ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠭᠠᠭᠴᠠᠭᠠᠷᠳᠠᠬᠤ ᠭᠡᠮ ᠤᠨ ᠰᠤᠷᠭᠠᠨ ᠬᠥᠮᠦᠵᠢᠯ ᠤᠨ ᠰᠤᠳᠤᠯᠭᠠᠨ ᠤ ᠵᠢᠯᠣᠭᠤᠳᠤᠭᠴᠢ ᠪᠠᠭᠰᠢ ᠶᠢᠨ ᠠᠵᠢᠯᠯᠠᠬᠤ ᠲᠠᠰᠤᠭ ᠪᠠᠶᠢᠭᠤᠯᠤᠭᠳᠠᠯ᠎ᠠ
ᠨᠡᠶᠢᠲᠡᠯᠡᠭᠰᠡᠨ ᠴᠠᠭ᠄
2024/1/30
       ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠤᠭ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠨᠠᠨᠵᠢᠩ ᠤᠨ ᠣᠨᠴᠠᠭᠠᠶ ᠰᠤᠷᠭᠠᠨ ᠬᠥᠮᠦᠵᠢᠯ ᠤᠨ ᠪᠠᠭᠰᠢ ᠶᠢᠨ ᠳᠡᠭᠡᠳᠦ ᠰᠤᠷᠭᠠᠭᠤᠯᠢ ᠪᠣᠯᠣᠨ ᠣᠷᠳᠣᠰ ᠬᠤᠲᠠ ᠶᠢᠨ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠬᠠᠮᠲᠤᠷᠠᠨ ᠣᠷᠳᠣᠰ ᠬᠤᠲᠠ ᠳᠤ ᠭᠠᠭᠴᠠᠭᠠᠷᠳᠠᠬᠤ ᠭᠡᠮ ᠤᠨ ᠰᠤᠷᠭᠠᠨ ᠬᠥᠮᠦᠵᠢᠯ ᠤᠨ ᠰᠤᠳᠤᠯᠭᠠᠨ ᠤ ᠵᠢᠯᠣᠭᠤᠳᠤᠭᠴᠢ ᠪᠠᠭᠰᠢ ᠶᠢᠨ ᠠᠵᠢᠯᠯᠠᠬᠤ ᠲᠠᠰᠤᠭ ᠪᠠᠶᠢᠭᠤᠯᠪᠠ᠃ ᠡᠨᠡ ᠪᠣᠯ ᠮᠠᠨ ᠤ ᠣᠷᠣᠨ ᠤ ᠠᠩᠬᠠᠳᠠᠭᠴᠢ ᠭᠠᠭᠴᠠᠭᠠᠷᠳᠠᠬᠤ ᠭᠡᠮ ᠤᠨ ᠰᠤᠷᠭᠠᠨ ᠬᠥᠮᠦᠵᠢᠯ ᠤᠨ ᠰᠤᠳᠤᠯᠭᠠᠨ ᠤ ᠵᠢᠯᠣᠭᠤᠳᠤᠭᠴᠢ ᠪᠠᠭᠰᠢ ᠶᠢᠨ ᠠᠵᠢᠯᠯᠠᠬᠤ ᠲᠠᠰᠤᠭ ᠪᠤᠯᠬᠤ ᠪᠥᠭᠡᠳ ᠨᠠᠨᠵᠢᠩ ᠤᠨ ᠣᠨᠴᠠᠭᠠᠶ ᠰᠤᠷᠭᠠᠨ ᠬᠥᠮᠦᠵᠢᠯ ᠤᠨ ᠪᠠᠭᠰᠢ ᠶᠢᠨ ᠳᠡᠭᠡᠳᠦ ᠰᠤᠷᠭᠠᠭᠤᠯᠢ ᠶᠢᠨ ᠮᠠᠨ ᠤ ᠣᠷᠣᠨ ᠳᠠᠬᠢ ᠠᠩᠬᠠᠳᠠᠭᠴᠢ ᠰᠤᠷᠭᠠᠨ ᠬᠥᠮᠦᠵᠢᠯ ᠤᠨ ᠳᠠᠳᠤᠯᠭ᠎ᠠ ᠶᠢᠨ ᠰᠠᠭᠤᠷᠢᠨ ᠪᠣᠯᠣᠨ᠎ᠠ᠃       ᠣᠶᠢᠯᠠᠭᠠᠭᠰᠠᠨ ᠢᠶᠠᠷ᠂ ᠨᠠᠨᠵᠢᠩ ᠤᠨ ᠣᠨᠴᠠᠭᠠᠶ ᠰᠤᠷᠭᠠᠨ ᠬᠥᠮᠦᠵᠢᠯ ᠤᠨ ᠪᠠᠭᠰᠢ ᠶᠢᠨ ᠳᠡᠭᠡᠳᠦ ᠰᠤᠷᠭᠠᠭᠤᠯᠢ ᠪᠣᠯ ᠰᠤᠷᠭᠠᠨ ᠬᠥᠮᠦᠵᠢᠯ ᠤᠨ ᠶᠠᠮᠤᠨ ᠠᠴᠠ 1982 ᠣᠨ ᠳᠤ ᠡᠭᠦᠰᠬᠡᠨ ᠪᠠᠶᠢᠭᠤᠯᠤᠭᠰᠠᠨ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠬᠡᠦᠬᠡᠳ ᠤᠨ ᠰᠠᠭᠤᠷᠢ ᠮᠥᠩᠭᠦᠨ ᠤ ᠨᠡᠶᠢᠭᠡᠮᠯᠢᠭ ᠠᠴᠠ ᠳᠡᠮᠵᠢᠯᠭᠡ ᠦᠵᠡᠭᠦᠯᠵᠦ ᠪᠠᠶᠢᠭ᠎ᠠ ᠪᠦᠭᠦ ᠤᠯᠤᠰ ᠤᠨ ᠴᠣᠷ ᠤᠨ ᠭᠠᠭᠴᠠ ᠲᠤᠰᠠᠭᠠᠷ ᠪᠠᠶᠢᠭᠤᠯᠤᠮᠵᠢ ᠪᠠᠶᠢᠵᠤ᠂ ᠣᠨᠴᠠᠭᠠᠶ ᠰᠤᠷᠭᠠᠨ ᠬᠥᠮᠦᠵᠢᠯ ᠤᠨ ᠪᠠᠭᠰᠢ ᠬᠥᠮᠥᠵᠢᠭᠦᠯᠬᠦ ᠪᠠᠷ ᠭᠤᠣᠯ ᠪᠤᠯᠭᠠᠬᠰᠠᠨ᠂ ᠵᠡᠮᠳᠡᠭᠴᠦᠳ ᠤᠨ ᠦᠢᠯᠡᠰ ᠤᠨ ᠲᠤᠰᠬᠠᠢ ᠴᠢᠳᠠᠪᠤᠷᠢᠲᠠᠨ ᠢ ᠬᠥᠮᠥᠵᠢᠭᠦᠯᠬᠦ ᠡᠩ ᠤᠨ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠪᠣᠯᠣᠨ᠎ᠠ᠃       ᠬᠤᠶᠢᠰᠢᠳᠠ ᠶᠢᠨ 3 ᠵᠢᠯ ᠳᠤ᠂ ᠠᠵᠢᠯᠯᠠᠬᠤ ᠲᠠᠰᠤᠭ 4 ᠱᠠᠲᠤ ᠬᠤᠪᠢᠶᠠᠨ ᠰᠤᠳᠤᠯᠭᠠᠨ ᠥᠷᠨᠢᠭᠦᠯᠵᠦ᠂ ᠭᠠᠭᠴᠠᠭᠠᠷᠳᠠᠬᠤ ᠭᠡᠮ ᠤᠨ ᠡᠷᠡᠭᠦᠯᠵᠢᠯ᠂ ᠰᠤᠳᠤᠯᠭᠠᠨ᠂ ᠰᠤᠷᠭᠠᠨ ᠬᠥᠮᠦᠵᠢᠯ᠂ ᠠᠵᠢᠯ ᠣᠯᠭᠤᠯᠲᠠ ᠶᠢ ᠨᠢᠭᠡ ᠴᠣᠭᠴᠠᠵᠢᠭᠤᠯᠬᠤ ᠪᠠᠷ ᠴᠢᠭᠯᠡᠯ ᠪᠤᠯᠭᠠᠵᠤ᠂ ᠭᠠᠭᠴᠠᠭᠠᠷᠳᠠᠬᠤ ᠭᠡᠮ ᠤᠨ ᠰᠤᠷᠭᠠᠨ ᠬᠥᠮᠦᠵᠢᠯ ᠤᠨ ᠰᠤᠳᠤᠯᠭᠠᠨ᠂ ᠠᠭᠤᠰᠤᠯᠴᠠᠭᠰᠠᠨ ᠰᠤᠷᠭᠠᠨ ᠬᠥᠮᠦᠵᠢᠯ ᠤᠨ ᠰᠤᠳᠤᠯᠭᠠᠨ᠂ ᠭᠠᠭᠴᠠᠭᠠᠷᠳᠠᠬᠤ ᠭᠡᠮ ᠤᠨ ᠠᠵᠢᠯ ᠣᠯᠭᠤᠯᠲᠠ ᠶᠢᠨ ᠰᠤᠳᠤᠯᠭᠠᠨ ᠤ ᠪᠦᠲᠦᠮᠵᠢᠲᠡᠶ ᠥᠷᠨᠢᠯᠲᠡ ᠶᠢ ᠠᠬᠢᠭᠤᠯᠵᠤ᠂ ᠭᠠᠭᠴᠠᠭᠠᠷᠳᠠᠬᠤ ᠭᠡᠮ ᠤᠨ ᠰᠤᠷᠭᠠᠨ ᠬᠥᠮᠦᠵᠢᠯ ᠬᠢᠭᠡᠳ ᠠᠵᠢᠯ ᠣᠯᠭᠤᠯᠲᠠ ᠶᠢᠨ ᠰᠤᠳᠤᠯᠭᠠᠨ ᠤ ᠲᠤᠷᠰᠢᠯᠭ᠎ᠠ᠂ ᠣᠨᠴᠠᠯᠢᠭ ᠢ ᠪᠦᠷᠢᠯᠳᠦᠭᠦᠯᠬᠦ ᠶᠢᠨ ᠬᠠᠮᠲᠤ ᠲᠤᠰ ᠰᠤᠳᠤᠯᠭᠠᠨ ᠢᠶᠠᠨ ᠪᠠᠷᠠᠭᠤᠨ ᠣᠷᠣᠨ ᠳᠤ ᠳᠡᠯᠭᠡᠷᠡᠭᠦᠯᠬᠦ ᠪᠣᠯᠣᠨ᠎ᠠ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ