ᠲᠡᠷᠡ ᠶᠤᠰᠤᠭᠠᠷ ᠨᠢ ᠨᠠᠶᠢᠳᠠᠪᠤᠷᠢᠵᠢᠭᠤᠯᠤᠯᠳᠠ ᠶᠢ ᠠᠳᠬᠤᠰᠤᠭᠠᠢ
ᠨᠡᠶᠢᠲᠡᠯᠡᠭᠰᠡᠨ ᠴᠠᠭ᠄
2024/1/3
                                                                       ᠵᠦᠡᠭ ᠶᠢᠨ       ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠦᠨᠳᠦᠰᠦᠨ ᠪᠤᠳᠤᠯᠭ᠎ᠠ ᠴᠢᠭᠯᠡᠯᠲᠡ ᠶᠢ ᠨᠢᠭᠡᠨᠲᠡ ᠲᠤᠬᠳᠠᠭᠠᠵᠠᠢ᠂ ᠵᠠᠩᠭᠢᠯᠠᠭ᠎ᠠ ᠨᠢ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠳᠤ ᠪᠠᠶᠢᠨ᠎ᠠ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠨᠠᠶᠢᠳᠠᠪᠤᠷᠢᠵᠢᠭᠤᠯᠤᠯᠲᠠ ᠶᠢ ᠠᠳᠬᠤᠬᠤ ᠶᠢᠨ ᠲᠣᠭᠤᠷᠢᠨ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ︽ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ︾᠂  ︽ᠪᠤᠰᠢᠭᠤ ᠱᠠᠯᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ︾᠂ ︽ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ︾᠂ ︽ᠵᠣᠷᠢᠭᠲᠠᠢ ᠬᠢᠵᠦ ᠴᠢᠳᠠᠮᠠᠭᠠᠢ ᠬᠢᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ︾ ᠭᠡᠵᠦ ᠴᠢᠬᠤᠯᠠᠴᠢᠯᠠᠪᠠ᠂ ᠡᠨᠡ ᠨᠢ ᠠᠵᠤ ᠠᠬᠤᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠴᠢᠨᠠᠷ  ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠳᠤ ᠴᠢᠬᠤᠯᠠ ᠠᠷᠭ᠎ᠠ ᠶᠢᠨ ᠵᠢᠯᠤᠭᠤᠳᠤᠯᠭ᠎ᠠ ᠬᠠᠩᠭᠠᠭᠰᠠᠨ ᠪᠥᠭᠡᠳ ᠪᠠᠰᠠ ᠪᠢᠳᠡᠨ ᠤ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠭᠠᠨ ᠰᠢᠨ᠎ᠡ ᠲᠡᠦᠬᠡ ᠶᠢᠨ ᠠᠭᠤᠤ ᠦᠢᠯᠡᠰ ᠢ ᠡᠭᠦᠳᠬᠦ ᠳᠤ ᠴᠢᠷᠮᠠᠶᠢᠬᠤ ᠴᠢᠭᠯᠡᠯ ᠢ ᠲᠣᠳᠣᠷᠬᠠᠢ ᠵᠢᠭᠠᠵᠤ ᠥᠭᠴᠡᠢ᠃            ᠦᠵᠦ ᠲᠥᠯᠥᠪᠯᠡᠭᠡ ᠶᠢᠨ ᠲᠠᠯ᠎ᠠ ᠪᠠᠷ ᠬᠢ ᠰᠢᠨᠵᠢᠯᠡᠬᠦ ᠤᠬᠠᠭᠠᠨᠴᠢ ᠪᠠᠶᠢᠷᠢᠯᠠᠭᠤᠯᠤᠯᠲᠠ ᠪᠠᠶᠢᠬᠤ ᠮᠥᠷᠲᠡᠭᠡᠨ ᠪᠠᠰᠠ ᠨᠠᠶᠢᠳᠠᠪᠤᠷᠢᠵᠢᠭᠤᠯᠤᠯᠲᠠ ᠶᠢ ᠠᠳᠬᠤᠬᠤ ᠢᠵᠢ ᠪᠦᠷᠢᠨ ᠲᠦᠷᠢᠮ ᠲᠣᠭᠲᠠᠴᠠ ᠪᠠᠶᠢᠬᠤ ᠪᠣᠯ ᠮᠠᠨ ᠤ ᠨᠠᠮ ᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠴᠢᠬᠤᠯᠠ ᠳᠠᠪᠠᠭᠤᠯᠢᠭ ᠪᠣᠯᠤᠨ᠎ᠠ᠃ ᠰᠢᠨ᠎ᠡ ᠴᠠᠭ ᠦᠶ᠎ᠡ ᠠᠴᠠ ᠨᠠᠭᠠᠰᠢ᠂ ᠮᠠᠨ ᠤ ᠨᠠᠮ ᠲᠦᠭ ᠲᠦᠮᠡᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠤᠷᠳᠤ ᠬᠤᠭᠤᠴᠠᠭ᠎ᠠ ᠪᠠᠷ ᠰᠢᠢᠳᠪᠦᠷᠢᠯᠡᠵᠦ ᠳᠡᠶᠢᠯᠦᠭᠡᠳᠦᠢ ᠪᠠᠶᠢᠭᠰᠠᠨ ᠮᠠᠰᠢ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠯᠤᠰ ᠬᠡᠳᠤ ᠳᠤ ᠬᠤᠯᠪᠣᠭᠳᠠᠬᠤ ᠮᠠᠰᠢ ᠤᠯᠠᠨ ᠶᠡᠭᠡ ᠶᠠᠪᠤᠳᠠᠯ ᠴᠢᠬᠤᠯᠠ ᠶᠠᠪᠤᠳᠠᠯ ᠢ ᠪᠦᠲᠦᠭᠡᠵᠦ ᠴᠢᠳᠠᠭᠰᠠᠨ ᠤ ᠨᠢᠭᠡᠨ ᠲᠦᠢᠯ ᠤᠨ ᠴᠢᠬᠤᠯᠠ ᠲᠠᠯ᠎ᠠ ᠨᠢ ᠳᠠᠷᠤᠢ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠪᠠᠶᠢᠷᠢᠯᠠᠭᠤᠯᠤᠯᠲᠠ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠱᠠᠯᠠᠪᠳᠠᠭᠤᠯᠤᠨ ᠪᠠᠶᠢᠴᠠᠭᠠᠬᠤ ᠶᠢ ᠠᠳᠬᠤᠵᠤ᠂ ᠪᠦᠷᠢᠨ ᠢᠯᠠᠯᠲᠠ ᠤᠯᠬᠤ ᠦᠭᠡᠢ ᠪᠣᠯ ᠶᠠᠭᠠᠬᠢᠭᠰᠠᠨ ᠴᠤ ᠴᠡᠷᠢᠭ ᠢᠶᠠᠨ ᠲᠠᠲᠠᠵᠤ ᠦᠭᠡᠢ ᠪᠠᠶᠢᠬᠤ ᠳᠤ ᠪᠤᠢ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠭᠡᠭᠵᠢᠭᠦᠯᠭᠦ ᠪᠠᠶᠢᠭᠤᠯᠤᠯᠳᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠠᠤᠭ᠎ᠠ ᠲᠥᠰᠦᠪ ᠢ ᠵᠢᠷᠤᠭᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠣᠳᠣᠷᠬᠠᠶᠢᠯᠠᠪᠠ᠃ ᠣᠳᠣᠬᠠᠨ ᠳᠤ ᠮᠠᠨ ᠤ ᠤᠯᠤᠰ ᠤᠨ ᠬᠥᠭᠵᠢᠯᠲᠡ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠪᠠ ᠠᠶᠤᠯ ᠲᠦᠭᠰᠢᠭᠦᠷᠢ ᠥᠷᠢᠰᠥᠯᠳᠦᠭᠡᠨ ᠵᠡᠷᠭᠡ ᠪᠠᠷ ᠤᠷᠤᠰᠢᠬᠤ᠂ ᠵᠢᠱᠢᠬᠦᠶ᠎ᠡ ᠪᠡᠷᠬᠡ ᠬᠦᠴᠦᠨ ᠵᠦᠢᠯ ᠨᠡᠮᠡᠭᠳᠡᠵᠦ ᠪᠠᠶᠢᠭ᠎ᠠ ᠴᠠᠭ ᠦᠶ᠎ᠡ ᠳᠤ ᠣᠷᠣᠭᠠᠳ ᠪᠠᠶᠢᠨ᠎ᠠ᠃ ᠪᠠᠶᠢᠳᠠᠯ ᠪᠤᠳᠤᠯᠢᠶᠠᠨᠲᠠᠢ ᠪᠣᠯᠬᠤ ᠲᠤᠳᠤᠮ᠂ ᠡᠭᠦᠷᠭᠡ ᠬᠠᠲᠠᠭᠤ ᠪᠡᠷᠬᠡ ᠪᠣᠯᠬᠤ ᠲᠤᠳᠤᠮ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢᠨ ᠤᠯᠤᠰ ᠲᠦᠷᠦ ᠶᠢᠨ ᠳᠠᠪᠠᠭᠤᠯᠢᠭ ᠪᠣᠯᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠤᠯᠠᠮ ᠪᠠᠳᠠᠷᠠᠭᠤᠯᠵᠤ᠂ ᠨᠠᠮ ᠤᠨ ᠤᠳᠤᠷᠢᠳᠤᠯᠭ᠎ᠠ ᠳᠣᠣᠷ᠎ᠠ ᠪᠦᠯᠬᠦᠮᠳᠡᠨ ᠨᠢᠭᠡᠳᠴᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠲᠡᠢ᠃            ︽ᠵᠥᠪ ᠠᠷᠭ᠎ᠠ ᠶᠢ ᠰᠣᠩᠭᠤᠵᠤ ᠠᠵᠢᠯ ᠢᠶᠠᠨ ᠰᠠᠶᠢᠲᠤᠷ ᠬᠢᠬᠦ ᠶᠢᠨ ᠨᠢᠭᠡᠨ ᠮᠠᠰᠢ ᠭᠦᠨ ᠲᠦᠷᠦᠭᠳᠡᠯ ᠪᠣᠯ ᠳᠠᠷᠤᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠠᠪᠤᠳᠠᠯ ᠪᠣᠯᠤᠨ᠎ᠠ︾᠃ ᠶᠡᠷᠦᠩᠬᠡᠢ ᠱᠦᠵᠢ ᠰᠢ ᠶᠢᠨ ᠫᠢᠩ ᠵᠠᠷᠢᠮ ᠤᠳᠤᠷᠢᠳᠬᠤ ᠺᠠᠳ᠋ᠷ ᠤᠨ ᠪᠣᠳᠠᠲᠠᠢ ᠲᠦᠷᠦᠭᠳᠡᠯ ᠢ ᠣᠨᠴᠠᠭᠠᠶᠢᠯᠠᠨ ᠶᠠᠷᠢᠵᠤ᠂ ︽ᠠᠵᠤ ᠠᠬᠤᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠨᠢ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠤᠶᠢᠯᠠᠭᠠᠨ ᠡᠵᠡᠮᠰᠢᠭᠦ ᠶᠢ ᠱᠠᠭᠠᠷᠳᠠᠵᠤ ᠪᠠᠶᠢᠨ᠎ᠠ︾ ᠭᠡᠵᠦ ᠴᠢᠬᠤᠯᠠᠴᠢᠯᠠᠪᠠ᠃ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠡᠩ ᠲᠡᠷᠢᠭᠦᠨ ᠳᠤ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠡᠵᠡᠮᠳᠡᠬᠦ ᠳᠡᠭᠡᠷ᠎ᠡ ᠬᠦᠴᠦ ᠲᠠᠯᠪᠢᠵᠤ᠂ ︽ᠤᠯᠤᠰ ᠤᠨ ᠲᠤᠮᠤ ᠶᠠᠪᠤᠳᠠᠯ︾ ᠢ ᠲᠤᠤᠱᠳᠠᠢ ᠣᠶᠢᠯᠠᠭᠠᠵᠤ᠂ ᠶᠠᠭᠤ ᠪᠤᠯᠬᠤ᠂ ᠶᠠᠭᠤ ᠬᠢᠬᠦ᠂ ᠶᠠᠭᠠᠬᠢᠵᠤ ᠬᠢᠭᠦ ᠲᠤᠬᠠᠢ ᠬᠡᠬᠦᠳᠡᠭ ᠴᠡᠭᠡᠵᠢᠨ ᠳᠡᠭᠡᠨ ᠲᠤᠳᠤ ᠮᠡᠳᠡᠵᠦ᠂ ᠨᠠᠮ ᠤᠨ ᠲᠥᠪ ᠬᠤᠷᠢᠶᠠᠨ ᠤ ᠦᠨᠳᠦᠰᠦᠨ ᠪᠤᠳᠤᠯᠭ᠎ᠠ ᠴᠢᠭᠯᠡᠯᠲᠡ ᠪᠣᠯᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠲᠡᠦᠬᠡᠨ ᠯᠣᠭᠢᠭ᠂ ᠤᠨᠤᠯ ᠤᠨ ᠯᠣᠭᠢᠭ᠂ ᠦᠢᠯᠡᠳᠦᠯᠭᠡ ᠶᠢᠨ ᠯᠣᠭᠢᠭ ᠢ ᠭᠦᠨᠵᠡᠭᠡᠢ ᠣᠶᠢᠯᠠᠭᠠᠵᠤ᠂ ᠤᠴᠢᠷ ᠶᠠᠪᠤᠳᠠᠯ ᠢ ᠨᠢ ᠮᠡᠳᠡᠬᠦ ᠪᠠᠷ ᠪᠠᠷᠠᠬᠤ ᠦᠭᠡᠢ ᠨᠡᠩ ᠴᠤ ᠤᠴᠢᠷ ᠰᠢᠯᠲᠠᠭᠠᠨ ᠢ ᠨᠢ ᠮᠡᠳᠡᠬᠦ ᠪᠣᠯᠭᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠪᠠᠲᠤ ᠰᠠᠭᠤᠷᠢ ᠶᠢ ᠲᠠᠯᠪᠢᠬᠤ ᠬᠡᠷᠡᠭᠲᠡᠢ᠃ ᠠᠵᠤ ᠠᠬᠤᠢ ᠶᠢᠨ ᠠᠵᠢᠯ ᠪᠣᠯ ᠶᠡᠷᠦ ᠠᠴᠠ ᠬᠡᠶᠢᠰᠪᠦᠷᠢ᠂ ᠭᠠᠭᠴᠠᠭᠠᠷᠳᠠᠮᠠᠯ ᠪᠢᠰᠢ᠂ ᠬᠠᠷᠢᠨ ᠪᠣᠳᠠᠲᠠᠢ᠂ ᠬᠤᠯᠪᠤᠭ᠎ᠠ ᠲᠠᠢ ᠪᠠᠶᠢᠳᠠᠭ᠃ ᠭᠠᠭᠴᠠ ᠬᠦ ᠤᠯᠤᠰ ᠲᠦᠷᠦ ᠶᠢᠨ ᠦᠨᠳᠦᠷᠴᠡ ᠠᠴᠠ ᠦᠵᠡᠪᠡᠯ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠡᠩ ᠨᠡᠪᠲᠡᠷᠬᠡᠢ ᠣᠶᠢᠯᠠᠭᠠᠵᠤ ᠴᠢᠳᠠᠨ᠎ᠠ᠂ ᠠᠵᠢᠯᠯᠠᠵᠤ ᠡᠬᠢᠯᠡᠪᠡᠯ ᠰᠠᠶ᠋ᠢ ᠨᠡᠩ ᠶᠡᠭᠡ ᠤᠷᠢᠳᠴᠢᠯᠠᠨ ᠮᠡᠳᠡᠬᠦ ᠴᠢᠨᠠᠷ ᠪᠠ ᠰᠠᠨᠠᠭᠠᠴᠢᠯᠠᠭᠠᠲᠤ ᠴᠢᠨᠠᠷ ᠲᠠᠢ ᠪᠤᠯᠵᠤ ᠴᠢᠳᠠᠨ᠎ᠠ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ  ᠭᠦᠢᠴᠡᠳᠭᠡᠭᠦ  ᠴᠢᠳᠠᠪᠤᠷᠢ ᠪᠠᠨ  ᠲᠠᠰᠤᠷᠠᠯᠲᠠ  ᠦᠭᠡᠢ ᠳᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠠᠵᠢᠭᠯᠠᠬᠤ ᠪᠠ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠨᠠᠮ ᠤᠨ ᠲᠥᠪ ᠬᠤᠷᠢᠶᠠᠨ ᠤ ᠦᠨᠳᠦᠰᠦᠨ ᠪᠤᠳᠤᠯᠭ᠎ᠠ ᠴᠢᠭᠯᠡᠯᠲᠡ ᠶᠢ ᠦᠨᠡᠨ ᠬᠦ ᠨᠡᠪᠲᠡᠷᠬᠡᠢ ᠣᠶᠢᠯᠠᠭᠠᠵᠤ᠂ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠬᠤ ᠶᠢ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠲᠥᠯᠥᠪᠵᠢᠭᠦᠯᠬᠦ᠂ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠲᠣᠭᠲᠠᠭᠠᠬᠤ᠂ ᠴᠢᠬᠤᠯᠠ ᠶᠡᠭᠡ ᠡᠭᠦᠷᠭᠡ ᠶᠢ ᠪᠠᠶᠢᠷᠢᠯᠠᠭᠤᠯᠬᠤ᠂ ᠴᠢᠬᠤᠯᠠ ᠶᠡᠭᠡ ᠠᠵᠢᠯ ᠢ ᠠᠬᠢᠭᠤᠯᠬᠤ ᠦᠢᠯᠡᠳᠦᠯᠭᠡ ᠶᠢᠨ ᠳᠤᠮᠳᠠ ᠢᠯᠡᠷᠡᠭᠦᠯᠬᠦ ᠬᠡᠷᠡᠭᠲᠡᠢ᠃            ᠲᠡᠷᠡ ᠶᠤᠰᠤᠭᠠᠷ ᠨᠢ ᠨᠠᠶᠢᠳᠠᠪᠤᠷᠢᠵᠢᠭᠤᠯᠤᠯᠳᠠ ᠶᠢ ᠠᠳᠬᠤᠬᠤ ᠶᠢᠨ ᠵᠠᠩᠭᠢᠯᠠᠭ᠎ᠠ ᠨᠢ ᠤᠨᠤᠪᠴᠢᠳᠠᠢ  ᠠᠳᠬᠤᠵᠤ ᠨᠠᠶᠢᠳᠠᠪᠤᠷᠢᠵᠢᠭᠤᠯᠬᠤ ᠳᠤ ᠪᠠᠶᠢᠨ᠎ᠠ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠡᠯ᠎ᠡ ᠲᠠᠯ᠎ᠠ ᠳᠤ ᠬᠤᠯᠪᠣᠭᠳᠠᠵᠤ᠂ ᠲᠣᠭᠲᠠᠭᠠᠭᠰᠠᠨ ᠬᠠᠷᠠᠯᠲᠠ ᠡᠭᠦᠷᠭᠡ ᠳᠤ ᠤᠢᠢᠷ᠎ᠠ ᠶᠢᠨ ᠬᠤᠭᠤᠴᠠᠭᠠᠨ ᠤ ᠬᠢ ᠪᠤᠢ᠂ ᠳᠤᠮᠳᠠ ᠬᠤᠭᠤᠴᠠᠭᠠᠨ ᠤ ᠬᠢ ᠪᠤᠢ᠂ ᠤᠷᠳᠤ ᠬᠤᠭᠤᠴᠠᠭᠠᠨ ᠤ ᠬᠢ ᠴᠦ ᠪᠤᠢ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠪᠠᠯ ᠬᠡᠯᠪᠡᠶᠢᠵᠦ ᠦᠭᠡᠷᠡᠳᠦᠭᠦ ᠦᠭᠡᠢ ᠶᠤᠮ᠃ ᠵᠢᠱᠢᠶᠡᠯᠡᠪᠡᠯ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠣᠯ ᠨᠢᠭᠡᠨ ᠪᠦᠬᠦᠯᠢ ᠴᠣᠭᠴᠠ ᠮᠥᠨ᠂ ᠠᠵᠢᠯ ᠤᠨ ᠳᠤᠮᠳᠠ ᠪᠠᠨ ᠴᠥᠮ ᠠᠩᠬᠠᠷᠴᠤ᠂ ᠲᠡᠭᠦᠨ ᠢ ᠬᠠᠮᠵᠢᠯᠴᠠᠭᠤᠯᠤᠨ ᠬᠦᠴᠦᠯᠡᠭᠦᠯᠵᠦ᠂ ᠬᠠᠮᠳᠤᠷᠠᠯ  ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠂ ᠬᠦᠨᠳᠦ ᠬᠦᠡᠭᠭᠡᠨ ᠢ ᠨᠢ ᠲᠡᠩᠴᠡᠭᠦᠷᠢ ᠦᠭᠡᠢ ᠪᠠᠶᠢᠯᠭᠠᠵᠤ ᠪᠣᠯᠬᠤ ᠦᠭᠡᠢ᠂ ᠥᠷᠥᠭᠡᠰᠦᠭᠡᠯ ᠢᠶᠠᠷ ᠪᠦᠬᠦ ᠲᠠᠯ᠎ᠠ ᠶᠢ ᠬᠤᠷᠢᠶᠠᠩᠭᠤᠶᠢᠯᠠᠵᠤ ᠪᠣᠯᠬᠤ ᠦᠭᠡᠢ︔ ᠡᠯ᠎ᠡ ᠭᠠᠵᠠᠷ ᠣᠷᠣᠨ ᠲᠣᠰ ᠪᠡᠶ᠎ᠡ ᠶᠢᠨ ᠨᠥᠬᠦᠴᠡᠯ ᠪᠠ ᠪᠣᠯᠤᠯᠴᠠᠭ᠎ᠠ ᠪᠠᠨ ᠦᠨᠳᠦᠰᠦᠯᠡᠨ᠂ ᠰᠢᠨ᠎ᠡ ᠬᠥᠭᠵᠢᠯᠲᠡ ᠶᠢᠨ ᠤᠶᠢᠯᠠᠭᠠᠬᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠬᠤ ᠮᠥᠷᠲᠡᠭᠡᠨ ᠪᠠᠰᠠ ᠳᠤᠲᠠᠭᠤᠳᠠᠯ ᠪᠠ ᠪᠠᠭᠤᠷᠠᠶ ᠲᠠᠯ᠎ᠠ ᠪᠠᠨ ᠠᠳᠬᠤᠨ ᠭᠤᠤᠯᠳᠠᠯᠭ᠎ᠠ ᠲᠠᠢ ᠠᠬᠢᠭᠤᠯᠬᠤ ᠬᠡᠷᠡᠭᠲᠡᠶ᠂ ᠪᠣᠳᠠᠲᠠᠶ ᠠᠴᠠ ᠰᠠᠯᠤᠩᠭᠢᠷᠠᠨ ᠰᠤᠬᠤᠷ ᠪᠠᠯᠠᠢ ᠪᠠᠷ ᠠᠵᠢᠯᠯᠠᠵᠤ ᠪᠣᠯᠬᠤ ᠥᠬᠡᠶ᠂ ᠨᠠᠩ ᠴᠤ ᠠᠵᠢᠯ ᠤᠨ ᠠᠮᠵᠢᠯᠲᠠ ᠪᠦᠲᠦᠮᠵᠢ ᠭᠠᠷᠭᠠᠬᠤ ᠶᠢᠨ ᠲᠥᠯᠥᠭᠡ ᠨᠥᠬᠦᠴᠡᠯ ᠢ ᠬᠠᠮᠢᠶᠠᠷᠬᠤ ᠥᠬᠡᠶ ᠪᠠᠷ ᠶᠠᠭᠤ ᠶᠢ ᠴᠤ ᠬᠢᠬᠦ ᠭᠡᠵᠦ ᠪᠤᠳᠤᠵᠤ ᠪᠣᠯᠬᠤ ᠥᠬᠡᠶ᠃ ᠪᠠᠰᠠ ᠵᠢᠱᠢᠶᠡᠯᠡᠪᠡᠯ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠬᠴᠠᠵᠢᠬᠰᠡᠨ ᠬᠥᠭᠵᠢᠯᠲᠡ ᠶᠢ ᠭᠦᠨᠵᠡᠭᠡᠢ ᠠᠬᠢᠭᠤᠯᠬᠤ ᠳᠤ᠂ ᠨᠢᠭᠡ ᠴᠤᠬᠴᠠᠵᠢᠯᠳᠠ ᠪᠠ ᠴᠢᠨᠠᠷ ᠰᠠᠶᠢᠲᠠᠢ ᠭᠡᠬᠦ ᠬᠤᠶᠠᠷ ᠵᠠᠩᠭᠢᠯᠠᠭ᠎ᠠ ᠶᠢᠨ ᠦᠭᠡ ᠶᠢ ᠴᠢᠩᠭ᠎ᠠ ᠡᠵᠡᠮᠳᠡᠵᠦ᠂ ᠨᠢᠭᠡ ᠴᠤᠬᠴᠠᠵᠢᠯᠳᠠ ᠶᠢᠨ ᠰᠡᠳᠬᠢᠮᠵᠢ ᠪᠠ ᠠᠷᠭ᠎ᠠ ᠬᠡᠮᠵᠢᠶ᠎ᠡ ᠪᠠᠷ ᠵᠠᠰᠠᠭ ᠵᠠᠬᠢᠷᠭᠠᠨ ᠤ ᠬᠤᠷᠢᠭ᠎ᠠ ᠪᠠᠬᠢᠯᠡᠯᠲᠡ ᠶᠢ ᠡᠪᠳᠡᠵᠦ᠂ ᠲᠦᠷᠦ ᠶᠢᠨ ᠪᠤᠳᠤᠯᠭ᠎ᠠ ᠶᠢᠨ ᠬᠠᠮᠵᠢᠯᠴᠠᠭ᠎ᠠ ᠶᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠠᠶᠠᠨ ᠵᠠᠮ ᠳᠤ᠂ ᠪᠢᠳᠡ ᠨᠠᠮ ᠤᠨ ᠣᠨᠣᠯ ᠪᠠ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠡᠷᠡᠰ ᠲᠤᠤᠱᠯᠠᠭᠤᠯᠤᠨ ᠬᠡᠷᠡᠭᠵᠢᠭᠦᠯᠵᠦ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠭᠡᠬᠦ ᠡᠨᠡ ᠬᠦ ᠭᠤᠤᠯ ᠠᠵᠢᠯ ᠪᠠ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠲᠥᠪ ᠬᠤᠷᠢᠶᠠᠨ ᠤ ᠲᠣᠳᠣᠷᠬᠠᠶ ᠲᠣᠭᠲᠠᠭᠠᠭᠰᠠᠨ ᠬᠠᠷᠠᠯᠲᠠ ᠡᠭᠦᠷᠭᠡ᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠭᠤᠤᠯ ᠰᠢᠪᠲᠤᠯᠬᠤ ᠴᠢᠭᠯᠡᠯ ᠲᠠᠢ ᠨᠢᠭᠲᠠ ᠤᠶᠠᠯᠳᠤᠭᠤᠯᠤᠨ᠂ ᠴᠠᠭ ᠦᠶ᠎ᠡ ᠶᠢᠨ ᠬᠥᠭᠵᠢᠯᠲᠡ ᠶᠢᠨ ᠰᠤᠳᠠᠰᠤ ᠪᠠ ᠡᠯ᠎ᠡ ᠭᠠᠵᠠᠷ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃            ᠶᠡᠷᠦᠩᠬᠡᠶ ᠱᠦᠵᠢ ᠰᠢ ᠶᠢᠨ ᠫᠢᠩ᠄ ︽ᠳᠤᠲᠠᠭᠤ ᠳᠣᠷᠭᠤᠨ ᠬᠢᠬᠦ ᠪᠣᠯ ᠬᠡᠯᠪᠡᠷᠢ ᠶᠢ ᠨᠢ ᠬᠤᠪᠢᠷᠠᠭᠤᠯᠤᠨ ᠦᠭᠡᠷᠡᠳᠦᠭᠦᠯᠵᠦ ᠪᠠᠶᠢᠭ᠎ᠠ ᠶᠠᠪᠤᠳᠠᠯ ᠮᠥᠨ᠂ ᠱᠠᠲᠤ ᠱᠠᠲᠤ ᠪᠠᠷ ᠨᠡᠮᠡᠭᠦ ᠪᠤᠯ ᠪᠠᠰᠠ ᠴᠤ ᠬᠡᠯᠪᠡᠷᠢ ᠶᠢ ᠨᠢ ᠬᠤᠪᠢᠷᠠᠭᠤᠯᠤᠨ ᠦᠭᠡᠷᠡᠳᠦᠭᠦᠯᠵᠦ ᠪᠠᠶᠢᠭ᠎ᠠ ᠶᠠᠪᠤᠳᠠᠯ ᠮᠥᠨ᠃ ᠵᠠᠩᠭᠢᠯᠠᠭ᠎ᠠ ᠨᠢ ᠡᠴᠦᠰ ᠤᠨ ᠦᠷ᠎ᠡ ᠪᠦᠲᠦᠮᠵᠢ ᠨᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠵᠣᠷᠢᠯᠲᠠ ᠳᠤ ᠨᠡᠶᠢᠴᠡᠬᠦ ᠬᠡᠷᠡᠭᠲᠡᠢ︾ ᠭᠡᠵᠦ ᠴᠢᠬᠤᠯᠠᠴᠢᠯᠠᠪᠠ᠃ ᠡᠨᠡ ᠨᠢ ᠲᠡᠷᠡ ᠶᠤᠰᠤᠭᠠᠷ ᠨᠢ ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠪᠦᠷᠢᠨ ᠪᠦᠲᠦᠨ ᠵᠦᠪ ᠣᠨᠣᠪᠴᠢᠲᠠᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠡᠷᠡᠭᠵᠢᠭᠦᠯᠬᠦ ᠳᠡᠭᠡᠨ ᠬᠡᠯᠪᠡᠶᠢᠯᠭᠡᠭᠦ ᠦᠭᠡᠢ᠂ ᠬᠤᠪᠢᠷᠠᠭᠤᠯᠬᠤ ᠦᠭᠡᠢ᠂ ᠦᠭᠡᠷᠡᠳᠦᠭᠦᠯᠭᠦ ᠦᠭᠡᠢ ᠪᠠᠶᠢᠬᠤ ᠶᠢ ᠪᠠᠲᠤᠯᠠᠬᠤ ᠪᠠᠷ ᠪᠠᠷᠠᠬᠤ ᠦᠭᠡᠢ ᠪᠠᠰᠠ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ᠂ ᠪᠦᠲᠦᠭᠡᠯᠴᠢ ᠴᠢᠨᠠᠷᠲᠠᠢ  ᠠᠵᠢᠯ ᠢᠶᠠᠷ  ᠨᠠᠮ ᠤᠨ  ᠲᠥᠪ  ᠬᠤᠷᠢᠶᠠᠨ ᠤ  ᠰᠢᠢᠳᠪᠦᠷᠢᠲᠦ  ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠳᠡᠭ ᠢ ᠪᠢᠳᠡᠨ ᠳᠤ ᠬᠡᠯᠡᠵᠦ ᠥᠭᠴᠡᠢ᠃ ᠬᠡᠯᠪᠡᠷᠢ ᠶᠢ ᠨᠢ ᠬᠤᠪᠢᠷᠠᠭᠤᠯᠤᠨ ᠥᠭᠡᠷᠡᠲᠦᠭᠦᠯᠵᠦ᠂ ᠰᠠᠶᠢᠨ ᠨᠣᠮᠯᠠᠯ ᠢ ᠭᠠᠵᠢᠭᠤᠳᠠᠭᠤᠯᠬᠤ ᠶᠠᠪᠤᠳᠠᠯ ᠢ ᠨᠢᠭᠡ ᠯᠡ ᠦᠭᠡ ᠪᠠᠷ ᠬᠡᠯᠡᠪᠡᠯ ᠬᠡᠯᠪᠡᠷᠢᠴᠢ ᠦᠵᠡᠯ᠂ ᠨᠣᠶᠠᠨᠴᠢ ᠰᠤᠷᠲᠠᠯ ᠠᠴᠠ ᠪᠣᠯᠤᠭᠰᠠᠨ ᠶᠤᠮ᠂ ᠡᠨᠡ ᠪᠣᠯ ᠠᠵᠢᠯ ᠢᠶᠠᠨ ᠦᠯᠦ ᠬᠢᠬᠦ᠂ ᠳᠤᠷ᠎ᠠ ᠪᠠᠷ ᠢᠶᠠᠨ ᠬᠢᠬᠦ ᠶᠠᠪᠤᠳᠠᠯ ᠪᠠᠶᠢᠵᠤ᠂ ᠨᠠᠮ ᠪᠠ ᠤᠯᠤᠰ ᠤᠨ ᠠᠵᠢᠯ ᠦᠢᠯᠡᠰ ᠢ ᠰᠠᠭᠠᠳᠠᠭᠠᠵᠤ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠶᠢ ᠬᠤᠬᠢᠷᠠᠭᠤᠯᠵᠤ᠂ ᠬᠤᠣᠷ ᠬᠥᠨᠥᠭᠡᠯ ᠨᠢ ᠲᠤᠶᠢᠯ ᠤᠨ ᠶᠡᠭᠡ ᠶᠤᠮ᠃ ᠵᠠᠷᠯᠢᠭ ᠪᠠᠶᠢᠲᠠᠯ᠎ᠠ ᠬᠡᠷᠡᠭᠵᠢᠭᠦᠯᠬᠦ ᠦᠭᠡᠢ᠂ ᠴᠠᠭᠠᠵᠠᠯᠠᠵᠤ ᠪᠠᠶᠢᠲᠠᠯ᠎ᠠ ᠵᠣᠭᠰᠣᠬᠤ ᠦᠭᠡᠢ ᠪᠠᠶᠢᠬᠤ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ  ᠣᠨᠣᠪᠴᠢᠲᠠᠢ  ᠢᠯᠡᠷᠡᠭᠦᠯᠵᠦ᠂ ᠲᠤᠤᠱᠯᠠᠭᠤᠯᠤᠨ ᠬᠡᠷᠡᠭᠵᠢᠭᠦᠯᠬᠦ ᠳᠤᠮᠳᠠᠬᠢ ᠲᠦᠭᠵᠢᠷᠡᠯ ᠪᠠ ᠬᠦᠴᠢᠷ ᠠᠰᠠᠭᠤᠳᠠᠯ ᠢ ᠦᠨᠡᠨ ᠬᠦ  ᠢ  ᠰᠢᠯᠤᠭᠤᠳᠬᠠᠨ ᠰᠢᠢᠳᠪᠦᠷᠢᠯᠡᠵᠦ᠂ ᠨᠠᠮ ᠤᠨ ᠲᠥᠪ ᠬᠤᠷᠢᠶᠠᠨ ᠤ ᠰᠠᠨᠠᠭᠠᠴᠢᠯᠠᠭ᠎ᠠ ᠶᠢ ᠡᠷᠡᠰ ᠴᠤᠤᠷᠢᠶᠠᠲᠤᠨ ᠲᠠᠭᠠᠵᠦ᠂ ᠨᠠᠮ ᠤᠨ ᠲᠥᠪ ᠬᠤᠷᠢᠶᠠᠨ ᠤ ᠲᠣᠭᠲᠠᠭᠠᠯ ᠢ ᠡᠷᠡᠰ ᠬᠡᠷᠡᠭᠵᠢᠭᠦᠯᠵᠦ᠂ ᠨᠠᠮ ᠤᠨ ᠲᠥᠪ ᠬᠤᠷᠢᠶᠠᠨ ᠤ ᠴᠠᠭᠠᠵᠠᠯᠠᠭᠰᠠᠨ ᠢ ᠡᠷᠡᠰ ᠬᠢᠬᠦ ᠦᠭᠡᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃            ︽ᠵᠥᠪ ᠪᠠᠶᠢᠯᠳᠤᠬᠤ ᠪᠤᠳᠤᠯᠭ᠎ᠠ ᠶᠢ ᠵᠥᠪ ᠪᠠᠶᠢᠯᠳᠤᠬᠤ ᠠᠷᠭ᠎ᠠ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠬᠦ ᠬᠡᠷᠡᠭᠲᠡᠢ᠂ ᠨᠠᠶᠢᠳᠠᠪᠤᠷᠢᠵᠢᠭᠤᠯᠪᠠᠯ ᠰᠠᠶ᠋ᠢ ᠠᠮᠵᠢᠯᠲᠠ ᠪᠦᠲᠦᠮᠵᠢ ᠭᠠᠷᠭᠠᠵᠤ᠂ ᠬᠡᠷᠡᠭᠵᠢᠭᠦᠯᠪᠡᠯ ᠰᠠᠶ᠋ᠢ ᠦᠷ᠎ᠡ ᠪᠦᠲᠦᠮᠵᠢ ᠣᠯᠵᠤ ᠴᠢᠳᠠᠨ᠎ᠠ᠃ ᠶᠠᠮᠠᠷᠪᠠ ᠨᠢᠭᠡᠨ ᠠᠵᠢᠯ ᠢ ᠬᠢᠬᠦ ᠳᠤ ᠪᠢᠳᠡ ᠬᠠᠰᠢ ᠶᠠᠰᠢ ᠪᠠᠷ ᠬᠠᠨᠳᠤᠵᠤ᠂ ᠪᠠᠷᠰ ᠤᠨ ᠲᠣᠯᠣᠭᠠᠢ ᠪᠠᠷ ᠡᠬᠢᠯᠡᠭᠡᠳ ᠮᠣᠭᠠᠢ ᠶᠢᠨ ᠰᠡᠭᠦᠯ ᠢᠶᠠᠷ ᠳᠠᠭᠤᠰᠬᠠᠵᠤ ᠪᠣᠯᠬᠤ ᠦᠭᠡᠢ᠂ ᠬᠠᠷᠢᠨ ᠦᠨᠡᠨ ᠬᠦ ᠠᠳᠬᠤᠨ ᠪᠣᠳᠠᠲᠠᠢ ᠪᠠᠷ ᠬᠢᠵᠦ᠂ ᠰᠠᠶᠢᠲᠤᠷ ᠬᠢᠵᠦ ᠰᠠᠶᠢᠲᠤᠷ ᠪᠦᠲᠦᠭᠡᠬᠦ ᠬᠡᠷᠡᠭᠲᠡᠢ︾᠃ ᠰᠢᠨ᠎ᠡ ᠠᠶᠠᠨ ᠳᠤ᠂ ᠪᠢᠳᠠ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠨᠡᠨ ᠬᠦ ᠠᠳᠬᠤᠬᠤ ᠪᠣᠳᠠᠲᠤ ᠬᠦᠴᠦᠨ᠂ ᠵᠣᠷᠢᠭᠲᠠᠢ ᠠᠳᠬᠤᠬᠤ ᠴᠢᠩᠭ᠎ᠠ ᠬᠦᠴᠦᠨ᠂ ᠴᠢᠳᠠᠮᠠᠭᠠᠢ ᠠᠳᠬᠤᠬᠤ ᠤᠷᠠᠨ ᠬᠦᠴᠦᠨ᠂ ᠪᠠᠶᠢᠩᠭᠤ ᠠᠳᠬᠤᠬᠤ ᠬᠠᠳᠠᠨ ᠵᠣᠷᠢᠭ ᠢᠶᠠᠷ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ  ᠪᠠᠶᠢᠷᠢᠯᠠᠭᠤᠯᠤᠯᠲᠠ ᠶᠢ  ᠲᠡᠷᠡ  ᠶᠣᠰᠣᠭᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠯᠬᠤᠮ ᠠᠯᠬᠤᠮ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠶᠢᠨ ᠰᠠᠶᠢᠬᠠᠨ ᠵᠢᠷᠤᠭ ᠲᠥᠰᠦᠪ ᠢ ᠪᠣᠳᠠᠲᠤ ᠠᠬᠤᠢ ᠪᠣᠯᠭᠠᠨ ᠬᠤᠪᠢᠷᠠᠭᠤᠯᠰᠤᠭᠠᠢ᠃
ᠢᠷᠡᠯᠲᠡ᠄ ᠠᠷᠠᠳ ᠤᠨ ᠮᠤᠩᠭᠤᠯ ᠰᠦᠯᠵᠢᠶ᠎ᠡ