᠯᠳᠡᠷ ᠢᠶᠠᠷ ᠳᠤᠮᠳᠠᠳᠤ ᠤᠯᠤᠰ ᠤᠨ ᠠᠵᠤ ᠠᠬᠤᠶ ᠶᠢᠨ ᠬᠡᠭᠡᠨ ᠰᠠᠷᠠᠭᠤᠯ ᠣᠨᠣᠯ ᠢ ᠴᠤᠤᠷᠢᠶᠠᠲᠤᠭᠤᠯᠬᠤ ᠬᠡᠷᠡᠭᠲᠡᠶ᠃           ᠵᠠᠭᠤᠨ ᠣᠩᠭᠤᠴᠠ ᠡᠷᠡᠯᠬᠡᠭᠯᠡᠨ ᠤᠷᠤᠭᠰᠢᠯᠠᠵᠤ᠂ ᠲᠦᠮᠡᠨ ᠭᠠᠵᠠᠷ ᠤᠨ ᠰᠢᠨ᠎ᠡ ᠠᠶᠠᠨ ᠢᠶᠠᠨ ᠡᠬᠢᠯᠡᠭᠦᠯᠦᠨ᠎ᠡ᠃ ᠡᠭᠦᠷᠭᠡ ᠬᠡᠳᠦᠢ ᠬᠠᠲᠠᠭᠤ ᠪᠡᠷᠬᠡ᠂ ᠥᠷᠢᠰᠥᠯᠳᠦᠭᠡᠨ ᠬᠡᠳᠦᠢ ᠬᠦᠨᠳᠦ ᠬᠡᠴᠡᠭᠦᠦ ᠪᠣᠯᠬᠤ ᠲᠤᠳᠤᠮ ᠲᠡᠳᠦᠢ ᠴᠠᠭ ᠦᠶ᠎ᠡ ᠪᠣᠯᠤᠨ ᠪᠠᠶᠢᠳᠠᠯ ᠢ ᠨᠠᠷᠢᠨ ᠠᠵᠢᠭᠯᠠᠵᠤ᠂ ᠲᠣᠭᠲᠠᠭᠤᠨ ᠪᠠᠶᠢᠯᠭᠠᠬᠤ ᠪᠠ ᠤᠷᠤᠭᠰᠢᠯᠠᠨ ᠲᠠᠪᠰᠢᠬᠤ ᠶᠢ ᠡᠵᠡᠮᠳᠡᠬᠦ ᠬᠡᠷᠡᠭᠲᠡᠢ᠃ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠢᠷᠡᠬᠦ ᠵᠢᠯ ᠤᠨ ᠠᠵᠤ ᠠᠬᠤᠶ ᠶᠢᠨ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯᠤᠨ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠣᠨᠣᠪᠴᠢᠲᠠᠶ ᠡᠵᠡᠮᠰᠢᠵᠦ᠂ ᠯᠠᠪᠳᠠᠭᠤᠨ ᠪᠠᠲᠤᠲᠠᠶ ᠠᠵᠢᠯᠯᠠᠵᠤ᠂ ᠴᠢᠳᠠᠮᠠᠭᠠᠶ ᠠᠵᠢᠯᠯᠠᠵᠤ ᠴᠢᠳᠠᠮᠠᠭᠠᠶ ᠪᠦᠲᠦᠭᠡᠵᠦ᠂ ᠨᠠᠩ ᠢᠯᠡᠭᠦᠦ ᠬᠦᠴᠦᠯᠡᠨ ᠴᠢᠷᠮᠠᠶᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠯ᠎ᠡ ᠵᠦᠢᠯ ᠤᠨ ᠠᠵᠢᠯ ᠢᠶᠠᠨ ᠠᠬᠢᠭᠤᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠵᠦ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠬᠦ ᠢᠲᠡᠭᠡᠯ ᠵᠤᠷᠢᠭ᠂ ᠢᠳᠡ ᠬᠦᠴᠦᠨ᠂ ᠴᠢᠳᠠᠪᠤᠷᠢ ᠪᠢᠳᠡᠨ ᠳᠤ ᠪᠦᠷᠢᠨ ᠪᠠᠶᠢᠨ᠎ᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ